︽ᠠᠵᠢᠯ ᠲᠥᠷᠥᠯ ᠤᠨ ᠬᠠᠯᠠᠮᠰᠢᠯ ᠤᠲᠠᠰᠤ︾ ᠨᠡᠪᠳᠡᠷᠡᠭᠦᠯᠭᠡ ᠪᠠᠷ ᠰᠦᠯᠵᠢᠶᠡᠨ ᠳᠡᠭᠡᠷ᠎ᠡ ᠣᠯᠠᠨ ᠲᠦᠮᠡᠨ ᠤ ᠠᠰᠠᠭᠤᠯᠲᠠ ᠶᠢ ᠬᠠᠷᠢᠭᠤᠯᠤᠨ᠎ᠠ
ᠨᠡᠶᠢᠲᠡᠯᠡᠭᠰᠡᠨ ᠴᠠᠭ᠄
2022/11/23
    ᠰᠤᠷᠪᠤᠯᠵᠢᠯᠠᠭ᠎ᠠ ᠶᠢᠨ ᠭᠤᠤᠯ ᠰᠡᠳᠦᠪ᠄ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠢᠤᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠦ ᠠᠬᠤᠢ ᠶᠢᠨ ᠨᠡᠭᠡᠭᠡᠯᠳᠡ ᠶᠢᠨ ᠣᠷᠣᠨ ᠠᠴᠠ ᠵᠤᠬᠢᠶᠠᠨ ᠪᠠᠶᠢᠭᠤᠯᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ 2022 ᠣᠨ ᠤ ︽ᠠᠵᠢᠯ ᠲᠥᠷᠥᠯ ᠤᠨ ᠬᠠᠯᠠᠮᠰᠢᠯ ᠤᠲᠠᠰᠤ︾ ᠨᠡᠪᠳᠡᠷᠡᠭᠦᠯᠭᠡ ᠪᠠᠷ ᠰᠦᠯᠵᠢᠶᠡᠨ ᠳᠡᠭᠡᠷ᠎ᠡ ᠣᠯᠠᠨ ᠲᠦᠮᠡᠨ ᠤ ᠠᠰᠠᠭᠤᠯᠲᠠ ᠶᠢ ᠬᠠᠷᠢᠭᠤᠯᠤᠨ᠎ᠠ     ᠰᠤᠷᠪᠤᠯᠵᠢᠯᠠᠭᠰᠠᠨ ᠴᠠᠭ᠄ 2022 ᠣᠨ ᠤ 2 ᠰᠠᠷ᠎ᠠ ᠶᠢᠨ 8 ᠤ ᠡᠳᠦᠷ     ᠰᠤᠷᠪᠤᠯᠵᠢᠯᠠᠭᠰᠠᠨ ᠵᠣᠴᠢᠨ᠄ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠬᠤ᠋ ᠫᠧᠩ     ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠬᠤ᠋ ᠫᠧᠩ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠰᠤᠨᠤᠰᠤᠭᠴᠢᠳ ᠲᠠᠢ ᠤᠲᠠᠰᠤ ᠪᠠᠷ ᠶᠠᠷᠢᠯᠴᠠᠬᠤ ᠦᠶ᠎ᠡ ᠳᠤ᠂ ᠰᠦᠯᠵᠢᠶᠡᠨ ᠳᠡᠭᠡᠷᠡᠬᠢ ᠬᠦᠮᠦᠨ ᠰᠤᠨᠤᠰᠤᠭᠴᠢᠳ ᠤᠨ ᠳᠤᠷᠠᠳᠤᠭᠰᠠᠨ ᠠᠰᠠᠭᠤᠳᠠᠯ ᠳᠤ ᠨᠢᠭᠡᠳ ᠨᠢᠭᠡ ᠪᠠᠷ ᠨᠠᠷᠢᠨ ᠬᠢᠨᠠᠮᠠᠭᠠᠶ ᠬᠠᠷᠢᠭᠤᠯᠲᠠ ᠥᠭᠴᠦ᠂ ᠠᠷᠠᠳ ᠤᠨ ᠲᠥᠯᠥᠭᠡ ᠪᠣᠳᠠᠲᠠᠶ ᠶᠢ ᠡᠷᠬᠢᠮᠯᠡᠨ ᠬᠠᠷᠢᠭᠤᠴᠠᠬᠤ ᠣᠪᠣᠷ ᠢ ᠢᠯᠡᠷᠡᠭᠦᠯᠵᠡᠶ᠃     ᠬᠥᠲᠥᠯᠥᠭᠴᠢ᠄ ᠪᠢᠳᠡ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠦᠨᠳᠦᠲᠦ ᠵᠣᠴᠢᠳ᠂ ᠬᠠᠷᠢᠭᠤᠴᠠᠯᠭᠠᠳᠠᠨ᠂ ᠳᠡᠳ᠋ ᠲᠣᠪᠴᠢᠶᠠᠨ ᠳᠠᠷᠤᠭ᠎ᠠ ᠬᠤ᠋ ᠫᠧᠩ ᠢ ᠲᠠᠨᠢᠯᠴᠠᠭᠤᠯᠤᠶ᠎ᠠ᠃    ᠵᠣᠴᠢᠨ᠄ ᠬᠥᠲᠥᠯᠥᠭᠴᠢ ᠰᠠᠶᠢᠨ ᠦᠦ᠂ ᠰᠤᠨᠤᠰᠤᠬᠴᠢ ᠨᠠᠶᠢᠵᠠ ᠨᠠᠷ᠂ ᠣᠯᠠᠨ ᠢᠶᠠᠷ ᠢᠶᠠᠨ ᠰᠠᠶᠢᠨ ᠪᠠᠶᠢᠵᠠᠭᠠᠨ᠎ᠠ ᠦᠦ᠂ ᠪᠢ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠬᠤ᠋ ᠫᠧᠩ ᠪᠠᠶᠢᠨ᠎ᠠ᠂ ᠲᠢᠶᠠᠨ ᠮᠢᠨ ᠲᠣᠪᠴᠢᠶᠠᠨ ᠳᠠᠷᠤᠭ᠎ᠠ ᠠᠵᠢᠯ ᠤᠨ ᠲᠣᠬᠢᠷᠠᠭᠤᠯᠤᠯᠲᠠ ᠠᠴᠠ ᠪᠣᠯᠵᠣ ᠥᠪᠡᠷᠲᠡᠭᠡᠨ ᠵᠠᠰᠠᠬᠤ ᠣᠷᠣᠨ ᠳᠤ ᠬᠦᠷᠴᠦ ᠬᠤᠯᠪᠣᠭᠳᠠᠯ ᠪᠥᠬᠦᠶ ᠠᠵᠢᠯ ᠢ ᠨᠡᠪᠲᠡᠷᠡᠯᠴᠡᠨ ᠵᠤᠬᠢᠴᠠᠭᠤᠯᠬᠤ ᠪᠠᠷ ᠶᠠᠪᠤᠬᠰᠠᠨ ᠪᠤᠯᠬᠤᠷ ᠥᠨᠥᠳᠦᠷ ᠪᠢ ᠰᠢᠭᠤᠳ ᠨᠡᠪᠲᠡᠷᠡᠭᠦᠯᠭᠡ ᠶᠢᠨ ᠲᠠᠰᠤᠭ ᠲᠤ ᠰᠤᠨᠤᠰᠤᠭᠴᠢᠳ ᠲᠠᠢ ᠪᠤᠳᠤᠯ ᠰᠠᠨᠠᠯ ᠢᠶᠠᠨ ᠰᠤᠯᠢᠯᠴᠠᠬᠤ ᠪᠤᠯᠤᠨ᠎ᠠ᠂ ᠪᠢ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢ ᠲᠥᠯᠥᠭᠡᠯᠡᠨ ᠣᠯᠠᠨ ᠳᠤ ᠰᠢᠨ᠎ᠡ ᠵᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ᠂ ᠲᠠ ᠪᠦᠬᠦᠨ ᠳᠤ ᠴᠠᠭᠠᠨ ᠰᠠᠷ᠎ᠠ ᠶᠢᠨ ᠮᠡᠨᠳᠦᠴᠢᠯᠡᠭᠡ ᠬᠦᠷᠭᠡᠵᠦ᠂ ᠪᠠᠷᠰ ᠵᠢᠯ ᠥᠭᠡᠳᠡ ᠡᠰᠡᠷᠡᠭ ᠪᠠᠶᠢᠬᠤ ᠶᠢ ᠵᠦᠩᠨᠡᠵᠦ ᠪᠠᠶᠢᠨ᠎ᠠ᠂ ᠠᠳᠡ ᠥᠷᠭᠡᠨ ᠣᠯᠠᠨ ᠰᠤᠨᠤᠰᠤᠭᠴᠢᠳ ᠤᠨ ᠳ᠋ᠦᠩ ᠾᠧ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠢ ᠬᠠᠯᠠᠮᠵᠢᠯᠠᠨ ᠳᠡᠮᠵᠢᠵᠦ ᠪᠠᠶᠢᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃     ᠬᠥᠲᠥᠯᠥᠭᠴᠢ᠄ ᠰᠢᠭᠤᠳ ᠨᠡᠪᠲᠡᠷᠡᠭᠦᠯᠭᠡ ᠶᠢᠨ ᠦᠷᠦᠭᠡᠨ ᠳᠤ ᠪᠠᠰᠠ ᠬᠥᠳᠡᠯᠮᠦᠷᠢ ᠶᠢᠨ ᠬᠠᠷᠢᠴᠠᠭ᠎ᠠ ᠪᠠ ᠡᠶᠡᠳᠡᠭᠦᠯᠬᠦ ᠬᠥᠨᠳᠡᠯᠡᠨ ᠠᠴᠠ ᠲᠠᠰᠤᠯᠬᠤ ᠶᠢ ᠬᠢᠨᠠᠨ ᠪᠠᠶᠢᠴᠠᠭᠠᠬᠤ ᠲᠠᠰᠤᠭ ᠤᠨ ᠳᠠᠷᠤᠭ᠎ᠠ ᠯᠢᠦ ᠶᠢᠩ ᠴᠦᠨ᠂ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠳ᠋ᠠᠶ ᠶᠦᠨ ᠹᠸᠢ ᠵᠢᠴᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠡᠳ᠋ ᠳᠠᠷᠤᠭ᠎ᠠ ᠸᠠᠩ ᠯᠸᠢ ᠰᠠᠭᠠᠳᠠᠵᠤ ᠪᠤᠢ᠃     ᠬᠥᠲᠥᠯᠥᠭᠴᠢ᠄ ᠨᠢᠭᠡᠨ ᠰᠤᠨᠤᠰᠤᠬᠴᠢ ᠶᠢᠨ ᠲᠤᠰᠬᠠᠭᠰᠠᠨ ᠢᠶᠠᠷ᠂ ᠲᠡᠭᠦᠨ ᠤ ᠡᠵᠢ ᠨᠢ 2021 ᠣᠨ ᠤ 10 ᠰᠠᠷ᠎ᠠ ᠳᠤ ᠨᠠᠰᠤ ᠪᠠᠷᠠᠭᠰᠠᠨ ᠤ ᠳᠠᠷᠠᠭ᠎ᠠ ᠲᠡᠷᠡ ᠮᠠᠲ᠋ᠧᠷᠢᠶᠠᠯ ᠢᠶᠠᠨ ᠲᠤᠰᠢᠶᠠᠵᠤ ᠤᠷᠣᠰᠢᠭᠤᠯᠬᠤ ᠵᠠᠷᠤᠳᠠᠯ ᠤᠨ ᠲᠤᠬᠠᠢ ᠭᠠᠷ ᠭᠦᠢᠴᠡᠳᠬᠡᠯ ᠬᠢᠵᠡᠢ᠂ ᠠᠵᠢᠯᠲᠠᠨ ᠠᠴᠠ ᠬᠠᠮᠤᠭ ᠤᠨ ᠤᠳᠠᠭᠠᠨ ᠳᠠᠭᠠᠨ ᠬᠤᠶᠠᠷ ᠰᠠᠷ᠎ᠠ ᠲᠠᠢ ᠪᠣᠯ ᠭᠦᠢᠴᠡᠳᠬᠡᠵᠦ ᠲᠠᠭᠤᠰᠴᠢᠬᠠᠨ᠎ᠠ ᠭᠡᠵᠦ ᠬᠡᠯᠡᠭᠰᠡᠨ ᠪᠤᠯᠪᠠᠴᠦ ᠣᠲᠣ ᠪᠣᠯᠲᠠᠯ᠎ᠠ ᠭᠦᠢᠴᠡᠳᠬᠡᠵᠦ ᠲᠡᠶᠢᠯᠦᠬᠡ ᠥᠬᠡᠶ ᠪᠠᠶᠢᠬᠰᠠᠭᠠᠷ ᠶᠤᠮ ᠪᠠᠶᠢᠨ᠎ᠠ᠃ ᠳ᠋ᠦᠩ ᠾᠧ ᠲᠣᠭᠤᠷᠢᠭ ᠤᠨ ᠵᠤᠴᠢᠨ ᠥᠪᠡᠷ ᠤᠨ ᠪᠡᠶ᠎ᠡ ᠪᠠᠨ ᠲᠠᠨᠢᠯᠴᠠᠭᠤᠯᠬᠤ ᠶᠢᠨ ᠬᠠᠮᠲᠤ ᠣᠯᠠᠨ ᠲᠦᠮᠡᠨ ᠳᠤ ᠬᠠᠷᠢᠭᠤᠯᠲᠠ ᠥᠭᠭᠦᠭᠡᠷᠡᠶ᠃     ᠵᠣᠴᠢᠨ᠄ ᠲᠠ ᠰᠠᠶᠢᠨ ᠦᠦ᠂ ᠪᠢ ᠪᠣᠯ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠳ᠋ᠠᠶ ᠶᠦᠨ ᠹᠸᠢ ᠪᠠᠶᠢᠨ᠎ᠠ᠂ ᠣᠳᠣ ᠪᠢ ᠲᠠᠨ ᠳᠤ ᠡᠨᠡ ᠠᠰᠠᠭᠤᠳᠠᠯ ᠢ ᠬᠠᠷᠢᠭᠤᠯᠵᠤ ᠥᠭᠬᠦᠶ᠎ᠡ᠃ ᠪᠢᠳᠡ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠤᠯᠠᠮᠵᠢᠯᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠨᠥᠭᠴᠢᠭᠰᠡᠳ ᠤᠨ ᠬᠡᠷ ᠪᠦᠯᠢ ᠶᠢᠨ ᠣᠯᠭᠤᠮᠵᠢ ᠶᠢᠨ ᠲᠦᠷ ᠬᠡᠷᠡᠭᠵᠢᠭᠦᠯᠬᠦ ᠠᠷᠭ᠎ᠠ ᠶᠢᠨ ᠮᠡᠳᠡᠭᠳᠡᠯ ᠢ ᠲᠤᠰᠴᠠᠢ᠂ ᠪᠢᠴᠢᠭ ᠮᠠᠲ᠋ᠧᠷᠢᠶᠠᠯ ᠢ 2021 ᠣᠨ ᠤ 9 ᠰᠠᠷ᠎ᠠ ᠶᠢᠨ 6 ᠤ ᠡᠳᠦᠷ ᠪᠠᠭᠤᠯᠭᠠᠭᠰᠠᠨ ᠶᠤᠮ᠂ ᠣᠳᠣᠬᠠᠨ ᠳᠤ ᠰᠢᠰᠲ᠋ᠧᠮ ᠤᠨ ᠲᠤᠭ᠎ᠠ ᠨᠤᠷᠮ᠎ᠠ ᠠᠰᠠᠭᠤᠳᠠᠯ ᠲᠠᠢ ᠪᠠᠶᠢᠵᠤ᠂ ᠶᠠᠭ ᠳᠡᠭᠡᠳᠦ ᠱᠠᠲᠤᠨ ᠤ ᠮᠡᠳᠡᠭᠳᠡᠯ ᠢ ᠬᠦᠯᠢᠶᠡᠵᠦ ᠪᠠᠶᠢᠨ᠎ᠠ᠃ ᠡᠶᠢᠮᠦᠷᠬᠦᠦ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠴᠥᠮ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠮᠡᠳᠡᠭᠳᠡᠯ ᠢ ᠬᠦᠯᠢᠶᠡᠭᠰᠡᠨ ᠤ ᠲᠠᠷᠠᠭ᠎ᠠ ᠰᠢᠨ᠎ᠡ ᠠᠷᠭ᠎ᠠ ᠮᠠᠶ᠋ᠢᠭ ᠢᠶᠠᠷ ᠣᠷᠣᠰᠢᠭᠤᠯᠬᠤ ᠵᠠᠷᠤᠳᠠᠯ ᠢ ᠪᠤᠳᠤᠨ᠎ᠠ᠃     ᠬᠥᠲᠥᠯᠥᠭᠴᠢ᠄ 60 ᠨᠠᠰᠤᠨ ᠠᠴᠠ ᠡᠬᠢᠯᠡᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠬᠡᠷᠬᠢᠨ ᠲᠤᠰᠢᠶᠠᠬᠤ ᠪᠣᠶ︖ ᠨᠢᠭᠡ ᠯᠡ ᠳᠡᠭᠡᠷ᠎ᠡ ᠲᠤᠰᠢᠶᠠᠬᠤ ᠦᠦ︖ ᠬᠤᠭᠤᠴᠠᠭ᠎ᠠ ᠬᠤᠪᠢᠶᠠᠵᠤ ᠲᠤᠰᠢᠶᠠᠬᠤ ᠦᠦ︖ ᠭᠡᠵᠦ ᠰᠤᠨᠤᠰᠤᠬᠴᠢ ᠠᠰᠠᠭᠤᠵᠦ ᠪᠠᠶᠢᠨ᠎ᠠ᠃      ᠵᠣᠴᠢᠨ᠄ ᠲᠠ ᠰᠠᠶᠢᠨ ᠦᠦ᠂ ᠪᠢ ᠪᠣᠯ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠳ᠋ᠠᠶ ᠶᠦᠨ ᠹᠸᠢ᠂ ᠣᠳᠣ ᠪᠢ ᠲᠠᠨ ᠳᠤ ᠡᠨᠡ ᠠᠰᠠᠭᠤᠳᠠᠯ ᠢ ᠬᠠᠷᠢᠭᠤᠯᠵᠤ ᠥᠭᠬᠦᠶ᠎ᠡ᠃ ᠲᠠᠨ ᠤ ᠬᠤᠪᠢ ᠳᠤ ᠬᠤᠶᠠᠷ ᠵᠦᠢᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠲᠤᠰᠢᠶᠠᠵᠤ ᠪᠣᠯᠤᠨ᠎ᠠ᠂ ᠨᠢᠭᠡ ᠨᠢ ᠬᠤᠲᠠ ᠪᠠᠯᠭᠠᠰᠤᠨ ᠤ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠨᠥᠭᠦᠭᠡ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠨᠥᠬᠦᠵᠦ ᠲᠤᠰᠢᠶᠠᠬᠤ ᠶᠢ ᠨᠢᠭᠡᠨᠲᠡ ᠵᠥᠪᠰᠢᠶᠡᠷᠡᠬᠦ ᠥᠬᠡᠶ ᠪᠣᠯᠵᠠᠶ᠂ ᠠᠵᠢᠯᠲᠠᠨ ᠠᠵᠢᠯᠴᠢᠨ ᠤ ᠠᠵᠢᠯ ᠠᠴᠠ ᠪᠠᠭᠤᠬᠤ ᠱᠠᠭᠠᠷᠳᠠᠯᠭ᠎ᠠ ᠪᠣᠯ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠨᠡᠶᠢᠲᠡ 15 ᠵᠢᠯ ᠲᠤᠰᠢᠶᠠᠨ᠎ᠠ᠂ ᠤᠴᠢᠷ ᠨᠢ ᠲᠠ ᠣᠲᠣ ᠪᠦᠬᠦᠯᠢ 60 ᠨᠠᠰᠤ ᠬᠦᠷᠴᠡᠶ᠂ ᠬᠡᠷᠪᠡ ᠲᠠ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠲᠤᠰᠢᠶᠠᠪᠠᠯ᠂ ᠲᠠ ᠪᠦᠬᠦᠯᠢ 15 ᠵᠢᠯ ᠲᠤᠰᠢᠶᠠᠬᠤ ᠬᠡᠷᠡᠭᠲᠡᠶ᠂ 75 ᠨᠠᠰᠤ ᠭᠦᠷᠪᠡᠯ ᠰᠠᠶ᠋ᠢ ᠠᠵᠢᠯ ᠠᠴᠠ ᠪᠠᠭᠤᠬᠤ ᠭᠠᠷ ᠭᠦᠢᠴᠡᠳᠬᠡᠯ ᠬᠢᠵᠦ ᠪᠣᠯᠤᠨ᠎ᠠ᠃ ᠲᠠᠨ ᠤ ᠪᠣᠳᠠᠲᠤ ᠪᠠᠶᠢᠳᠠᠯ ᠢ ᠦᠨᠳᠦᠰᠦᠯᠡᠨ᠂ ᠲᠠᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠶᠢ ᠰᠠᠨᠠᠭᠤᠯᠤᠶ᠎ᠠ᠂ ᠰᠦᠢᠳᠬᠡᠯ ᠲᠤᠰᠢᠶᠠᠬᠤ ᠲᠠᠰ ᠨᠢ ᠵᠢᠯ ᠪᠦᠷᠢ 200 ᠲᠥᠭᠦᠷᠢᠭ ᠠᠴᠠ 7000 ᠲᠥᠭᠦᠷᠢᠭ ᠪᠣᠯᠬᠤ ᠪᠥᠭᠡᠳ ᠨᠢᠭᠡ ᠯᠡ ᠤᠳᠠᠭ᠎ᠠ ᠳᠤ ᠨᠥᠬᠦᠨ ᠲᠤᠰᠢᠶᠠᠵᠤ᠂ 60 ᠨᠠᠰᠤᠨ ᠠᠴᠠ ᠪᠠᠨ ᠠᠵᠢᠯ ᠠᠴᠠ ᠪᠠᠨ ᠠᠮᠠᠷᠠᠬᠤ ᠭᠠᠷᠳᠠᠮ ᠭᠦᠢᠴᠡᠳᠬᠡᠵᠦ ᠪᠤᠯᠤᠨ᠎ᠠ᠂ ᠲᠡᠭᠡᠪᠡᠯ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠰᠠᠷ᠎ᠠ ᠠᠴᠠ ᠪᠠᠨ ᠡᠬᠢᠯᠡᠵᠦ ᠬᠠᠷᠠᠭᠠᠯᠵᠠᠯ ᠢ ᠬᠦᠷᠳᠡᠵᠥ ᠪᠣᠯᠤᠨ᠎ᠠ  
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号