12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠪᠠᠷ ︽ᠲᠠᠪᠤ ᠶᠢ ᠲᠦᠢᠯᠪᠦᠷᠢᠳᠡᠢ ᠪᠠᠶᠢᠴᠠᠭᠠᠬᠤ︾ ᠠᠰᠠᠭᠤᠳᠠᠯ ᠢ ᠲᠤᠰᠬᠠᠵᠦ ᠰᠢᠢᠳᠪᠦᠷᠢᠯᠡᠬᠦ ᠠᠷᠭ᠎ᠠ ᠵᠠᠮ ᠢ ᠰᠢᠯᠤᠭᠤᠳᠬᠠᠬᠤ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2022/11/13
     ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠳᠠ ᠶᠣᠰᠣᠭᠠᠷ᠂ ᠮᠠᠨ ᠤ ᠬᠤᠲᠠ ᠶᠢᠨ ︽ᠲᠠᠪᠤ ᠶᠢ ᠲᠦᠢᠯᠪᠦᠷᠢᠳᠡᠢ ᠪᠠᠶᠢᠴᠠᠭᠠᠬᠤ︾ ᠠᠵᠢᠯᠯᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠤᠷᠤᠭᠰᠢᠲᠠᠢ ᠲᠦᠯᠬᠢᠨ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠨᠢᠭᠡᠨᠲᠡ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ ᠪᠠᠷ ︽ᠲᠠᠪᠤ ᠶᠢ ᠲᠦᠢᠯᠪᠦᠷᠢᠳᠡᠢ ᠪᠠᠶᠢᠴᠠᠭᠠᠬᠤ︾ ᠠᠰᠠᠭᠤᠳᠠᠯ ᠢ ᠲᠤᠰᠬᠠᠬᠤ ᠠᠷᠭ᠎ᠠ ᠵᠠᠮ ᠢ ᠨᠡᠪᠲᠡᠷᠡᠭᠦᠯᠵᠦ᠂ 2016 ᠣᠨ ᠠᠴᠠ ᠨᠠᠭᠠᠰᠢᠬᠢ ︽ᠲᠠᠪᠤ ᠶᠢ ᠲᠦᠢᠯᠪᠦᠷᠢᠳᠡᠢ ᠪᠠᠶᠢᠴᠠᠭᠠᠬᠤ︾ ᠬᠦᠷᠢᠶ᠎ᠡ ᠬᠡᠪᠴᠢᠶᠡᠨ ᠳᠠᠬᠢ ᠬᠠᠮᠢᠶ᠎ᠠ ᠪᠦᠬᠦᠢ ᠠᠰᠠᠭᠤᠳᠠᠯ ᠤᠨ ᠬᠦᠰᠡᠯ ᠱᠠᠭᠠᠷᠳᠠᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠪᠠᠷ ᠪᠣᠯᠪᠠ᠃ ᠣᠳᠣ ᠳᠣᠣᠷᠠᠬᠢ ᠮᠡᠲᠦ ᠵᠠᠷᠯᠠᠶ᠎ᠠ᠄      ᠨᠢᠭᠡ᠂ ᠬᠦᠯᠢᠶᠡᠨ ᠠᠪᠬᠤ ᠴᠠᠭ      ᠬᠤᠲᠠ ᠶᠢᠨ ᠠᠷᠠᠳ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠤᠲᠠᠰᠤᠳᠠᠬᠤ ᠪᠤᠶᠤ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠬᠦᠰᠡᠯ ᠱᠠᠭᠠᠷᠳᠠᠯᠭ᠎ᠠ ᠪᠠᠨ ᠲᠤᠰᠬᠠᠵᠦ ᠪᠤᠯᠤᠨ᠎ᠠ᠂ ᠬᠠᠯᠠᠮᠰᠢᠯ ᠤᠲᠠᠰᠤ ᠶᠢᠨ ᠲᠠᠪᠴᠠᠩ ᠨᠢ ᠪᠦᠬᠦᠯᠢ ᠡᠳᠦᠷ ᠤᠨ 24 ᠴᠠᠭ ᠢᠶᠠᠷ ᠦᠢᠯᠡᠴᠢᠯᠡᠭᠡ ᠬᠠᠩᠭᠠᠨ᠎ᠠ᠃          ᠬᠤᠶᠠᠷ᠂ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ     ︵ᠨᠢᠭᠡ︶ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠬᠠᠮᠢᠶ᠎ᠠ ᠪᠦᠬᠦᠢ ᠠᠰᠠᠭᠤᠳᠠᠯ᠄ ᠭᠤᠤᠯᠳᠠᠭᠤ ᠭᠠᠵᠠᠷ ᠰᠢᠷᠣᠶ ᠶᠢ ᠤᠷᠢᠳᠴᠢᠯᠠᠨ ᠬᠢᠨᠠᠬᠤ᠂ ᠡᠨᠧᠷᠭᠢ ᠶᠢᠨ ᠦᠨᠡᠯᠡᠯᠲᠡ ᠬᠢᠬᠦ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ᠂ ᠤᠰᠤ ᠲᠠᠲᠠᠬᠤ᠂ ᠬᠥᠷᠥᠰᠥ ᠰᠢᠷᠣᠶ ᠶᠢ ᠬᠠᠮᠠᠭᠠᠯᠠᠬᠤ᠂ ᠣᠶ ᠮᠣᠳᠣᠨ ᠤ ᠭᠠᠵᠠᠷ ᠢ ᠲᠠᠲᠠᠪᠤᠷᠢᠯᠠᠨ ᠡᠵᠡᠯᠡᠬᠦ᠂ ᠡᠪᠡᠰᠦᠲᠦ ᠭᠠᠵᠠᠷ ᠢ ᠲᠠᠲᠠᠪᠤᠷᠢᠯᠠᠨ ᠡᠵᠡᠯᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠵᠡᠷᠭᠡ ᠪᠤᠶ ᠪᠦᠬᠦᠢ ᠲᠥᠷᠥᠯ ᠵᠦᠢᠯ ᠤᠨ ᠠᠵᠢᠯ ᠡᠬᠢᠯᠡᠭᠦᠯᠬᠦ ᠠᠴᠠ ᠡᠮᠦᠨ᠎ᠡ ᠭᠦᠢᠴᠡᠳᠬᠡᠬᠦ ᠭᠠᠷᠳᠠᠮ ᠢ ᠪᠠᠭᠲᠠᠭᠠᠨ᠎ᠠ᠃     ︵ᠬᠤᠶᠠᠷ︶ ︽ᠬᠠᠭᠠᠰ ᠳᠤᠲᠠᠭᠤ ᠤᠷᠬᠢᠭᠰᠠᠨ︾ ᠢᠨᠵᠧᠨᠧᠷᠢᠩ ᠤᠨ ᠬᠠᠮᠢᠶ᠎ᠠ ᠪᠥᠬᠦᠶ ᠠᠰᠠᠭᠤᠳᠠᠯ᠄ ᠭᠤᠤᠯᠳᠠᠭᠤ 2016 ᠣᠨ ᠠᠴᠠ ᠣᠲᠣ ᠪᠣᠯᠲᠠᠯᠠᠬᠢ ᠬᠤᠲᠠ ᠶᠢᠨ ᠲᠣᠰ ᠱᠠᠲᠤᠨ ᠤ ᠬᠢᠨᠠᠨ ᠵᠥᠪᠰᠢᠶᠡᠷᠡᠭᠰᠡᠨ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠣᠯᠠᠨ ᠨᠡᠶᠢᠲᠡ ᠶᠢᠨ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠭᠲᠠᠨ᠎ᠠ᠃      ︵ᠭᠤᠷᠪᠠ︶ ᠪᠥᠬᠦ ᠬᠤᠲᠠ ᠶᠢᠨ ᠡᠯ᠎ᠡ ᠲᠥᠷᠥᠯ ᠤᠨ ᠲᠤᠨᠤᠮᠠᠯ ᠪᠠᠯᠠ ᠮᠥᠩᠭᠦ ᠶᠢᠨ ᠬᠠᠮᠢᠶ᠎ᠠ ᠪᠥᠬᠦᠶ ᠠᠰᠠᠭᠤᠳᠠᠯ᠄ ᠭᠤᠤᠯᠳᠠᠭᠤ 2022 ᠣᠨ ᠤ 7 ᠰᠠᠷ᠎ᠠ ᠶᠢᠨ 31᠎ ᠤ ᠡᠳᠦᠷ ᠪᠣᠯᠲᠠᠯᠠᠬᠢ ᠪᠥᠬᠦ ᠬᠤᠲᠠ ᠶᠢᠨ ᠡᠯ᠎ᠡ ᠱᠠᠲᠤᠨ ᠤ ᠲᠥᠰᠦᠪ ᠤᠨ ᠰᠠᠯᠠᠭ᠎ᠠ ᠮᠥᠴᠢᠷ ︵ᠨᠢᠭᠡᠴᠢ︶᠎ ᠤᠨ ᠪᠣᠳᠠᠲᠠᠶ ᠪᠠᠶᠢᠭ᠎ᠠ ᠪᠠᠯᠠ ᠮᠥᠩᠭᠦ ᠶᠢᠨ ᠲᠠᠩᠰᠠᠨ ᠳᠠᠬᠢ ᠡᠯ᠎ᠡ ᠲᠥᠷᠥᠯ ᠤᠨ ᠪᠠᠯᠠ ᠮᠥᠩᠭᠦ ︵ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠪᠠᠭᠲᠠᠭᠠᠬᠤ ᠥᠬᠡᠶ︶᠂ ᠡᠯ᠎ᠡ ᠱᠠᠲᠤᠨ ᠤ ᠡᠳ᠋ ᠤᠨ ᠵᠠᠰᠠᠭ ᠠᠴᠠ ᠣᠷᠣᠯᠠᠨ ᠨᠠᠶᠢᠷᠠᠭᠤᠯᠤᠭᠰᠠᠨ ᠲᠥᠰᠦᠪ ᠤᠨ ᠪᠤᠰᠤ ᠨᠢᠭᠡᠴᠢ ︵ᠠᠵᠤ ᠠᠬᠤᠶᠢᠯᠠᠯ ᠢ ᠪᠠᠭᠲᠠᠭᠠᠬᠤ ᠥᠬᠡᠶ︶᠎ ᠶᠢᠨ ᠪᠣᠳᠠᠲᠠᠶ ᠪᠠᠶᠢᠭ᠎ᠠ ᠪᠠᠯᠠ ᠮᠥᠩᠭᠦ ᠶᠢᠨ ᠲᠠᠩᠰᠠᠨ ᠳᠠᠬᠢ ᠲᠣᠰ ᠱᠠᠲᠤᠨ ᠤ ᠡᠳ᠋ ᠤᠨ ᠵᠠᠰᠠᠭ ᠠᠴᠠ ᠪᠠᠭᠤᠯᠭᠠᠵᠦ ᠥᠭᠭᠦᠭᠰᠡᠨ ᠪᠠᠯᠠ ᠮᠥᠩᠭᠦ ︵ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠪᠠᠭᠲᠠᠭᠠᠬᠤ ᠥᠬᠡᠶ︶᠂ ᠡᠯ᠎ᠡ ᠬᠤᠰᠢᠭᠤ ᠰᠢᠶᠠᠨ ᠲᠣᠭᠤᠷᠢᠭ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠲᠡ ᠶᠢᠨ ᠣᠷᠣᠨ ︵ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶᠎ ᠤᠨ ᠬᠦᠷᠢᠶᠡᠨ ᠳᠠᠬᠢ ᠲᠤᠨᠤᠮᠠᠯ ᠪᠠᠯᠠ ᠮᠥᠩᠭᠦ ᠪᠠᠭᠲᠠᠨ᠎ᠠ᠃       ︵ᠳᠥᠷᠪᠡ︶ ᠪᠥᠬᠦ ᠬᠤᠲᠠ ᠶᠢᠨ ᠵᠥᠪᠰᠢᠶᠡᠷᠡᠭᠰᠡᠨ ᠠᠳᠠᠯ᠎ᠠ ᠬᠠᠩᠭᠠᠭᠠᠳᠤᠶ ᠵᠡᠷᠭᠡ ᠡᠯ᠎ᠡ ᠲᠥᠷᠥᠯ ᠤᠨ ᠰᠤᠯᠠ ᠪᠠᠶᠢᠭ᠎ᠠ ᠭᠠᠵᠠᠷ ᠰᠢᠷᠣᠶ ᠶᠢᠨ ᠬᠠᠮᠢᠶ᠎ᠠ ᠪᠥᠬᠦᠶ ᠠᠰᠠᠭᠤᠳᠠᠯ᠄ ᠭᠤᠤᠯᠳᠠᠭᠤ ᠭᠠᠵᠠᠷ ᠬᠠᠩᠭᠠᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠲᠠᠯ᠎ᠠ ᠭᠠᠵᠠᠷ ᠬᠠᠩᠭᠠᠭᠰᠠᠨ ᠥᠬᠡᠶ᠂ ᠵᠢᠴᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠭᠠᠳᠤᠶ᠂ ᠲᠠᠲᠠᠪᠤᠷᠢᠯᠠᠨ ᠨᠤᠷᠠᠭᠠᠵᠤ ᠨᠡᠭᠦᠯᠭᠡᠬᠦ ᠶᠢ ᠪᠡᠶᠡᠯᠡᠭᠦᠯᠦᠭᠰᠡᠨ ᠥᠬᠡᠶ ᠵᠡᠷᠭᠡ ᠰᠢᠯᠲᠠᠭᠠᠨ ᠠᠴᠠ ᠪᠣᠯᠵᠣ ᠵᠥᠪᠰᠢᠶᠡᠷᠡᠭᠰᠡᠨ ᠠᠲᠠᠯ᠎ᠠ ᠬᠠᠩᠭᠠᠭᠠᠳᠤᠶ ᠭᠠᠵᠠᠷ ᠰᠢᠷᠣᠶ ᠶᠢ ᠪᠠᠭᠲᠠᠭᠠᠨ᠎ᠠ ; ᠵᠠᠰᠠᠭ ᠤᠨ ᠣᠷᠳᠣᠨ ᠤ ᠰᠢᠯᠲᠠᠭᠠᠨ᠂ ᠠᠵᠤ ᠠᠬᠤᠶᠢᠯᠠᠯ ᠤᠨ ᠰᠢᠯᠲᠠᠭᠠᠨ ᠠᠴᠠ ᠪᠣᠯᠤᠭᠰᠠᠨ ᠰᠤᠯᠠ ᠪᠠᠶᠢᠭ᠎ᠠ ᠭᠠᠵᠠᠷ ᠰᠢᠷᠣᠶ᠃      ︵ᠲᠠᠪᠤ︶ ᠪᠤᠭᠤᠲᠤ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠨᠡᠭᠡᠭᠡᠯᠲᠡ ᠶᠢᠨ ᠣᠷᠣᠨ︶᠎ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠰᠠᠭᠤᠳᠠᠯ᠄ ᠭᠤᠤᠯᠳᠠᠭᠤ 2016 ᠣᠨ ᠠᠴᠠ ᠨᠠᠭᠠᠰᠢᠬᠢ ᠨᠡᠭᠡᠭᠡᠯᠲᠡ ᠶᠢᠨ ᠣᠷᠣᠨ ︵ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶᠎ ᠤᠨ ᠵᠥᠪᠰᠢᠶᠡᠷᠡᠭᠦᠯᠬᠦ ᠪᠠᠷ ᠬᠦᠯᠢᠶᠡᠵᠦ ᠪᠠᠶᠢᠭ᠎ᠠ ᠲᠥᠷᠥᠯ ᠵᠦᠢᠯ᠂ ᠲᠤᠨᠤᠮᠠᠯ ᠪᠠᠯᠠ ᠮᠥᠩᠭᠦ᠂ ᠵᠥᠪᠰᠢᠶᠡᠷᠡᠭᠡᠳ ᠬᠠᠩᠭᠠᠭᠰᠠᠨ ᠥᠬᠡᠶ᠂ ᠰᠤᠯᠠ ᠪᠠᠶᠢᠭ᠎ᠠ ᠭᠠᠵᠠᠷ ᠰᠢᠷᠣᠶ ᠪᠣᠯᠤᠨ ᠰᠠᠭᠤᠷᠢ ᠲᠦᠬᠦᠭᠡᠷᠦᠮᠵᠢ ᠶᠢᠨ ᠦᠯᠡᠳᠡᠭᠡᠯ ᠡᠳ᠋ ᠬᠥᠷᠥᠩᠭᠡ᠂ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ ᠪᠣᠯᠤᠨ ᠪᠥᠲᠥᠭᠡᠨ ᠪᠠᠶᠢᠭᠤᠯᠬᠤ ᠪᠠᠨ ᠵᠣᠭᠰᠣᠭᠰᠠᠨ ᠲᠥᠷᠥᠯ ᠵᠦᠢᠯ ᠵᠡᠷᠭᠡ ᠪᠠᠭᠲᠠᠨ᠎ᠠ᠃       ᠭᠤᠷᠪᠠ᠂ ᠬᠦᠯᠢᠶᠡᠨ ᠠᠪᠴᠦ ᠰᠢᠢᠳᠪᠦᠷᠢᠯᠡᠬᠦ ᠠᠷᠭ᠎ᠠ ᠵᠠᠮ       ︵ᠨᠢᠭᠡ︶ ᠪᠤᠭᠤᠳᠦ ᠬᠤᠳᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠭᠦᠮ ᠦᠵᠡᠭᠦᠯᠬᠦ ᠬᠠᠯᠠᠮᠰᠢᠯ ᠤᠳᠠᠰᠦ ᠶᠢᠨ ᠲᠠᠪᠴᠠᠩ      ︵ᠬᠤᠶᠠᠷ︶ ᠪᠤᠭᠤᠳᠦ ᠬᠤᠳᠠ ᠶᠢᠨ 12345 ᠵᠢᠷᠬᠢᠶ᠎ᠡ ᠶᠢᠨ ᠲᠠᠪᠴᠠᠩ       ︵ᠭᠤᠷᠪᠠ︶ ᠮᠦᠩᠭᠡ ᠰᠤᠪᠠᠭ APP ᠤᠨᠴᠠᠭᠠᠶᠢᠯᠠᠨ ᠮᠡᠳᠡᠭᠳᠡᠪᠡ           2022 ᠣᠨ ᠤ 8 ᠰᠠᠷ᠎ᠠ ᠶᠢᠨ 19᠎ ᠤ ᠡᠳᠦᠷ
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号