ᠠᠷᠠᠳ ᠲᠦᠮᠡᠨᠴᠢ ᠰᠡᠳᠬᠢᠯᠭᠡ ᠶᠢ ᠪᠠᠲᠤ ᠰᠠᠬᠢᠵᠤ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠣᠯᠴᠠᠬᠤ ᠵᠠᠮ ᠢᠶᠠᠷ ᠰᠠᠶᠢᠲᠤᠷ ᠵᠠᠮᠨᠠᠨ᠎ᠠ
ᠨᠡᠶᠢᠲᠡᠯᠡᠭᠰᠡᠨ ᠴᠠᠭ᠄
2022/11/23
       ᠶᠠᠷᠢᠯᠴᠠᠭᠠᠨ ᠤ ᠭᠤᠤᠯ ᠰᠡᠳᠦᠪ᠄ ᠠᠷᠠᠳ ᠲᠦᠮᠡᠨᠴᠢ ᠰᠡᠳᠬᠢᠯᠭᠡ ᠶᠢ ᠪᠠᠲᠤ ᠰᠠᠬᠢᠵᠤ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠣᠯᠴᠠᠬᠤ ᠵᠠᠮ ᠢᠶᠠᠷ ᠰᠠᠶᠢᠲᠤᠷ ᠵᠠᠮᠨᠠᠨ᠎ᠠ — ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠡᠤ ᠺᠠᠶ ᠶᠢ ᠰᠤᠷᠪᠤᠯᠵᠢᠯᠠᠭᠰᠠᠨ ᠨᠢ       ᠰᠤᠷᠪᠤᠯᠵᠢᠯᠠᠭᠰᠠᠨ ᠴᠠᠭ᠄ 2022 ᠣᠨ ᠤ 6 ᠰᠠᠷ᠎ᠠ ᠶᠢᠨ 20᠎ ᠤ ᠡᠳᠦᠷ ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠡᠤ ᠺᠠᠶ       ᠶᠠᠷᠢᠯᠴᠠᠭᠠᠨ ᠤ ᠲᠣᠪᠴᠢ ᠲᠠᠨᠢᠯᠴᠠᠭᠤᠯᠭ᠎ᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠢ ᠠᠯᠢ ᠤᠯᠠᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠬᠢᠵᠦ᠂ ᠶᠡᠷᠦᠩᠬᠡᠢ ᠱᠦᠵᠢ ᠰᠢ ᠶᠢᠨ ᠫᠢᠩ ᠠᠯᠢ ᠤᠯᠠᠨ ᠰᠢᠨ᠎ᠡ ᠦᠵᠡᠯᠲᠡ ᠰᠢᠨ᠎ᠡ ᠨᠤᠲᠠᠯᠠᠯᠲᠠ ᠎ ᠶᠢ ᠳᠤᠷᠠᠳᠴᠤ᠂ ᠵᠠᠬᠢᠳᠠᠯ ᠰᠤᠷᠪᠤᠯᠵᠢᠯᠠᠯ ᠤᠨ ᠠᠵᠢᠯ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠦᠭᠴᠦ ᠂ ᠰᠢᠨᠵᠢᠯᠡᠬᠦ ᠤᠬᠠᠭᠠᠨᠴᠢ ᠵᠦᠭᠯᠡᠭᠦᠷ ᠬᠠᠩᠭᠠᠵᠤ᠂ ᠤᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠵᠦ᠂ ᠵᠠᠬᠢᠳᠠᠯ ᠰᠤᠷᠪᠤᠯᠵᠢᠯᠠᠯ ᠤᠨ ᠠᠵᠢᠯ ᠢ ᠠᠬᠢᠭᠤᠯᠤᠨ ᠢᠯᠡᠳᠲᠡ ᠦᠷ᠎ᠡ ᠪᠦᠲᠦᠮᠵᠢ ᠣᠯᠵᠠᠢ᠃        ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠂ ᠨᠡᠶᠢᠲᠡ ᠵᠢᠷᠭᠤᠭᠠᠨ ᠪᠦᠯᠦᠭ ᠲᠠᠪᠢᠨ ᠵᠦᠢᠯ ᠬᠤᠪᠢᠶᠠᠵᠠᠢ᠂ 2022 ᠣᠨ ᠤ 5 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ︽ᠲᠦᠷᠢᠮ︾᠎ ᠨᠢ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠶ᠋ᠴᠡᠳ ᠢᠯᠡᠷᠡᠭᠦᠯᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ ᠰᠤᠷᠤᠯᠴᠠᠬᠤ ᠶᠢ ᠲᠡᠷᠢᠭᠦᠨ ᠳᠤ ᠲᠠᠯᠪᠢᠵᠤ᠂ ᠲᠡᠷᠢᠭᠦᠨ ᠤ ᠡᠩᠨᠡᠭᠡᠨ ᠳᠤ ᠶᠠᠪᠤᠵᠤ᠂ ᠰᠤᠷᠤᠯᠴᠠᠬᠤ ᠳᠤᠮᠳᠠ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠬᠤ ᠳᠤᠮᠳᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠠᠷᠢᠮᠵᠢᠶᠠᠯᠠᠨ ᠬᠠᠷᠭᠤᠭᠤᠯᠵᠤ᠂ ᠪᠥᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠵᠢᠱᠢᠶ᠎ᠡ ᠦᠵᠡᠭᠦᠯᠬᠦ ᠲᠤᠭᠤᠷᠢᠭ ᠢ ᠪᠥᠬᠦ ᠬᠦᠴᠦᠨ ᠢᠶᠠᠷ ᠢᠶᠠᠨ ᠡᠬᠦᠳᠦᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠣᠯᠴᠠᠬᠤ ᠵᠠᠮ ᠢᠶᠠᠷ ᠰᠠᠶᠢᠲᠤᠷ ᠵᠠᠮᠨᠠᠨ᠎ᠠ᠃          ᠶᠠᠷᠢᠯᠴᠠᠭᠠᠨ ᠤ ᠠᠭᠤᠯᠭ᠎ᠠ᠄ ᠲᠤᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ     ᠰᠤᠷᠪᠤᠯᠵᠢᠯᠠᠭᠴᠢ᠄ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾᠎ ᠢ ᠳᠠᠷᠤᠮᠠᠯᠯᠠᠨ ᠲᠠᠷᠬᠠᠭᠠᠭᠰᠠᠨ ᠲᠤᠬᠠᠶ ᠲᠠᠨ ᠤ ᠲᠠᠨᠢᠯᠲᠠ ᠪᠠᠨ ᠶᠠᠷᠢᠭᠠᠳ ᠦᠭᠬᠦᠨᠡᠦ︖      ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠡᠤ ᠺᠠᠶ᠄ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ︽ᠭᠤᠷᠪᠠᠨ ᠴᠢᠬᠤᠯᠠ︾ ᠪᠠᠶᠢᠷᠢ ᠲᠣᠭᠲᠠᠭᠠᠯᠲᠠ ᠶᠢ ᠣᠨᠣᠪᠴᠢᠲᠠᠶ ᠣᠶᠢᠯᠠᠭᠠᠵᠤ᠂ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠶ᠃ ︽ᠲᠦᠷᠢᠮ︾᠎ ᠳᠤ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠪᠣᠯ ᠨᠠᠮ ᠤᠨ ᠤᠯᠠᠨ ᠲᠦᠮᠡᠨ ᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠨᠠᠮ ᠪᠠ ᠵᠠᠰᠠᠭ ᠤᠨ ᠣᠷᠳᠣᠨ ᠤ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠠᠰᠢᠭ ᠲᠤᠰᠠ ᠶᠢ ᠬᠠᠮᠠᠭᠠᠯᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠨᠢᠭᠡᠨ ᠴᠢᠬᠤᠯᠠ ᠠᠵᠢᠯ ᠮᠥᠨ᠂ ᠡᠯ᠎ᠡ ᠱᠠᠲᠤᠨ ᠤ ᠪᠠᠶᠢᠭᠤᠯᠭ᠎ᠠ᠂ ᠨᠢᠭᠡᠴᠢ ᠵᠢᠴᠢ ᠲᠡᠭᠦᠨ ᠤ ᠤᠳᠤᠷᠢᠳᠬᠤ ᠺᠠᠳ᠋ᠷ᠂ ᠠᠵᠢᠯᠳᠠᠨ ᠤ ᠤᠯᠠᠨ ᠲᠦᠮᠡᠨ ᠤ ᠬᠢᠨᠠᠯᠲᠠ ᠶᠢ ᠬᠦᠯᠢᠶᠡᠬᠦ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠴᠢᠬᠤᠯᠠ ᠠᠷᠭ᠎ᠠ ᠵᠠᠮ ᠮᠥᠨ ᠭᠡᠵᠦ ᠲᠣᠳᠣᠷᠬᠠᠶᠢᠯᠠᠪᠠ᠃ ︽ᠭᠤᠷᠪᠠᠨ ᠴᠢᠬᠤᠯᠠ︾ ᠪᠠᠶᠢᠷᠢ ᠲᠣᠭᠲᠠᠭᠠᠯᠲᠠ ᠨᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠵᠢᠷᠤᠮᠯᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠤᠯᠤᠰ ᠲᠦᠷᠦᠴᠢ ᠴᠢᠨᠠᠷ ᠪᠣᠯᠤᠨ ᠠᠷᠠᠳᠴᠢ ᠴᠢᠨᠠᠷ ᠢ ᠲᠥᠪᠯᠡᠷᠡᠩᠭᠦᠢ ᠢᠯᠡᠷᠡᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠠᠬᠢ ᠴᠢᠬᠤᠯᠠ ᠪᠠᠶᠢᠷᠢ ᠰᠠᠭᠤᠷᠢ ᠪᠣᠯᠤᠨ ᠡᠭᠦᠷᠭᠡᠯᠡᠵᠦ ᠪᠠᠶᠢᠭ᠎ᠠ ᠴᠢᠬᠤᠯᠠ ᠡᠭᠦᠷᠭᠡ ᠶᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠥᠭᠵᠢᠯᠲᠡ ᠶᠢᠨ ᠴᠢᠭᠯᠡᠯ ᠪᠣᠯᠤᠨ ᠬᠦᠴᠦᠯᠡᠬᠦ ᠴᠡᠭ ᠢ ᠤᠯᠠᠮ ᠴᠢᠨᠠᠭᠰᠢᠳᠠ ᠲᠣᠳᠣᠷᠬᠠᠶᠢᠯᠠᠪᠠ᠃ ᠨᠢᠬᠡᠨ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠢᠮᠠᠭᠲᠠ ᠪᠠᠲᠤᠯᠠᠬᠤ ᠬᠡᠷᠡᠭᠲᠡᠶ᠂ ᠪᠠᠲᠤ ᠴᠢᠩᠭ᠎ᠠ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ᠂ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠦᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠶᠢ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠎ ᠶᠢᠨ ᠠᠵᠢᠯᠯᠠᠭᠠᠨ ᠤ ᠰᠢᠯᠭᠠᠨ ᠪᠠᠶᠢᠴᠠᠭᠠᠯᠳᠠ ᠪᠤᠯᠭᠠᠵᠤ᠂ ᠤᠯᠤᠰ ᠲᠥᠷᠥ ᠶᠢᠨ ᠴᠢᠭᠯᠡᠯ ᠲᠣᠳᠣᠷᠬᠠᠶ ᠪᠠᠶᠢᠬᠤ᠂ ᠤᠯᠤᠰ ᠲᠥᠷᠥ ᠶᠢᠨ ᠵᠣᠭᠰᠣᠯᠲᠠ ᠪᠠᠲᠤ ᠪᠠᠶᠢᠬᠤ ᠶᠢ ᠪᠡᠶᠡᠯᠡᠬᠦᠯᠵᠤ᠂ ︽ᠬᠤᠶᠠᠷ ᠢ ᠲᠣᠭᠲᠠᠭᠠᠬᠰᠠᠨ︾᠎ ᠢ ᠦᠨᠡᠨᠬᠦ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠵᠥᠷᠢᠴᠡᠯ ᠤᠨ ᠳᠠᠯᠳᠠ ᠭᠡᠮ ᠢ ᠠᠷᠢᠯᠭᠠᠬᠤ ᠠᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠦᠬᠡᠢ ᠳᠡᠭᠡᠭᠰᠢᠯᠡᠭᠦᠯᠤᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠰᠡᠳᠬᠢᠯ ᠠᠴᠠ ᠪᠠᠨ ᠬᠠᠮᠠᠭᠠᠯᠠᠬᠤ ᠬᠡᠷᠡᠭᠳᠡᠢ᠃       ᠲᠤᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ᠄ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠡᠨᠡᠬᠦ ᠠᠵᠢᠯ ᠢ ᠬᠡᠷᠬᠢᠨ ᠰᠠᠶᠢᠲᠤᠷ ᠲᠤᠭᠤᠰᠢᠯᠠᠭᠤᠯᠤᠨ ᠬᠡᠷᠡᠭᠵᠢᠭᠦᠯᠬᠦ ᠪᠤᠢ︖         ᠪᠠᠶ᠋ᠬᠠᠤᠪᠤᠭ᠎ᠠ ᠠᠭᠤᠷᠬᠠᠢ ᠶᠢᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠦ᠋ ᠺᠠᠢ᠄ ᠨᠢᠭᠡ ᠳᠤ᠂ ᠠᠷᠠᠳ ᠲᠦᠮᠡᠨ ᠢ ᠳᠡᠭᠡᠳᠦᠯᠡᠬᠦ ᠦᠨᠳᠦᠰᠦᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠠᠷᠠᠳ ᠲᠦᠮᠡᠨᠴᠢ ᠰᠡᠳᠬᠢᠯᠭᠡ ᠶᠢ ᠪᠠᠲᠤ ᠰᠠᠬᠢᠨ᠎ᠠ᠃ ᠠᠷᠠᠳ ᠤᠨ ᠵᠠᠬᠢᠳᠠᠯ ᠰᠤᠷᠪᠤᠯᠵᠢᠯᠠᠯ ᠨᠢ ᠠᠷᠠᠳ ᠲᠦᠮᠡᠨ ᠤ ᠲᠥᠯᠥᠭᠡ ᠶᠤᠮ᠂ ᠠᠷᠠᠳ ᠲᠦᠮᠡᠨ ᠢᠶᠠᠷ ᠭᠤᠣᠯ ᠪᠣᠯᠭᠠᠬᠤ ᠣᠶᠢᠯᠠᠭᠠᠭᠳᠠᠬᠤᠨ ᠢ ᠪᠠᠷᠢᠮᠲᠠᠯᠠᠬᠤ ᠪᠣᠯ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠠᠷᠴᠢᠮ ᠮᠥᠨ᠃ ᠶᠡᠷᠦᠩᠬᠡᠢ ᠱᠦᠵᠢ ᠰᠢ ᠶᠢᠨ ᠫᠢᠩ ᠤᠨ ︽ᠦᠪᠡᠷ ᠢ ᠎ ᠪᠠᠨ ᠤᠮᠠᠷᠳᠠᠨ᠂ ᠠᠷᠠᠳ ᠲᠦᠮᠡᠨ ᠳᠤ ᠦᠯᠦ ᠤᠰᠤᠯᠳᠠᠬᠤ︾ ᠭᠡᠬᠦ ᠠᠷᠠᠳ ᠲᠦᠮᠡᠨ ᠤ ᠬᠠᠶᠢᠷ᠎ᠠ ᠰᠡᠳᠬᠢᠯᠭᠡ ᠪᠠᠷ ᠦᠯᠢᠭᠡᠷ ᠳᠠᠭᠤᠷᠢᠶᠠᠯ ᠪᠣᠯᠭᠠᠵᠤ᠂ ᠤᠯᠠᠨ ᠲᠦᠮᠡᠨᠴᠢ ᠦᠵᠡᠯᠲᠡ ᠶᠢ ᠴᠢᠩᠭᠠᠳᠬᠠᠨ᠂ ᠢᠮᠠᠭᠲᠠ ᠤᠯᠠᠨ ᠲᠦᠮᠡᠨ ᠤ ᠵᠣᠭᠰᠣᠯᠲᠠ ᠠᠴᠠ ᠰᠣᠨᠣᠰᠴᠤ᠂ ᠪᠤᠳᠤᠯᠬᠢᠯᠠᠨ᠎ᠠ᠃ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠲᠤ ᠴᠡᠭᠡᠵᠢᠯᠡᠵᠦ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠳᠤ ᠬᠠᠨᠳᠤᠬᠤ ᠳᠠᠭᠠᠨ ᠦᠨᠡᠨ ᠰᠡᠳᠬᠢᠯ ᠠᠴᠠ ᠪᠠᠨ ᠤᠯᠠᠨ ᠲᠦᠮᠡᠨ ᠤ ᠰᠡᠳᠬᠢᠯ ᠢ ᠲᠠᠶᠢᠳᠬᠤᠷᠠᠭᠤᠯᠵᠤ᠂ ᠲᠡᠳᠡᠨ ᠤ ᠤᠴᠠᠭᠠᠷ ᠭᠤᠮᠣᠳᠠᠯ ᠢ ᠰᠢᠢᠳᠪᠦᠷᠢᠯᠡᠨ ᠠᠷᠢᠯᠭᠠᠨ᠎ᠠ ᠃ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾᠎ ᠶᠢ ᠵᠠᠬᠢᠳᠠᠯ ᠰᠤᠷᠪᠤᠯᠵᠢᠯᠠᠯ ᠤᠨ ᠠᠵᠢᠯ ᠲᠤᠮᠳᠠ ᠦᠨᠡᠨᠬᠦ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠳᠠᠬᠢ ᠪᠣᠯᠬᠢᠴᠢᠯᠠᠬᠤ ᠠᠷᠠᠯᠵᠢᠶᠠᠯᠠᠬᠤ ᠶᠢ ᠲᠦᠪᠯᠡᠷᠡᠬᠦᠯᠦᠨ ᠵᠠᠰᠠᠬᠤ ᠪᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠯᠭ᠎ᠠ ᠦᠶ᠋ᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠨᠣᠶᠠᠨᠴᠢ ᠰᠤᠷᠲᠠᠯ ᠢ ᠲᠠᠶᠠᠭᠳᠠᠵᠤ᠂ ᠰᠢᠯᠳᠠᠬᠯᠠᠵᠤ ᠬᠠᠷᠢᠯᠴᠠᠨ ᠲᠦᠯᠬᠢᠯᠴᠠᠬᠦ ᠶᠢ ᠲᠡᠪᠴᠢᠨ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠶᠢ ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠬᠠᠮᠤᠭ ᠤᠨ ᠰᠢᠭᠤᠳ ᠰᠢᠪᠲᠤᠯᠤᠯᠲᠠ ᠶᠢᠨ ᠭᠠᠷᠤᠭ᠎ᠠ ᠪᠣᠯᠭᠠᠨ᠎ᠠ᠂ ᠡᠭᠦᠳᠡ ᠪᠠᠨ ᠨᠡᠭᠡᠭᠡᠵᠦ ᠶᠡᠭᠡ ᠪᠠᠷ ᠰᠤᠷᠪᠤᠯᠵᠢᠯᠠᠯ ᠢ ᠬᠦᠯᠢᠶᠡᠨ ᠠᠪᠴᠤ᠂ ᠣᠯᠠᠨ ᠲᠦᠮᠡᠨ ᠤ ᠲᠤᠰᠬᠠᠭᠰᠠᠨ ᠡᠯ᠎ᠡ ᠵᠦᠶ᠋ᠯ ᠤᠨ ᠠᠰᠠᠭᠤᠳᠠᠯ ᠢ ᠲᠡᠷᠡ ᠲᠤᠤᠷ᠎ᠠ ᠨᠢ ᠰᠢᠶ᠋ᠳᠪᠦᠷᠢᠯᠡᠨ᠂ ᠪᠠᠷᠢᠨ ᠬᠢᠵᠤ᠂ ᠤᠳᠤᠷᠢᠳᠤᠯᠭ᠎ᠠ ᠬᠡᠷᠡᠭ ᠢ ᠳᠠᠭᠠᠭᠠᠴᠢᠯᠠᠵᠤ ᠰᠢᠢᠳᠪᠦᠷᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠂ ︽ᠭᠤᠷᠪᠠ ᠶᠢ ᠨᠠᠶᠢᠳᠠᠪᠤᠷᠢᠵᠢᠭᠤᠯᠵᠤ ᠨᠢᠭᠡ ᠶᠢ ᠰᠢᠶ᠋ᠳᠪᠦᠷᠢᠯᠡᠬᠦ︾ ᠠᠵᠢᠯ ᠤᠨ ᠵᠠᠷᠴᠢᠮ ᠢ ᠶᠡᠷᠦᠩᠬᠡᠶᠢᠯᠡᠨ ᠬᠡᠷᠡᠭᠯᠡᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠰᠢᠶ᠋ᠳᠪᠦᠷᠢᠯᠡᠨ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠢᠲᠡᠭᠡᠯ ᠢ ᠤᠯᠤᠨ᠎ᠠ᠃ ᠬᠤᠶᠠᠷ ᠲᠤ᠂ ᠠᠵᠢᠯᠯᠠᠭᠠᠨ ᠤ ᠤᠬᠠᠮᠰᠠᠷ ᠢᠶᠠᠨ ᠪᠦᠬᠦ ᠲᠠᠯ᠎ᠠ ᠪᠠᠷ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠎ᠠ᠃          ᠶᠡᠷᠦᠩᠬᠡᠢ ᠱᠦᠵᠢ ᠰᠢ ᠶᠢᠨ ᠫᠢᠩ᠂ ᠣᠳᠣᠬᠠᠨ ᠳᠤ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠠᠷᠭ᠎ᠠ ᠵᠠᠮ ᠢᠶᠠᠷ ᠲᠤᠰᠬᠠᠭᠰᠠᠠ ᠵᠠᠬᠢᠳᠠᠯ ᠰᠤᠷᠪᠤᠯᠵᠢᠯᠠᠯ ᠤᠨ ᠲᠤᠪᠤᠶᠢᠮ᠎ᠠ ᠠᠰᠠᠭᠤᠳᠠᠯ ᠳᠤ ᠰᠢᠨ᠎ᠡ ᠠᠰᠠᠭᠤᠳᠠᠯ ᠪᠠᠶᠢᠬᠤ ᠪᠠᠷ ᠪᠠᠷᠠᠬᠤ ᠦᠭᠡᠢ ᠪᠠᠰᠠ ᠬᠠᠭᠤᠴᠢᠨ ᠬᠦᠴᠢᠷ ᠠᠰᠠᠭᠤᠳᠠᠯ ᠪᠠᠶᠢᠨ᠎ᠠ᠂ ᠭᠡᠪᠡᠴᠦ ᠴᠦᠮ ᠤᠯᠠᠨ ᠲᠦᠮᠡᠨ ᠤ ᠦᠨᠳᠦᠰᠦᠨ ᠠᠰᠢᠭ ᠲᠤᠰᠠ ᠲᠠᠢ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠲᠠᠢ ᠬᠤᠯᠪᠣᠭᠳᠠᠨ᠎ᠠ ᠬᠡᠵᠤ ᠵᠢᠭᠠᠵᠤ ᠭᠠᠷᠭᠠᠵᠠᠢ᠃ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨ ᠬᠦ ᠴᠢᠩᠭᠠᠳᠬᠠᠵᠤ᠂ ᠤᠳᠤᠷᠢᠳᠬᠤ ᠺᠠᠳ᠋ᠷ ᠤᠨ ᠰᠤᠷᠪᠤᠯᠵᠢᠯᠠᠯ ᠢ ᠬᠦᠯᠢᠶᠡᠨ ᠠᠪᠬᠤ᠂ ᠳᠣᠷᠣᠭᠰᠢ ᠪᠠᠭᠤᠵᠤ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠵᠤ᠂ ᠡᠳᠦᠷ ᠪᠦᠷᠢ ᠨᠢᠭᠡ ᠰᠢᠶᠠᠨ ᠤ ᠱᠠᠲᠤᠨ ᠤ ᠤᠳᠤᠷᠢᠳᠤᠯᠭ᠎ᠠ ᠡᠭᠦᠳᠡ ᠪᠠᠨ ᠨᠡᠭᠡᠭᠡᠵᠦ ᠰᠤᠷᠪᠤᠯᠵᠢᠯᠠᠯ ᠢ ᠶᠡᠭᠡ ᠪᠠᠷ ᠬᠦᠯᠢᠶᠡᠨ ᠠᠪᠬᠤ ᠶᠢ ᠲᠤᠬᠢᠷᠠᠭᠤᠯᠵᠤ᠂ ᠬᠠᠤᠯᠢ ᠴᠠᠭᠠᠵᠠ᠂ ᠲᠦᠷᠦ ᠶᠢᠨ ᠪᠤᠳᠤᠯᠭ᠎ᠠ᠂ ᠠᠵᠤ ᠠᠬᠤᠢ᠂ ᠵᠠᠰᠠᠭ ᠵᠠᠬᠢᠷᠭᠠᠨ ᠤ ᠵᠡᠷᠭᠡ ᠠᠷᠭ᠎ᠠ ᠪᠠᠷᠢᠯ ᠪᠠ ᠰᠤᠷᠭᠠᠵᠤ ᠬᠥᠮᠦᠵᠢᠭᠦᠯᠬᠦ᠂ ᠡᠶᠡᠳᠡᠭᠦᠯᠬᠦ᠂ ᠵᠠᠯᠠᠵᠤ ᠵᠢᠯᠣᠭᠤᠳᠬᠤ ᠵᠡᠷᠭᠡ ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠦᠨᠡᠨ ᠬᠦ ᠪᠤᠳᠠᠳᠠᠢ ᠠᠰᠠᠭᠤᠳᠠᠯ ᠢ ᠰᠢᠢᠳᠪᠦᠷᠢᠯᠡᠵᠦ᠂ ᠬᠡᠷᠡᠭ ᠢ ᠲᠤᠭᠤᠰᠢᠳᠠᠢ ᠪᠠᠶᠢᠴᠠᠭᠠᠨ ᠰᠢᠢᠳᠪᠦᠷᠢᠯᠡᠵᠤ ᠳᠠᠭᠤᠰᠬᠠᠬᠤ᠂ ︽ᠤᠴᠢᠷ ᠶᠠᠪᠤᠳᠠᠯ ᠢ ᠰᠢᠢᠳᠪᠦᠷᠢᠯᠡᠵᠤ ᠰᠡᠳᠬᠢᠯ ᠤᠨ ᠵᠠᠩᠬᠢᠷᠠᠭ᠎ᠠ ᠶᠢ ᠠᠷᠢᠯᠭᠠᠬᠤ︾ ᠎ ᠶᠢ ᠦᠨᠡᠨ ᠬᠦ ᠪᠡᠶᠡᠯᠡᠭᠦᠯᠵᠦ᠂ ᠵᠥᠷᠢᠴᠡᠯ ᠢ ᠬᠠᠮᠤᠭ ᠤᠨ ᠪᠠᠭ᠎ᠠ ᠬᠡᠮᠵᠢᠶᠡᠨ ᠳᠤᠨᠢ ᠲᠠᠷᠤᠵᠤ᠂ ᠵᠦᠷᠢᠴᠡᠯ ᠤᠨ ᠬᠤᠷᠴᠠᠳᠤᠬᠤ ᠠᠴᠠ ᠵᠠᠶᠢᠯᠠᠰᠬᠢᠵᠤ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠠᠷᠠᠳ ᠲᠦᠮᠡᠨ ᠰᠡᠳᠬᠢᠯ ᠬᠠᠨᠤᠮᠵᠢᠲᠠᠢ ᠪᠠᠶᠢᠬᠤ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号