ᠶᠠᠷᠢᠯᠴᠠᠭᠠᠨ ᠤ ᠭᠤᠤᠯ ᠰᠡᠳᠦᠪ᠄ ᠠᠷᠠᠳ ᠲᠦᠮᠡᠨᠴᠢ ᠰᠡᠳᠬᠢᠯᠭᠡ ᠶᠢ ᠪᠠᠲᠤ ᠰᠠᠬᠢᠵᠤ ᠰᠢᠨ᠎ᠡ ᠴᠠᠭ | ᠦᠶ᠎ᠡ ᠶᠢᠨ ᠰᠢᠯᠭᠠᠯᠲᠠ ᠳᠤ ᠣᠷᠣᠯᠴᠠᠬᠤ ᠵᠠᠮ ᠢᠶᠠᠷ ᠰᠠᠶᠢᠲᠤᠷ ᠵᠠᠮᠨᠠᠨ᠎ᠠ — ᠪᠠᠶ᠋ᠬᠠᠤᠪᠤᠭ᠎ᠠ ᠠᠭᠤᠷᠬᠠᠶ ᠶᠢᠨ | ᠲᠤᠭᠤᠷᠢᠭ ᠤᠨ ᠨᠠᠮ ᠤᠨ ᠬᠤᠷᠢᠶᠠᠨ ᠤ ᠱᠦᠵᠢ ᠡᠤ ᠺᠠᠶ ᠶᠢ ᠰᠤᠷᠪᠤᠯᠵᠢᠯᠠᠭᠰᠠᠨ ᠨᠢ | ᠰᠤᠷᠪᠤᠯᠵᠢᠯᠠᠭᠰᠠᠨ ᠴᠠᠭ᠄ 2022 ᠣᠨ ᠤ 6 ᠰᠠᠷ᠎ᠠ ᠶᠢᠨ 20 ᠤ ᠡᠳᠦᠷ | ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠨᠠᠮ ᠤᠨ ᠬᠤᠷᠢᠶᠠᠨ ᠤ | ᠱᠦᠵᠢ ᠡᠤ ᠺᠠᠶ | ᠶᠠᠷᠢᠯᠴᠠᠭᠠᠨ ᠤ ᠲᠣᠪᠴᠢ ᠲᠠᠨᠢᠯᠴᠠᠭᠤᠯᠭ᠎ᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠨᠠᠮ ᠤᠨ ᠲᠥᠪ ᠬᠤᠷᠢᠶ᠎ᠠ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠢ ᠠᠯᠢ ᠤᠯᠠᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠬᠢᠵᠦ᠂ ᠶᠡᠷᠦᠩᠬᠡᠢ ᠱᠦᠵᠢ ᠰᠢ ᠶᠢᠨ ᠫᠢᠩ ᠠᠯᠢ ᠤᠯᠠᠨ ᠰᠢᠨ᠎ᠡ ᠦᠵᠡᠯᠲᠡ ᠰᠢᠨ᠎ᠡ ᠨᠤᠲᠠᠯᠠᠯᠲᠠ | ᠶᠢ ᠳᠤᠷᠠᠳᠴᠤ᠂ ᠵᠠᠬᠢᠳᠠᠯ ᠰᠤᠷᠪᠤᠯᠵᠢᠯᠠᠯ ᠤᠨ ᠠᠵᠢᠯ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠦᠭᠴᠦ | ᠂ ᠰᠢᠨᠵᠢᠯᠡᠬᠦ ᠤᠬᠠᠭᠠᠨᠴᠢ ᠵᠦᠭᠯᠡᠭᠦᠷ ᠬᠠᠩᠭᠠᠵᠤ᠂ ᠤᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠵᠦ᠂ ᠵᠠᠬᠢᠳᠠᠯ | ᠰᠤᠷᠪᠤᠯᠵᠢᠯᠠᠯ ᠤᠨ ᠠᠵᠢᠯ ᠢ ᠠᠬᠢᠭᠤᠯᠤᠨ ᠢᠯᠡᠳᠲᠡ ᠦᠷ᠎ᠡ ᠪᠦᠲᠦᠮᠵᠢ ᠣᠯᠵᠠᠢ᠃ | ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ︽ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾ ︵ᠳᠣᠷᠣᠭᠰᠢ ︽ᠲᠦᠷᠢᠮ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠂ ᠨᠡᠶᠢᠲᠡ ᠵᠢᠷᠭᠤᠭᠠᠨ ᠪᠦᠯᠦᠭ ᠲᠠᠪᠢᠨ ᠵᠦᠢᠯ ᠬᠤᠪᠢᠶᠠᠵᠠᠢ᠂ 2022 | ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ︽ᠲᠦᠷᠢᠮ︾ ᠨᠢ ᠶᠡᠷᠦᠩᠬᠡᠶ ᠱᠦᠵᠢ | ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠭᠦᠶ᠋ᠴᠡᠳ ᠢᠯᠡᠷᠡᠭᠦᠯᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢᠬᠢ ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ | ᠵᠢᠷᠤᠮᠯᠠᠯ ᠬᠠᠩᠭᠠᠪᠠ᠃ ᠪᠢᠳᠡ ᠰᠤᠷᠤᠯᠴᠠᠬᠤ ᠶᠢ ᠲᠡᠷᠢᠭᠦᠨ ᠳᠤ ᠲᠠᠯᠪᠢᠵᠤ᠂ ᠲᠡᠷᠢᠭᠦᠨ ᠤ ᠡᠩᠨᠡᠭᠡᠨ ᠳᠤ ᠶᠠᠪᠤᠵᠤ᠂ | ᠰᠤᠷᠤᠯᠴᠠᠬᠤ ᠳᠤᠮᠳᠠ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠴᠢᠳᠠᠪᠤᠷᠢ ᠪᠠ ᠬᠢᠷᠢ ᠲᠦᠪᠰᠢᠨ ᠢᠶᠠᠨ | ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠬᠤ ᠳᠤᠮᠳᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠠᠷᠢᠮᠵᠢᠶᠠᠯᠠᠨ | ᠬᠠᠷᠭᠤᠭᠤᠯᠵᠤ᠂ ᠪᠥᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠵᠢᠱᠢᠶ᠎ᠡ ᠦᠵᠡᠭᠦᠯᠬᠦ ᠲᠤᠭᠤᠷᠢᠭ ᠢ | ᠪᠥᠬᠦ ᠬᠦᠴᠦᠨ ᠢᠶᠠᠷ ᠢᠶᠠᠨ ᠡᠬᠦᠳᠦᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠣᠯᠴᠠᠬᠤ | ᠵᠠᠮ ᠢᠶᠠᠷ ᠰᠠᠶᠢᠲᠤᠷ ᠵᠠᠮᠨᠠᠨ᠎ᠠ᠃ | ᠶᠠᠷᠢᠯᠴᠠᠭᠠᠨ ᠤ ᠠᠭᠤᠯᠭ᠎ᠠ᠄ ᠲᠤᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ | ᠰᠤᠷᠪᠤᠯᠵᠢᠯᠠᠭᠴᠢ᠄ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠬᠢᠳᠠᠯ | ᠰᠤᠷᠪᠤᠯᠵᠢᠯᠠᠯ ᠤᠨ ᠠᠵᠢᠯ ᠤᠨ ᠲᠦᠷᠢᠮ︾ ᠢ ᠳᠠᠷᠤᠮᠠᠯᠯᠠᠨ ᠲᠠᠷᠬᠠᠭᠠᠭᠰᠠᠨ ᠲᠤᠬᠠᠶ ᠲᠠᠨ ᠤ ᠲᠠᠨᠢᠯᠲᠠ ᠪᠠᠨ ᠶᠠᠷᠢᠭᠠᠳ | ᠦᠭᠬᠦᠨᠡᠦ︖ | ᠪᠠᠶ᠋ᠬᠠᠤᠪᠤᠭ᠎ᠠ ᠠᠭᠤᠷᠬᠠᠶ ᠶᠢᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠡᠤ ᠺᠠᠶ᠄ ᠰᠢᠨ᠎ᠡ ᠴᠠᠭ | ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ︽ᠭᠤᠷᠪᠠᠨ ᠴᠢᠬᠤᠯᠠ︾ ᠪᠠᠶᠢᠷᠢ ᠲᠣᠭᠲᠠᠭᠠᠯᠲᠠ ᠶᠢ | ᠣᠨᠣᠪᠴᠢᠲᠠᠶ ᠣᠶᠢᠯᠠᠭᠠᠵᠤ᠂ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠶ᠃ ︽ᠲᠦᠷᠢᠮ︾ ᠳᠤ | ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠪᠣᠯ ᠨᠠᠮ ᠤᠨ ᠤᠯᠠᠨ ᠲᠦᠮᠡᠨ ᠤ ᠠᠵᠢᠯ ᠤᠨ | ᠴᠢᠬᠤᠯᠠ ᠪᠦᠷᠢᠯᠳᠦᠬᠦᠨ ᠬᠡᠰᠡᠭ ᠮᠥᠨ᠂ ᠨᠠᠮ ᠪᠠ ᠵᠠᠰᠠᠭ ᠤᠨ ᠣᠷᠳᠣᠨ ᠤ ᠠᠷᠠᠳ ᠤᠨ ᠪᠠᠶᠢᠳᠠᠯ ᠢ ᠣᠶᠢᠯᠠᠭᠠᠬᠤ᠂ | ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠠᠰᠢᠭ ᠲᠤᠰᠠ ᠶᠢ ᠬᠠᠮᠠᠭᠠᠯᠠᠬᠤ᠂ ᠠᠷᠠᠳ ᠤᠨ | ᠰᠡᠳᠬᠢᠯ ᠢ ᠨᠢᠭᠲᠠᠷᠠᠭᠤᠯᠬᠤ ᠨᠢᠭᠡᠨ ᠴᠢᠬᠤᠯᠠ ᠠᠵᠢᠯ ᠮᠥᠨ᠂ ᠡᠯ᠎ᠡ ᠱᠠᠲᠤᠨ ᠤ ᠪᠠᠶᠢᠭᠤᠯᠭ᠎ᠠ᠂ ᠨᠢᠭᠡᠴᠢ ᠵᠢᠴᠢ | ᠲᠡᠭᠦᠨ ᠤ ᠤᠳᠤᠷᠢᠳᠬᠤ ᠺᠠᠳ᠋ᠷ᠂ ᠠᠵᠢᠯᠳᠠᠨ ᠤ ᠤᠯᠠᠨ ᠲᠦᠮᠡᠨ ᠤ ᠬᠢᠨᠠᠯᠲᠠ ᠶᠢ ᠬᠦᠯᠢᠶᠡᠬᠦ᠂ ᠠᠵᠢᠯ ᠤᠨ | ᠰᠤᠷᠲᠠᠯ ᠢᠶᠠᠨ ᠰᠠᠶᠢᠵᠢᠷᠠᠭᠤᠯᠬᠤ ᠴᠢᠬᠤᠯᠠ ᠠᠷᠭ᠎ᠠ ᠵᠠᠮ ᠮᠥᠨ ᠭᠡᠵᠦ ᠲᠣᠳᠣᠷᠬᠠᠶᠢᠯᠠᠪᠠ᠃ ︽ᠭᠤᠷᠪᠠᠨ ᠴᠢᠬᠤᠯᠠ︾ | ᠪᠠᠶᠢᠷᠢ ᠲᠣᠭᠲᠠᠭᠠᠯᠲᠠ ᠨᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠵᠢᠷᠤᠮᠯᠠᠵᠤ᠂ ᠵᠠᠬᠢᠳᠠᠯ | ᠰᠤᠷᠪᠤᠯᠵᠢᠯᠠᠯ ᠤᠨ ᠠᠵᠢᠯ ᠤᠨ ᠤᠯᠤᠰ ᠲᠦᠷᠦᠴᠢ ᠴᠢᠨᠠᠷ ᠪᠣᠯᠤᠨ ᠠᠷᠠᠳᠴᠢ ᠴᠢᠨᠠᠷ ᠢ ᠲᠥᠪᠯᠡᠷᠡᠩᠭᠦᠢ ᠢᠯᠡᠷᠡᠭᠦᠯᠵᠦ᠂ | ᠵᠠᠬᠢᠳᠠᠯ ᠰᠤᠷᠪᠤᠯᠵᠢᠯᠠᠯ ᠤᠨ ᠠᠵᠢᠯ ᠤᠨ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠠᠬᠢ ᠴᠢᠬᠤᠯᠠ ᠪᠠᠶᠢᠷᠢ | ᠰᠠᠭᠤᠷᠢ ᠪᠣᠯᠤᠨ ᠡᠭᠦᠷᠭᠡᠯᠡᠵᠦ ᠪᠠᠶᠢᠭ᠎ᠠ ᠴᠢᠬᠤᠯᠠ ᠡᠭᠦᠷᠭᠡ ᠶᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠵᠠᠬᠢᠳᠠᠯ | ᠰᠤᠷᠪᠤᠯᠵᠢᠯᠠᠯ ᠤᠨ ᠠᠵᠢᠯ ᠤᠨ ᠬᠥᠭᠵᠢᠯᠲᠡ ᠶᠢᠨ ᠴᠢᠭᠯᠡᠯ ᠪᠣᠯᠤᠨ ᠬᠦᠴᠦᠯᠡᠬᠦ ᠴᠡᠭ ᠢ ᠤᠯᠠᠮ ᠴᠢᠨᠠᠭᠰᠢᠳᠠ | ᠲᠣᠳᠣᠷᠬᠠᠶᠢᠯᠠᠪᠠ᠃ ᠨᠢᠬᠡᠨ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠨᠠᠮ ᠳᠠᠭᠠᠨ ᠦᠨᠡᠨᠴᠢ | ᠰᠢᠳᠤᠷᠭᠤ ᠪᠠᠶᠢᠬᠤ ᠶᠢ ᠢᠮᠠᠭᠲᠠ ᠪᠠᠲᠤᠯᠠᠬᠤ ᠬᠡᠷᠡᠭᠲᠡᠶ᠂ ᠪᠠᠲᠤ ᠴᠢᠩᠭ᠎ᠠ ᠨᠠᠮᠴᠢ ᠴᠢᠨᠠᠷ ᠢ ᠳᠠᠪᠲᠠᠨ | ᠪᠣᠯᠪᠠᠰᠤᠷᠠᠭᠤᠯᠵᠤ᠂ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠦᠯᠭ᠎ᠠ ᠶᠢ ᠡᠷᠡᠰ ᠭᠤᠶᠢᠪᠢᠰᠢ ᠦᠭᠡᠢ | ᠬᠡᠷᠡᠭᠵᠢᠭᠦᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ | ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠶᠢ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ | ᠶᠢᠨ ᠠᠵᠢᠯᠯᠠᠭᠠᠨ ᠤ ᠰᠢᠯᠭᠠᠨ ᠪᠠᠶᠢᠴᠠᠭᠠᠯᠳᠠ ᠪᠤᠯᠭᠠᠵᠤ᠂ ᠤᠯᠤᠰ ᠲᠥᠷᠥ ᠶᠢᠨ ᠴᠢᠭᠯᠡᠯ ᠲᠣᠳᠣᠷᠬᠠᠶ ᠪᠠᠶᠢᠬᠤ᠂ | ᠤᠯᠤᠰ ᠲᠥᠷᠥ ᠶᠢᠨ ᠵᠣᠭᠰᠣᠯᠲᠠ ᠪᠠᠲᠤ ᠪᠠᠶᠢᠬᠤ ᠶᠢ ᠪᠡᠶᠡᠯᠡᠬᠦᠯᠵᠤ᠂ ︽ᠬᠤᠶᠠᠷ ᠢ ᠲᠣᠭᠲᠠᠭᠠᠬᠰᠠᠨ︾ ᠢ ᠦᠨᠡᠨᠬᠦ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ | ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠵᠥᠷᠢᠴᠡᠯ ᠤᠨ ᠳᠠᠯᠳᠠ ᠭᠡᠮ ᠢ ᠠᠷᠢᠯᠭᠠᠬᠤ ᠠᠵᠢᠯ ᠤᠨ ᠬᠢᠷᠢ | ᠲᠦᠪᠰᠢᠨ ᠢᠶᠠᠨ ᠲᠠᠰᠤᠷᠠᠯᠲᠠ ᠦᠬᠡᠢ ᠳᠡᠭᠡᠭᠰᠢᠯᠡᠭᠦᠯᠤᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ | ᠦᠨᠡᠨ ᠰᠡᠳᠬᠢᠯ ᠠᠴᠠ ᠪᠠᠨ ᠬᠠᠮᠠᠭᠠᠯᠠᠬᠤ ᠬᠡᠷᠡᠭᠳᠡᠢ᠃ | ᠲᠤᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ᠄ ᠪᠠᠶ᠋ᠬᠠᠤᠪᠤᠭ᠎ᠠ ᠠᠭᠤᠷᠬᠠᠢ ᠶᠢᠨ | ᠲᠣᠭᠤᠷᠢᠭ ᠡᠨᠡᠬᠦ ᠠᠵᠢᠯ ᠢ ᠬᠡᠷᠬᠢᠨ ᠰᠠᠶᠢᠲᠤᠷ ᠲᠤᠭᠤᠰᠢᠯᠠᠭᠤᠯᠤᠨ ᠬᠡᠷᠡᠭᠵᠢᠭᠦᠯᠬᠦ ᠪᠤᠢ︖ | ᠪᠠᠶ᠋ᠬᠠᠤᠪᠤᠭ᠎ᠠ ᠠᠭᠤᠷᠬᠠᠢ ᠶᠢᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠦ᠋ ᠺᠠᠢ᠄ ᠨᠢᠭᠡ ᠳᠤ᠂ | ᠠᠷᠠᠳ ᠲᠦᠮᠡᠨ ᠢ ᠳᠡᠭᠡᠳᠦᠯᠡᠬᠦ ᠦᠨᠳᠦᠰᠦᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠠᠷᠠᠳ ᠲᠦᠮᠡᠨᠴᠢ | ᠰᠡᠳᠬᠢᠯᠭᠡ ᠶᠢ ᠪᠠᠲᠤ ᠰᠠᠬᠢᠨ᠎ᠠ᠃ ᠠᠷᠠᠳ ᠤᠨ ᠵᠠᠬᠢᠳᠠᠯ ᠰᠤᠷᠪᠤᠯᠵᠢᠯᠠᠯ ᠨᠢ ᠠᠷᠠᠳ ᠲᠦᠮᠡᠨ ᠤ ᠲᠥᠯᠥᠭᠡ ᠶᠤᠮ᠂ | ᠠᠷᠠᠳ ᠲᠦᠮᠡᠨ ᠢᠶᠠᠷ ᠭᠤᠣᠯ ᠪᠣᠯᠭᠠᠬᠤ ᠣᠶᠢᠯᠠᠭᠠᠭᠳᠠᠬᠤᠨ ᠢ ᠪᠠᠷᠢᠮᠲᠠᠯᠠᠬᠤ ᠪᠣᠯ ᠵᠠᠬᠢᠳᠠᠯ ᠰᠤᠷᠪᠤᠯᠵᠢᠯᠠᠯ ᠤᠨ | ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠠᠷᠴᠢᠮ ᠮᠥᠨ᠃ ᠶᠡᠷᠦᠩᠬᠡᠢ ᠱᠦᠵᠢ ᠰᠢ ᠶᠢᠨ ᠫᠢᠩ ᠤᠨ ︽ᠦᠪᠡᠷ ᠢ | ᠪᠠᠨ ᠤᠮᠠᠷᠳᠠᠨ᠂ ᠠᠷᠠᠳ ᠲᠦᠮᠡᠨ ᠳᠤ ᠦᠯᠦ ᠤᠰᠤᠯᠳᠠᠬᠤ︾ ᠭᠡᠬᠦ ᠠᠷᠠᠳ ᠲᠦᠮᠡᠨ ᠤ ᠬᠠᠶᠢᠷ᠎ᠠ ᠰᠡᠳᠬᠢᠯᠭᠡ ᠪᠠᠷ | ᠦᠯᠢᠭᠡᠷ ᠳᠠᠭᠤᠷᠢᠶᠠᠯ ᠪᠣᠯᠭᠠᠵᠤ᠂ ᠤᠯᠠᠨ ᠲᠦᠮᠡᠨᠴᠢ ᠦᠵᠡᠯᠲᠡ ᠶᠢ ᠴᠢᠩᠭᠠᠳᠬᠠᠨ᠂ ᠢᠮᠠᠭᠲᠠ ᠤᠯᠠᠨ ᠲᠦᠮᠡᠨ ᠤ | ᠵᠣᠭᠰᠣᠯᠲᠠ ᠠᠴᠠ ᠰᠣᠨᠣᠰᠴᠤ᠂ ᠪᠤᠳᠤᠯᠬᠢᠯᠠᠨ᠎ᠠ᠃ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠲᠤ | ᠴᠡᠭᠡᠵᠢᠯᠡᠵᠦ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠳᠤ ᠬᠠᠨᠳᠤᠬᠤ ᠳᠠᠭᠠᠨ ᠦᠨᠡᠨ ᠰᠡᠳᠬᠢᠯ ᠠᠴᠠ ᠪᠠᠨ | ᠤᠯᠠᠨ ᠲᠦᠮᠡᠨ ᠤ ᠰᠡᠳᠬᠢᠯ ᠢ ᠲᠠᠶᠢᠳᠬᠤᠷᠠᠭᠤᠯᠵᠤ᠂ ᠲᠡᠳᠡᠨ ᠤ ᠤᠴᠠᠭᠠᠷ ᠭᠤᠮᠣᠳᠠᠯ ᠢ ᠰᠢᠢᠳᠪᠦᠷᠢᠯᠡᠨ ᠠᠷᠢᠯᠭᠠᠨ᠎ᠠ | ᠃ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠶᠢ ᠵᠠᠬᠢᠳᠠᠯ ᠰᠤᠷᠪᠤᠯᠵᠢᠯᠠᠯ ᠤᠨ ᠠᠵᠢᠯ ᠲᠤᠮᠳᠠ | ᠦᠨᠡᠨᠬᠦ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠳᠠᠬᠢ ᠪᠣᠯᠬᠢᠴᠢᠯᠠᠬᠤ | ᠠᠷᠠᠯᠵᠢᠶᠠᠯᠠᠬᠤ ᠶᠢ ᠲᠦᠪᠯᠡᠷᠡᠬᠦᠯᠦᠨ ᠵᠠᠰᠠᠬᠤ ᠪᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠯᠭ᠎ᠠ | ᠦᠶ᠋ᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠨᠣᠶᠠᠨᠴᠢ ᠰᠤᠷᠲᠠᠯ ᠢ ᠲᠠᠶᠠᠭᠳᠠᠵᠤ᠂ ᠰᠢᠯᠳᠠᠬᠯᠠᠵᠤ | ᠬᠠᠷᠢᠯᠴᠠᠨ ᠲᠦᠯᠬᠢᠯᠴᠠᠬᠦ ᠶᠢ ᠲᠡᠪᠴᠢᠨ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠶᠢ ᠠᠷᠠᠳ | ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠬᠠᠮᠤᠭ ᠤᠨ ᠰᠢᠭᠤᠳ ᠰᠢᠪᠲᠤᠯᠤᠯᠲᠠ ᠶᠢᠨ | ᠭᠠᠷᠤᠭ᠎ᠠ ᠪᠣᠯᠭᠠᠨ᠎ᠠ᠂ ᠡᠭᠦᠳᠡ ᠪᠠᠨ ᠨᠡᠭᠡᠭᠡᠵᠦ ᠶᠡᠭᠡ ᠪᠠᠷ ᠰᠤᠷᠪᠤᠯᠵᠢᠯᠠᠯ ᠢ ᠬᠦᠯᠢᠶᠡᠨ ᠠᠪᠴᠤ᠂ ᠣᠯᠠᠨ ᠲᠦᠮᠡᠨ ᠤ | ᠲᠤᠰᠬᠠᠭᠰᠠᠨ ᠡᠯ᠎ᠡ ᠵᠦᠶ᠋ᠯ ᠤᠨ ᠠᠰᠠᠭᠤᠳᠠᠯ ᠢ ᠲᠡᠷᠡ ᠲᠤᠤᠷ᠎ᠠ ᠨᠢ ᠰᠢᠶ᠋ᠳᠪᠦᠷᠢᠯᠡᠨ᠂ ᠪᠠᠷᠢᠨ ᠬᠢᠵᠤ᠂ | ᠤᠳᠤᠷᠢᠳᠤᠯᠭ᠎ᠠ ᠬᠡᠷᠡᠭ ᠢ ᠳᠠᠭᠠᠭᠠᠴᠢᠯᠠᠵᠤ ᠰᠢᠢᠳᠪᠦᠷᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠂ ︽ | ᠭᠤᠷᠪᠠ ᠶᠢ ᠨᠠᠶᠢᠳᠠᠪᠤᠷᠢᠵᠢᠭᠤᠯᠵᠤ ᠨᠢᠭᠡ ᠶᠢ ᠰᠢᠶ᠋ᠳᠪᠦᠷᠢᠯᠡᠬᠦ︾ ᠠᠵᠢᠯ ᠤᠨ ᠵᠠᠷᠴᠢᠮ ᠢ ᠶᠡᠷᠦᠩᠬᠡᠶᠢᠯᠡᠨ ᠬᠡᠷᠡᠭᠯᠡᠵᠤ᠂ | ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠰᠢᠶ᠋ᠳᠪᠦᠷᠢᠯᠡᠨ᠂ | ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠢᠲᠡᠭᠡᠯ ᠢ ᠤᠯᠤᠨ᠎ᠠ᠃ ᠬᠤᠶᠠᠷ ᠲᠤ᠂ ᠠᠵᠢᠯᠯᠠᠭᠠᠨ ᠤ ᠤᠬᠠᠮᠰᠠᠷ ᠢᠶᠠᠨ | ᠪᠦᠬᠦ ᠲᠠᠯ᠎ᠠ ᠪᠠᠷ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠎ᠠ᠃ | ᠶᠡᠷᠦᠩᠬᠡᠢ ᠱᠦᠵᠢ ᠰᠢ ᠶᠢᠨ ᠫᠢᠩ᠂ ᠣᠳᠣᠬᠠᠨ ᠳᠤ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ | ᠠᠷᠭ᠎ᠠ ᠵᠠᠮ ᠢᠶᠠᠷ ᠲᠤᠰᠬᠠᠭᠰᠠᠠ ᠵᠠᠬᠢᠳᠠᠯ ᠰᠤᠷᠪᠤᠯᠵᠢᠯᠠᠯ ᠤᠨ ᠲᠤᠪᠤᠶᠢᠮ᠎ᠠ ᠠᠰᠠᠭᠤᠳᠠᠯ ᠳᠤ ᠰᠢᠨ᠎ᠡ ᠠᠰᠠᠭᠤᠳᠠᠯ | ᠪᠠᠶᠢᠬᠤ ᠪᠠᠷ ᠪᠠᠷᠠᠬᠤ ᠦᠭᠡᠢ ᠪᠠᠰᠠ ᠬᠠᠭᠤᠴᠢᠨ ᠬᠦᠴᠢᠷ ᠠᠰᠠᠭᠤᠳᠠᠯ ᠪᠠᠶᠢᠨ᠎ᠠ᠂ ᠭᠡᠪᠡᠴᠦ ᠴᠦᠮ ᠤᠯᠠᠨ ᠲᠦᠮᠡᠨ ᠤ | ᠦᠨᠳᠦᠰᠦᠨ ᠠᠰᠢᠭ ᠲᠤᠰᠠ ᠲᠠᠢ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠲᠠᠢ | ᠬᠤᠯᠪᠣᠭᠳᠠᠨ᠎ᠠ ᠬᠡᠵᠤ ᠵᠢᠭᠠᠵᠤ ᠭᠠᠷᠭᠠᠵᠠᠢ᠃ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨ ᠬᠦ ᠴᠢᠩᠭᠠᠳᠬᠠᠵᠤ᠂ | ᠤᠳᠤᠷᠢᠳᠬᠤ ᠺᠠᠳ᠋ᠷ ᠤᠨ ᠰᠤᠷᠪᠤᠯᠵᠢᠯᠠᠯ ᠢ ᠬᠦᠯᠢᠶᠡᠨ ᠠᠪᠬᠤ᠂ ᠳᠣᠷᠣᠭᠰᠢ ᠪᠠᠭᠤᠵᠤ ᠰᠤᠷᠪᠤᠯᠵᠢᠯᠠᠬᠤ ᠡᠷᠴᠢᠮ ᠢᠶᠠᠨ | ᠴᠢᠩᠭᠠᠷᠠᠭᠤᠯᠵᠤ᠂ ᠡᠳᠦᠷ ᠪᠦᠷᠢ ᠨᠢᠭᠡ ᠰᠢᠶᠠᠨ ᠤ ᠱᠠᠲᠤᠨ ᠤ ᠤᠳᠤᠷᠢᠳᠤᠯᠭ᠎ᠠ ᠡᠭᠦᠳᠡ ᠪᠠᠨ ᠨᠡᠭᠡᠭᠡᠵᠦ | ᠰᠤᠷᠪᠤᠯᠵᠢᠯᠠᠯ ᠢ ᠶᠡᠭᠡ ᠪᠠᠷ ᠬᠦᠯᠢᠶᠡᠨ ᠠᠪᠬᠤ ᠶᠢ ᠲᠤᠬᠢᠷᠠᠭᠤᠯᠵᠤ᠂ ᠬᠠᠤᠯᠢ ᠴᠠᠭᠠᠵᠠ᠂ ᠲᠦᠷᠦ ᠶᠢᠨ ᠪᠤᠳᠤᠯᠭ᠎ᠠ᠂ | ᠠᠵᠤ ᠠᠬᠤᠢ᠂ ᠵᠠᠰᠠᠭ ᠵᠠᠬᠢᠷᠭᠠᠨ ᠤ ᠵᠡᠷᠭᠡ ᠠᠷᠭ᠎ᠠ ᠪᠠᠷᠢᠯ ᠪᠠ ᠰᠤᠷᠭᠠᠵᠤ ᠬᠥᠮᠦᠵᠢᠭᠦᠯᠬᠦ᠂ ᠡᠶᠡᠳᠡᠭᠦᠯᠬᠦ᠂ ᠵᠠᠯᠠᠵᠤ | ᠵᠢᠯᠣᠭᠤᠳᠬᠤ ᠵᠡᠷᠭᠡ ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠦᠨᠡᠨ ᠬᠦ ᠪᠤᠳᠠᠳᠠᠢ ᠠᠰᠠᠭᠤᠳᠠᠯ ᠢ ᠰᠢᠢᠳᠪᠦᠷᠢᠯᠡᠵᠦ᠂ ᠬᠡᠷᠡᠭ ᠢ | ᠲᠤᠭᠤᠰᠢᠳᠠᠢ ᠪᠠᠶᠢᠴᠠᠭᠠᠨ ᠰᠢᠢᠳᠪᠦᠷᠢᠯᠡᠵᠤ ᠳᠠᠭᠤᠰᠬᠠᠬᠤ᠂ ︽ᠤᠴᠢᠷ ᠶᠠᠪᠤᠳᠠᠯ ᠢ ᠰᠢᠢᠳᠪᠦᠷᠢᠯᠡᠵᠤ ᠰᠡᠳᠬᠢᠯ ᠤᠨ | ᠵᠠᠩᠬᠢᠷᠠᠭ᠎ᠠ ᠶᠢ ᠠᠷᠢᠯᠭᠠᠬᠤ︾ ᠶᠢ ᠦᠨᠡᠨ ᠬᠦ ᠪᠡᠶᠡᠯᠡᠭᠦᠯᠵᠦ᠂ ᠵᠥᠷᠢᠴᠡᠯ ᠢ ᠬᠠᠮᠤᠭ ᠤᠨ ᠪᠠᠭ᠎ᠠ ᠬᠡᠮᠵᠢᠶᠡᠨ ᠳᠤᠨᠢ | ᠲᠠᠷᠤᠵᠤ᠂ ᠵᠦᠷᠢᠴᠡᠯ ᠤᠨ ᠬᠤᠷᠴᠠᠳᠤᠬᠤ ᠠᠴᠠ ᠵᠠᠶᠢᠯᠠᠰᠬᠢᠵᠤ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ | ᠠᠷᠠᠳ ᠲᠦᠮᠡᠨ ᠰᠡᠳᠬᠢᠯ ᠬᠠᠨᠤᠮᠵᠢᠲᠠᠢ ᠪᠠᠶᠢᠬᠤ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠨ᠎ᠠ᠃ | | | | |