ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠲᠣᠬᠢᠷᠠᠭᠤᠯᠤᠯᠲᠠ ᠪᠠᠶᠢᠷᠢᠯᠠᠭᠤᠯᠤᠯᠳᠠ ᠶᠣᠰᠣᠭᠠᠷ᠂ ᠮᠠᠨ ᠤ ᠬᠤᠲᠠ ᠶᠢᠨ ︽ᠲᠠᠪᠤ ᠶᠢ ᠲᠦᠢᠯᠪᠦᠷᠢᠳᠡᠢ ᠪᠠᠶᠢᠴᠠᠭᠠᠬᠤ︾ | ᠠᠵᠢᠯᠯᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠤᠷᠤᠭᠰᠢᠲᠠᠢ ᠲᠦᠯᠬᠢᠨ ᠠᠬᠢᠭᠤᠯᠬᠤ ᠶᠢ ᠪᠠᠲᠤᠯᠠᠬᠤ ᠶᠢᠨ | ᠲᠥᠯᠥᠭᠡ᠂ ᠨᠢᠭᠡᠨᠲᠡ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ | ᠬᠠᠯᠠᠮᠰᠢᠯ ᠤᠲᠠᠰᠤ ᠪᠠᠷ ︽ᠲᠠᠪᠤ ᠶᠢ ᠲᠦᠢᠯᠪᠦᠷᠢᠳᠡᠢ ᠪᠠᠶᠢᠴᠠᠭᠠᠬᠤ︾ ᠠᠰᠠᠭᠤᠳᠠᠯ ᠢ ᠲᠤᠰᠬᠠᠬᠤ ᠠᠷᠭ᠎ᠠ ᠵᠠᠮ ᠢ | ᠨᠡᠪᠲᠡᠷᠡᠭᠦᠯᠵᠦ᠂ 2016 ᠣᠨ ᠠᠴᠠ ᠨᠠᠭᠠᠰᠢᠬᠢ ︽ᠲᠠᠪᠤ ᠶᠢ ᠲᠦᠢᠯᠪᠦᠷᠢᠳᠡᠢ ᠪᠠᠶᠢᠴᠠᠭᠠᠬᠤ︾ ᠬᠦᠷᠢᠶ᠎ᠡ | ᠬᠡᠪᠴᠢᠶᠡᠨ ᠳᠠᠬᠢ ᠬᠠᠮᠢᠶ᠎ᠠ ᠪᠦᠬᠦᠢ ᠠᠰᠠᠭᠤᠳᠠᠯ ᠤᠨ ᠬᠦᠰᠡᠯ ᠱᠠᠭᠠᠷᠳᠠᠯᠭ᠎ᠠ ᠶᠢ ᠬᠦᠯᠢᠶᠡᠨ ᠠᠪᠴᠤ | ᠰᠢᠢᠳᠪᠦᠷᠢᠯᠡᠬᠦ ᠪᠠᠷ ᠪᠣᠯᠪᠠ᠃ ᠣᠳᠣ ᠳᠣᠣᠷᠠᠬᠢ ᠮᠡᠲᠦ ᠵᠠᠷᠯᠠᠶ᠎ᠠ᠄ | ᠨᠢᠭᠡ᠂ ᠬᠦᠯᠢᠶᠡᠨ ᠠᠪᠬᠤ ᠴᠠᠭ | ᠬᠤᠲᠠ ᠶᠢᠨ ᠠᠷᠠᠳ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤ ᠶᠢ ᠤᠲᠠᠰᠤᠳᠠᠬᠤ ᠪᠤᠶᠤ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠬᠦᠰᠡᠯ | ᠱᠠᠭᠠᠷᠳᠠᠯᠭ᠎ᠠ ᠪᠠᠨ ᠲᠤᠰᠬᠠᠵᠦ ᠪᠤᠯᠤᠨ᠎ᠠ᠂ ᠬᠠᠯᠠᠮᠰᠢᠯ ᠤᠲᠠᠰᠤ ᠶᠢᠨ ᠲᠠᠪᠴᠠᠩ ᠨᠢ ᠪᠦᠬᠦᠯᠢ ᠡᠳᠦᠷ ᠤᠨ 24 | ᠴᠠᠭ ᠢᠶᠠᠷ ᠦᠢᠯᠡᠴᠢᠯᠡᠭᠡ ᠬᠠᠩᠭᠠᠨ᠎ᠠ᠃ | ᠬᠤᠶᠠᠷ᠂ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ | ︵ᠨᠢᠭᠡ︶ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠬᠠᠮᠢᠶ᠎ᠠ ᠪᠦᠬᠦᠢ ᠠᠰᠠᠭᠤᠳᠠᠯ᠄ ᠭᠤᠤᠯᠳᠠᠭᠤ | ᠭᠠᠵᠠᠷ ᠰᠢᠷᠣᠶ ᠶᠢ ᠤᠷᠢᠳᠴᠢᠯᠠᠨ ᠬᠢᠨᠠᠬᠤ᠂ ᠡᠨᠧᠷᠭᠢ ᠶᠢᠨ ᠦᠨᠡᠯᠡᠯᠲᠡ ᠬᠢᠬᠦ᠂ ᠣᠷᠴᠢᠨ ᠲᠣᠭᠤᠷᠢᠨ ᠳᠤ ᠦᠵᠡᠭᠦᠯᠬᠦ | ᠨᠥᠯᠥᠭᠡ ᠶᠢ ᠦᠨᠡᠯᠡᠬᠦ᠂ ᠤᠰᠤ ᠲᠠᠲᠠᠬᠤ᠂ ᠬᠥᠷᠥᠰᠥ ᠰᠢᠷᠣᠶ ᠶᠢ ᠬᠠᠮᠠᠭᠠᠯᠠᠬᠤ᠂ ᠣᠶ ᠮᠣᠳᠣᠨ ᠤ ᠭᠠᠵᠠᠷ ᠢ | ᠲᠠᠲᠠᠪᠤᠷᠢᠯᠠᠨ ᠡᠵᠡᠯᠡᠬᠦ᠂ ᠡᠪᠡᠰᠦᠲᠦ ᠭᠠᠵᠠᠷ ᠢ ᠲᠠᠲᠠᠪᠤᠷᠢᠯᠠᠨ ᠡᠵᠡᠯᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠵᠡᠷᠭᠡ | ᠪᠤᠶ ᠪᠦᠬᠦᠢ ᠲᠥᠷᠥᠯ ᠵᠦᠢᠯ ᠤᠨ ᠠᠵᠢᠯ ᠡᠬᠢᠯᠡᠭᠦᠯᠬᠦ ᠠᠴᠠ ᠡᠮᠦᠨ᠎ᠡ ᠭᠦᠢᠴᠡᠳᠬᠡᠬᠦ ᠭᠠᠷᠳᠠᠮ ᠢ ᠪᠠᠭᠲᠠᠭᠠᠨ᠎ᠠ᠃ | ︵ᠬᠤᠶᠠᠷ︶ ︽ᠬᠠᠭᠠᠰ ᠳᠤᠲᠠᠭᠤ ᠤᠷᠬᠢᠭᠰᠠᠨ︾ ᠢᠨᠵᠧᠨᠧᠷᠢᠩ ᠤᠨ ᠬᠠᠮᠢᠶ᠎ᠠ ᠪᠥᠬᠦᠶ ᠠᠰᠠᠭᠤᠳᠠᠯ᠄ | ᠭᠤᠤᠯᠳᠠᠭᠤ 2016 ᠣᠨ ᠠᠴᠠ ᠣᠲᠣ ᠪᠣᠯᠲᠠᠯᠠᠬᠢ ᠬᠤᠲᠠ ᠶᠢᠨ ᠲᠣᠰ ᠱᠠᠲᠤᠨ ᠤ ᠬᠢᠨᠠᠨ ᠵᠥᠪᠰᠢᠶᠡᠷᠡᠭᠰᠡᠨ | ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠣᠯᠠᠨ ᠨᠡᠶᠢᠲᠡ ᠶᠢᠨ ᠰᠠᠭᠤᠷᠢ ᠲᠦᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠪᠠᠭᠲᠠᠨ᠎ᠠ᠃ | ︵ᠭᠤᠷᠪᠠ︶ ᠪᠥᠬᠦ ᠬᠤᠲᠠ ᠶᠢᠨ ᠡᠯ᠎ᠡ ᠲᠥᠷᠥᠯ ᠤᠨ ᠲᠤᠨᠤᠮᠠᠯ ᠪᠠᠯᠠ ᠮᠥᠩᠭᠦ ᠶᠢᠨ ᠬᠠᠮᠢᠶ᠎ᠠ ᠪᠥᠬᠦᠶ | ᠠᠰᠠᠭᠤᠳᠠᠯ᠄ ᠭᠤᠤᠯᠳᠠᠭᠤ 2022 ᠣᠨ ᠤ 7 ᠰᠠᠷ᠎ᠠ ᠶᠢᠨ 31 ᠤ ᠡᠳᠦᠷ ᠪᠣᠯᠲᠠᠯᠠᠬᠢ ᠪᠥᠬᠦ ᠬᠤᠲᠠ ᠶᠢᠨ ᠡᠯ᠎ᠡ | ᠱᠠᠲᠤᠨ ᠤ ᠲᠥᠰᠦᠪ ᠤᠨ ᠰᠠᠯᠠᠭ᠎ᠠ ᠮᠥᠴᠢᠷ ︵ᠨᠢᠭᠡᠴᠢ︶ ᠤᠨ ᠪᠣᠳᠠᠲᠠᠶ ᠪᠠᠶᠢᠭ᠎ᠠ ᠪᠠᠯᠠ ᠮᠥᠩᠭᠦ ᠶᠢᠨ ᠲᠠᠩᠰᠠᠨ ᠳᠠᠬᠢ | ᠡᠯ᠎ᠡ ᠲᠥᠷᠥᠯ ᠤᠨ ᠪᠠᠯᠠ ᠮᠥᠩᠭᠦ ︵ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠪᠠᠭᠲᠠᠭᠠᠬᠤ ᠥᠬᠡᠶ︶᠂ | ᠡᠯ᠎ᠡ ᠱᠠᠲᠤᠨ ᠤ ᠡᠳ᠋ ᠤᠨ ᠵᠠᠰᠠᠭ ᠠᠴᠠ ᠣᠷᠣᠯᠠᠨ ᠨᠠᠶᠢᠷᠠᠭᠤᠯᠤᠭᠰᠠᠨ ᠲᠥᠰᠦᠪ ᠤᠨ ᠪᠤᠰᠤ ᠨᠢᠭᠡᠴᠢ ︵ᠠᠵᠤ | ᠠᠬᠤᠶᠢᠯᠠᠯ ᠢ ᠪᠠᠭᠲᠠᠭᠠᠬᠤ ᠥᠬᠡᠶ︶ ᠶᠢᠨ ᠪᠣᠳᠠᠲᠠᠶ ᠪᠠᠶᠢᠭ᠎ᠠ ᠪᠠᠯᠠ ᠮᠥᠩᠭᠦ ᠶᠢᠨ ᠲᠠᠩᠰᠠᠨ ᠳᠠᠬᠢ ᠲᠣᠰ ᠱᠠᠲᠤᠨ ᠤ | ᠡᠳ᠋ ᠤᠨ ᠵᠠᠰᠠᠭ ᠠᠴᠠ ᠪᠠᠭᠤᠯᠭᠠᠵᠦ ᠥᠭᠭᠦᠭᠰᠡᠨ ᠪᠠᠯᠠ ᠮᠥᠩᠭᠦ ︵ᠰᠢᠨᠵᠢᠯᠡᠬᠦ ᠤᠬᠠᠭᠠᠨ ᠤ ᠰᠤᠳᠤᠯᠤᠯ ᠤᠨ | ᠵᠠᠷᠤᠳᠠᠯ ᠢ ᠪᠠᠭᠲᠠᠭᠠᠬᠤ ᠥᠬᠡᠶ︶᠂ ᠡᠯ᠎ᠡ ᠬᠤᠰᠢᠭᠤ ᠰᠢᠶᠠᠨ ᠲᠣᠭᠤᠷᠢᠭ᠂ ᠬᠤᠪᠣᠷ ᠰᠢᠷᠣᠶ ᠶᠢᠨ ᠳᠡᠭᠡᠳᠦ ᠰᠢᠨ᠎ᠡ | ᠮᠡᠷᠭᠡᠵᠢᠯ ᠤᠨ ᠠᠵᠦ ᠦᠢᠯᠡᠰ ᠤᠨ ᠨᠡᠭᠡᠭᠡᠯᠲᠡ ᠶᠢᠨ ᠣᠷᠣᠨ ︵ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ | ᠤᠨ ᠬᠦᠷᠢᠶᠡᠨ ᠳᠠᠬᠢ ᠲᠤᠨᠤᠮᠠᠯ ᠪᠠᠯᠠ ᠮᠥᠩᠭᠦ ᠪᠠᠭᠲᠠᠨ᠎ᠠ᠃ | ︵ᠳᠥᠷᠪᠡ︶ ᠪᠥᠬᠦ ᠬᠤᠲᠠ ᠶᠢᠨ ᠵᠥᠪᠰᠢᠶᠡᠷᠡᠭᠰᠡᠨ ᠠᠳᠠᠯ᠎ᠠ ᠬᠠᠩᠭᠠᠭᠠᠳᠤᠶ ᠵᠡᠷᠭᠡ ᠡᠯ᠎ᠡ ᠲᠥᠷᠥᠯ ᠤᠨ ᠰᠤᠯᠠ | ᠪᠠᠶᠢᠭ᠎ᠠ ᠭᠠᠵᠠᠷ ᠰᠢᠷᠣᠶ ᠶᠢᠨ ᠬᠠᠮᠢᠶ᠎ᠠ ᠪᠥᠬᠦᠶ ᠠᠰᠠᠭᠤᠳᠠᠯ᠄ ᠭᠤᠤᠯᠳᠠᠭᠤ ᠭᠠᠵᠠᠷ ᠬᠠᠩᠭᠠᠬᠤ ᠨᠥᠬᠦᠴᠡᠯ ᠢ | ᠪᠦᠷᠢᠯᠳᠦᠭᠦᠯᠦᠭᠰᠡᠨ ᠪᠠᠶᠢᠲᠠᠯ᠎ᠠ ᠭᠠᠵᠠᠷ ᠬᠠᠩᠭᠠᠭᠰᠠᠨ ᠥᠬᠡᠶ᠂ ᠵᠢᠴᠢ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠨᠠᠶᠢᠳᠠᠪᠤᠷᠢᠵᠢᠭᠤᠯᠤᠭᠠᠳᠤᠶ᠂ ᠲᠠᠲᠠᠪᠤᠷᠢᠯᠠᠨ ᠨᠤᠷᠠᠭᠠᠵᠤ ᠨᠡᠭᠦᠯᠭᠡᠬᠦ ᠶᠢ ᠪᠡᠶᠡᠯᠡᠭᠦᠯᠦᠭᠰᠡᠨ ᠥᠬᠡᠶ ᠵᠡᠷᠭᠡ | ᠰᠢᠯᠲᠠᠭᠠᠨ ᠠᠴᠠ ᠪᠣᠯᠵᠣ ᠵᠥᠪᠰᠢᠶᠡᠷᠡᠭᠰᠡᠨ ᠠᠲᠠᠯ᠎ᠠ ᠬᠠᠩᠭᠠᠭᠠᠳᠤᠶ ᠭᠠᠵᠠᠷ ᠰᠢᠷᠣᠶ ᠶᠢ ᠪᠠᠭᠲᠠᠭᠠᠨ᠎ᠠ ; ᠵᠠᠰᠠᠭ ᠤᠨ | ᠣᠷᠳᠣᠨ ᠤ ᠰᠢᠯᠲᠠᠭᠠᠨ᠂ ᠠᠵᠤ ᠠᠬᠤᠶᠢᠯᠠᠯ ᠤᠨ ᠰᠢᠯᠲᠠᠭᠠᠨ ᠠᠴᠠ ᠪᠣᠯᠤᠭᠰᠠᠨ ᠰᠤᠯᠠ ᠪᠠᠶᠢᠭ᠎ᠠ ᠭᠠᠵᠠᠷ ᠰᠢᠷᠣᠶ᠃ | ︵ᠲᠠᠪᠤ︶ ᠪᠤᠭᠤᠲᠤ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠨᠡᠭᠡᠭᠡᠯᠲᠡ ᠶᠢᠨ | ᠣᠷᠣᠨ︶ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠰᠠᠭᠤᠳᠠᠯ᠄ ᠭᠤᠤᠯᠳᠠᠭᠤ 2016 ᠣᠨ ᠠᠴᠠ | ᠨᠠᠭᠠᠰᠢᠬᠢ ᠨᠡᠭᠡᠭᠡᠯᠲᠡ ᠶᠢᠨ ᠣᠷᠣᠨ ︵ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ | ᠵᠥᠪᠰᠢᠶᠡᠷᠡᠭᠦᠯᠬᠦ ᠪᠠᠷ ᠬᠦᠯᠢᠶᠡᠵᠦ ᠪᠠᠶᠢᠭ᠎ᠠ ᠲᠥᠷᠥᠯ ᠵᠦᠢᠯ᠂ ᠲᠤᠨᠤᠮᠠᠯ ᠪᠠᠯᠠ ᠮᠥᠩᠭᠦ᠂ ᠵᠥᠪᠰᠢᠶᠡᠷᠡᠭᠡᠳ | ᠬᠠᠩᠭᠠᠭᠰᠠᠨ ᠥᠬᠡᠶ᠂ ᠰᠤᠯᠠ ᠪᠠᠶᠢᠭ᠎ᠠ ᠭᠠᠵᠠᠷ ᠰᠢᠷᠣᠶ ᠪᠣᠯᠤᠨ ᠰᠠᠭᠤᠷᠢ ᠲᠦᠬᠦᠭᠡᠷᠦᠮᠵᠢ ᠶᠢᠨ ᠦᠯᠡᠳᠡᠭᠡᠯ ᠡᠳ᠋ | ᠬᠥᠷᠥᠩᠭᠡ᠂ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ ᠪᠣᠯᠤᠨ ᠪᠥᠲᠥᠭᠡᠨ ᠪᠠᠶᠢᠭᠤᠯᠬᠤ ᠪᠠᠨ ᠵᠣᠭᠰᠣᠭᠰᠠᠨ | ᠲᠥᠷᠥᠯ ᠵᠦᠢᠯ ᠵᠡᠷᠭᠡ ᠪᠠᠭᠲᠠᠨ᠎ᠠ᠃ | ᠭᠤᠷᠪᠠ᠂ ᠬᠦᠯᠢᠶᠡᠨ ᠠᠪᠴᠦ ᠰᠢᠢᠳᠪᠦᠷᠢᠯᠡᠬᠦ ᠠᠷᠭ᠎ᠠ ᠵᠠᠮ | ︵ᠨᠢᠭᠡ︶ ᠪᠤᠭᠤᠳᠦ ᠬᠤᠳᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠥᠭᠦᠮ ᠦᠵᠡᠭᠦᠯᠬᠦ ᠬᠠᠯᠠᠮᠰᠢᠯ ᠤᠳᠠᠰᠦ ᠶᠢᠨ ᠲᠠᠪᠴᠠᠩ | ︵ᠬᠤᠶᠠᠷ︶ ᠪᠤᠭᠤᠳᠦ ᠬᠤᠳᠠ ᠶᠢᠨ 12345 ᠵᠢᠷᠬᠢᠶ᠎ᠡ ᠶᠢᠨ ᠲᠠᠪᠴᠠᠩ | ︵ᠭᠤᠷᠪᠠ︶ ᠮᠦᠩᠭᠡ ᠰᠤᠪᠠᠭ APP ᠤᠨᠴᠠᠭᠠᠶᠢᠯᠠᠨ ᠮᠡᠳᠡᠭᠳᠡᠪᠡ | 2022 ᠣᠨ ᠤ 8 ᠰᠠᠷ᠎ᠠ ᠶᠢᠨ 19 ᠤ ᠡᠳᠦᠷ | |