1. ᠳᠣᠷᠠᠳᠠᠢ ᠵᠦᠢᠯ ᠠᠴᠠ ᠪᠠᠨ ᠭᠠᠷᠳᠠᠨ᠎ᠠ᠃ ᠪᠡᠶ᠎ᠡ ᠪᠠᠨ ᠪᠠᠷᠢᠬᠤ ᠰᠠᠶᠢᠨ ᠳᠠᠳᠬᠠᠯ ᠲᠠᠢ ᠪᠣᠯᠣᠶ᠎ᠠ ᠭᠡᠪᠡᠯ᠂ | ᠥᠪᠡᠷ ᠤᠨ ᠳᠤᠷᠠᠲᠠᠢ ᠵᠦᠢᠯ ᠠᠴᠠ ᠪᠠᠨ ᠭᠠᠷᠳᠠᠵᠤ ᠬᠢᠬᠦ ᠬᠡᠷᠡᠭᠲᠡᠢ᠃ ᠨᠣᠮ ᠳᠤ ᠳᠤᠷᠠᠲᠠᠢ ᠬᠥᠮᠥᠨ ᠡᠷᠲᠡ | ᠪᠣᠰᠣᠭᠠᠳ ᠥᠷᠯᠥᠭᠡ ᠨᠢᠭᠡ ᠴᠠᠭ ᠨᠤᠮ ᠤᠩᠰᠢᠬᠤ ᠨᠢ ᠡᠩ ᠤᠨ ᠯᠠ ᠶᠠᠪᠤᠳᠠᠯ︔ ᠳᠠᠮᠢᠷ ᠰᠫᠤᠷᠲ ᠳᠤ ᠳᠤᠷᠠᠲᠠᠢ | ᠬᠥᠮᠥᠨ ᠬᠦᠶᠦᠵᠦ ᠪᠠᠶᠢᠭᠠᠳ ᠬᠥᠯᠥᠰᠦ ᠠᠰᠬᠠᠷᠠᠭᠤᠯᠬᠤ ᠳᠤ ᠦᠪᠡᠷ ᠲᠤᠨᠢ ᠵᠢᠷᠭᠠᠯ ᠲᠠᠢ ᠮᠡᠳᠡᠷᠡᠮᠵᠢ ᠥᠭᠬᠦᠨ᠎ᠡ᠃ | ᠡᠶᠢᠮᠦ ᠠᠴᠠ ᠪᠡᠶ᠎ᠡ ᠳᠡᠭᠡᠨ ᠲᠣᠬᠢᠷᠠᠬᠤ ᠦᠭᠡᠢ ᠵᠦᠢᠯ ᠢ ᠠᠯᠪᠠ ᠪᠠᠷ ᠬᠢᠬᠦ ᠶᠢᠨ ᠣᠷᠣᠨ ᠳᠤ ᠬᠠᠷᠢᠨ ᠳᠣᠷᠠᠳᠠᠢ | ᠵᠦᠢᠯ ᠢᠶᠠᠨ ᠣᠯᠵᠤ ᠠᠪᠤᠭᠠᠳ᠂ ᠪᠠᠷᠢᠮᠳᠠᠯᠠᠵᠦ ᠶᠠᠪᠤᠬᠤ ᠨᠢ ᠴᠢᠬᠤᠯᠠ᠃ | 2. ᠨᠠᠷᠢᠨ ᠨᠢᠮᠪᠠᠢ ᠬᠠᠷᠠᠯᠲᠠ ᠲᠠᠢ ᠪᠠᠶᠢᠬᠤ᠃ ᠡᠷᠲᠡ ᠤᠨᠲᠠᠵᠤ ᠡᠷᠲᠡ ᠪᠤᠰᠬᠤ ᠪᠠᠷ ᠵᠤᠷᠢᠭ ᠰᠢᠭᠤᠳᠣᠬᠰᠠᠨ | ᠪᠠᠶᠢᠳᠠᠯ᠎ᠠ ᠪᠠᠨ ᠤᠲᠠᠰᠤ ᠪᠠᠨ ᠪᠠᠷᠢᠬᠰᠠᠭᠠᠷ ᠪᠠᠶᠢᠭᠠᠳ ᠰᠦᠨᠢ ᠶᠢᠨ ᠬᠤᠶᠠᠷ ᠴᠠᠭ ᠪᠤᠯᠭᠠᠴᠢᠬᠠᠨ᠎ᠠ︔ ᠬᠡᠳᠦᠨ ᠨᠣᠮ | ᠤᠩᠰᠢᠬᠤ ᠰᠠᠨᠠᠭᠠᠳᠠᠢ ᠪᠠᠶᠢᠬᠰᠠᠨ ᠴᠦ ᠺᠢᠨᠤ᠋ ᠵᠦᠴᠦᠭᠡ ᠬᠦᠭᠡᠭᠡᠭᠡᠳ ᠶᠠᠪᠤᠴᠢᠬᠠᠨ᠎ᠠ ᠁ ᠳᠡᠭᠦᠨ ᠤ ᠤᠴᠢᠷ ᠨᠢ | ᠲᠠ ᠠᠮᠢᠳᠣᠷᠠᠯ ᠳᠠᠭᠠᠨ ᠪᠤᠳᠠᠳᠠᠢ ᠪᠠᠷ ᠨᠠᠷᠢᠨ ᠬᠠᠷᠠᠯᠲᠠ ᠳᠣᠭᠳᠠᠭᠠᠭᠠ ᠦᠭᠡᠢ ᠳᠤ ᠪᠠᠶᠢᠨ᠎ᠠ᠃ ᠶᠡᠭᠡ ᠶᠢ ᠬᠢᠬᠦ ᠳᠤ | ᠴᠦ ᠠᠳᠠᠯᠢᠬᠠᠨ ᠪᠠᠭ᠎ᠠ ᠪᠠᠭ᠎ᠠ ᠬᠠᠷᠠᠯᠲᠠ ᠪᠠᠨ ᠨᠠᠷᠢᠨ ᠪᠣᠳᠠᠲᠠᠢ ᠳᠤᠭᠳᠠᠭᠠᠨ ᠭᠡᠷᠡᠭᠵᠢᠬᠦᠯᠵᠦ ᠴᠢᠳᠠᠪᠠᠯ᠂ | ᠶᠠᠪᠤᠭᠠᠨ ᠳᠠᠭᠠᠨ ᠳᠦᠷᠢᠮᠵᠢᠬᠦ ᠪᠤᠯᠤᠨ᠎ᠠ᠃ | 3. ᠪᠣᠯᠣᠮᠵᠢ ᠦᠭᠡᠢ ᠬᠠᠷᠠᠯᠲᠠ ᠠᠴᠠ ᠲᠠᠲᠠᠭᠠᠯᠵᠠᠬᠤ᠃ ᠠᠮᠢᠳᠤᠷᠠᠯ ᠳᠤᠮᠳᠠ᠂ ᠣᠯᠠᠨ ᠬᠦᠮᠦᠰ ᠤᠴᠢᠷ | ᠶᠠᠪᠤᠳᠠᠯ ᠳᠤ ᠪᠠᠷᠰ ᠤᠨ ᠳᠣᠯᠣᠭᠠᠢ ᠪᠠᠷ ᠡᠬᠢᠯᠡᠬᠡᠳ᠂ ᠮᠤᠭᠠᠢ ᠶᠢᠨ ᠰᠡᠬᠦᠯ ᠢᠶᠠᠷ ᠳᠠᠭᠤᠰᠬᠠᠳᠠᠭ᠃ ᠡᠨᠡ ᠨᠢ | ᠪᠡᠶ᠎ᠡ ᠳᠡᠭᠡᠨ ᠬᠡᠳᠦᠷᠭᠡᠢ ᠦᠨᠳᠦᠷ ᠪᠠᠷᠢᠮᠵᠢᠶ᠎ᠠ ᠳᠠᠯᠪᠢᠬᠰᠠᠨ ᠠᠴᠠ ᠪᠣᠯᠤᠭᠰᠠᠨ ᠪᠠᠶᠢᠵᠤ ᠮᠡᠳᠡᠨ᠎ᠡ᠃ ᠵᠠᠷᠢᠮ ᠬᠥᠮᠥᠨ | ᠰᠠᠷ᠎ᠠ ᠳᠤ 20 ᠵᠢᠩ ᠰᠢᠭᠤᠷᠠᠬᠤ ᠱᠠᠭᠠᠷᠳᠠᠯᠭ᠎ᠠ ᠪᠡᠶᠡᠨ ᠳᠡᠭᠡᠨ ᠳᠠᠯᠪᠢᠳᠠᠭ ᠴᠦ ᠡᠨᠡ ᠬᠡᠴᠡᠬᠦᠦ ᠬᠠᠷᠠᠯᠲᠠ ᠶᠢ | ᠪᠡᠶᠡᠯᠡᠭᠦᠯᠬᠦ ᠠᠴᠠ ᠤᠷᠬᠢᠬᠤ ᠳᠤ ᠨᠡᠩ ᠠᠮᠠᠷᠬᠠᠨ ᠪᠠᠶᠢᠳᠠᠭ ᠶᠤᠮ᠃ ᠢᠩᠬᠢᠬᠦ ᠶᠢᠨ ᠣᠷᠣᠨ ᠳᠤ ᠬᠠᠷᠢᠨ ᠡᠳᠦᠷ | ᠪᠦᠷᠢ 20 ᠮᠢᠨᠦ᠋ᠲ ᠬᠦᠶᠦᠵᠦ ᠪᠠᠶᠢᠬᠤ ᠨᠢ ᠠᠮᠠᠷᠬᠠᠨ ᠪᠡᠶᠡᠯᠡᠭᠳᠡᠬᠦ ᠮᠦᠷᠳᠡᠬᠡᠨ ᠡᠨᠡ ᠨᠢ ᠪᠠᠶᠢᠩᠭᠤ ᠪᠠᠷᠢᠮᠲᠠᠯᠠᠵᠤ | ᠴᠢᠳᠠᠬᠤ ᠪᠠᠷᠢᠮᠵᠢᠶ᠎ᠠ ᠶᠤᠮ᠃ | 4. ᠲᠣᠭᠲᠠᠮᠠᠯ ᠬᠤᠭᠤᠴᠠᠭ᠎ᠠ ᠲᠠᠢ ᠳ᠋ᠦᠩᠨᠡᠯᠳᠡ ᠬᠢᠬᠦ᠃ ᠪᠡᠶᠡᠨ ᠳᠡᠭᠡᠨ ᠪᠠᠶᠢᠩᠭᠤ ᠳ᠋ᠦᠩᠨᠡᠯᠳᠡ ᠬᠢᠵᠦ᠂ | ᠣᠯᠵᠦ ᠠᠯᠳᠠᠬᠰᠠᠨ ᠢᠶᠠᠨ ᠳᠣᠩᠭᠠᠬᠤ ᠨᠢ ᠥᠪᠡᠷ ᠢ ᠪᠠᠨ ᠬᠦᠭᠵᠢᠬᠦᠯᠬᠦ ᠶᠢᠨ ᠴᠢᠬᠤᠯᠠ ᠨᠢᠬᠡ ᠳᠠᠯ᠎ᠠ ᠮᠦᠨ᠃ | 5. ᠠᠮᠵᠢᠯᠳᠠ ᠳᠤ ᠬᠦᠷᠬᠦ ᠳᠤ ᠶᠠᠭᠠᠷᠠᠵᠤ ᠪᠣᠯᠬᠤ ᠦᠭᠡᠢ᠂ ᠬᠠᠷᠠᠭ᠎ᠠ ᠪᠠᠨ ᠬᠤᠯᠠ ᠲᠠᠯᠪᠢᠬᠤ ᠬᠡᠷᠡᠭᠲᠡᠢ᠃ | ᠵᠠᠷᠢᠮ ᠬᠥᠮᠥᠨ ᠮᠠᠰᠢ ᠶᠠᠭᠠᠷᠠᠮᠠᠲᠠᠭᠠᠢ ᠪᠠᠶᠢᠵᠤ᠂ ᠶᠡᠷᠦ ᠨᠢ ᠣᠬᠤᠷᠬᠠᠨ ᠬᠤᠭᠤᠴᠠᠭᠠᠨ ᠳᠤ ᠮᠡᠳᠡᠭᠳᠡᠬᠦ᠋ᠢᠴᠡ ᠦᠷ᠎ᠡ | ᠳ᠋ᠦᠩ ᠭᠠᠷᠭᠠᠬᠤ ᠶᠢ ᠪᠤᠳᠤᠳᠠᠭ᠃ ᠶᠡᠷᠦᠨᠢ ᠶᠠᠭᠤ ᠬᠢᠭᠰᠡᠨ ᠴᠦ ᠬᠦᠯᠢᠴᠡᠩᠬᠦᠢ᠂ ᠳᠠᠭᠠᠭᠠᠴᠠᠳᠠᠢ ᠬᠠᠨᠳᠣᠵᠦ ᠰᠣᠷᠬᠤ | ᠨᠢ ᠴᠢᠬᠤᠯᠠ ᠶᠤᠮ ᠡ᠃ | |