ᠬᠡᠷᠡᠭ ᠤᠨ ᠵᠢᠱᠢᠶ᠎ᠡ | ᠸᠠᠩ ᠨᠠᠰᠤᠲᠠᠨ ᠠᠮᠢᠳᠤ ᠪᠠᠶᠢᠬᠤ ᠳᠠᠭᠠᠨ ᠰᠢᠶᠣᠤ ᠮᠢᠩ ᠠᠴᠠ 20 ᠲᠦᠮᠡᠨ ᠲᠥᠭᠦᠷᠢᠭ ᠵᠢᠭᠡᠯᠡᠵᠦ᠂ | ᠰᠢᠶᠣᠤ ᠮᠢᠩ ᠣᠯᠠᠨ ᠤᠳᠠᠭ᠎ᠠ ᠨᠡᠬᠡᠭᠰᠡᠨ ᠪᠤᠯᠪᠠᠴᠤ ᠪᠤᠴᠠᠭᠠᠭᠰᠠᠨ ᠦᠭᠡᠢ᠃ ᠸᠠᠩ ᠨᠠᠰᠤᠲᠠᠨ ᠨᠠᠰᠤ ᠪᠠᠷᠠᠭᠰᠠᠨ ᠤ | ᠲᠠᠷᠠᠭ᠎ᠠ᠂ ᠰᠢᠶᠤᠤ ᠮᠢᠩ ᠸᠠᠩ ᠨᠠᠰᠤᠲᠠᠨ ᠤ ᠬᠦᠦ ᠰᠢᠶᠤᠤ ᠸᠠᠩ ᠢ ᠰᠢᠭᠦᠬᠦ ᠬᠤᠷᠢᠶᠠᠨ ᠳᠤ ᠵᠠᠭᠠᠯᠳᠤᠵᠦ᠂ ᠰᠢᠶᠤᠤ | ᠸᠠᠩ ᠡᠴᠢᠭᠡ ᠶᠢᠨ ᠢᠶᠠᠨ 20 ᠲᠦᠮᠡᠨ ᠲᠥᠭᠦᠷᠢᠭ ᠤᠨ ᠵᠢᠭᠡᠯᠡᠯᠭᠡ ᠶᠢ ᠪᠤᠴᠠᠭᠠᠬᠤ ᠬᠠᠷᠢᠭᠤᠴᠠᠯᠭ᠎ᠠ ᠡᠭᠦᠷᠭᠡᠯᠡᠬᠦ | ᠬᠡᠷᠡᠭᠲᠡᠢ ᠭᠡᠵᠦ ᠱᠠᠭᠠᠷᠳᠠᠵᠠᠢ᠃ ᠰᠢᠶᠤᠤ ᠸᠠᠩ ᠲᠤᠬᠠᠢ ᠶᠢᠨ ᠲᠢᠩᠬᠢᠮ ᠳᠤ ᠡᠴᠢᠭᠡ ᠶᠢᠨ ᠢᠶᠠᠨ ᠥᠪ ᠬᠥᠷᠤᠩᠭᠡ ᠶᠢ | ᠵᠠᠯᠭᠠᠮᠵᠢᠯᠠᠬᠤ ᠪᠠᠨ ᠪᠤᠯᠢᠨ᠎ᠠ᠂ ᠡᠴᠢᠭᠡ ᠶᠢᠨ ᠢᠶᠠᠨ ᠥᠭᠴᠡᠭᠡ ᠶᠢ ᠡᠭᠦᠷᠭᠡᠯᠡᠬᠦ ᠦᠭᠡᠢ ᠭᠡᠵᠦ ᠢᠯᠡᠷᠬᠡᠶᠢᠯᠡᠵᠡᠢ᠃ | ᠲᠡᠭᠡᠪᠡᠯ᠂ ᠰᠢᠶᠤᠤ ᠸᠠᠩ ᠡᠴᠢᠬᠡ ᠶᠢᠨ ᠢᠶᠠᠨ ᠥᠭᠴᠡᠭᠡ ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠦᠦ︖ | ᠬᠠᠤᠯᠢ ᠢᠶᠠᠷ ᠲᠠᠶᠢᠯᠪᠤᠷᠢᠯᠠᠬᠤ ᠨᠢ | ᠬᠡᠷᠡᠭ ᠥᠬᠡᠶ᠃ ᠢᠷᠭᠡᠨ ᠤ ᠬᠠᠤᠯᠢ ᠶᠢᠨ ᠪᠢᠴᠢᠭ ᠤᠨ ᠵᠠᠭᠤ ᠵᠢᠷᠠᠨ ᠨᠢᠭᠡᠳᠦᠭᠡᠷ ᠵᠦᠢᠯ ᠳᠤ᠂ ᠥᠪ | ᠵᠠᠯᠭᠠᠮᠵᠢᠯᠠᠭᠴᠢ ᠣᠯᠤᠭᠰᠠᠨ ᠥᠪ ᠬᠦᠷᠦᠩᠭᠡ ᠶᠢᠨ ᠢᠶᠠᠨ ᠪᠣᠳᠠᠲᠤ ᠦᠷᠳᠡᠭ ᠢᠶᠠᠷ ᠬᠢᠵᠠᠭᠠᠷ ᠪᠣᠯᠭᠠᠵᠤ ᠥᠪ | ᠵᠠᠯᠭᠠᠮᠵᠢᠯᠠᠭᠤᠯᠤᠭᠴᠢ ᠶᠢᠨ ᠬᠠᠤᠯᠢ ᠶᠣᠰᠣᠭᠠᠷ ᠲᠤᠰᠢᠶᠠᠬᠤ ᠶᠣᠰᠣᠲᠠᠢ ᠭᠠᠶᠢᠯᠢ ᠶᠢᠨ ᠵᠣᠭᠤᠰ ᠪᠠ ᠥᠭᠴᠡᠭᠡ ᠶᠢ | ᠲᠦᠯᠤᠵᠤ ᠳᠠᠭᠤᠰᠬᠠᠨ᠎ᠠ ᠭᠡᠵᠦ ᠲᠣᠭᠲᠠᠭᠠᠵᠠᠢ᠃ ᠥᠪ ᠬᠦᠷᠦᠩᠬᠡ ᠶᠢᠨ ᠪᠣᠳᠠᠲᠤ ᠦᠷᠲᠡᠭ ᠠᠴᠠ ᠬᠡᠲᠦᠷᠡᠭᠰᠡᠨ | ᠬᠡᠰᠡᠭ ᠢ ᠥᠪ ᠵᠠᠯᠭᠠᠮᠵᠢᠯᠠᠭᠴᠢ ᠰᠠᠶᠢᠨ ᠳᠤᠷ᠎ᠠ ᠠᠴᠠ ᠪᠠᠨ ᠲᠦᠯᠦᠬᠦ ᠨᠢ ᠡᠭᠦᠨ ᠳᠤ ᠬᠢᠵᠠᠭᠠᠷᠯᠠᠭᠳᠠᠬᠤ ᠦᠭᠡᠢ᠃ | ᠥᠪ ᠵᠠᠯᠭᠠᠮᠵᠢᠯᠠᠭᠴᠢ ᠨᠢ ᠥᠪ ᠵᠠᠯᠭᠠᠮᠵᠢᠯᠠᠬᠤ ᠦᠭᠡᠢ ᠪᠣᠯ ᠥᠪ ᠵᠠᠯᠭᠠᠮᠵᠢᠯᠠᠭᠤᠯᠤᠭᠴᠢ ᠶᠢᠨ ᠬᠠᠤᠯᠢ ᠶᠣᠰᠣᠭᠠᠷ | ᠲᠤᠰᠢᠶᠠᠪᠠᠰᠤ ᠵᠣᠬᠢᠬᠤ ᠭᠠᠶᠢᠯᠢ ᠶᠢᠨ ᠮᠥᠩᠭᠦ ᠪᠠ ᠥᠷᠢ ᠶᠢ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠦᠭᠡᠢ ᠪᠠᠶᠢᠵᠤ | ᠪᠣᠯᠤᠨ᠎ᠠ᠃ |