ᠢᠰᠯᠠᠮ ᠤᠨ ᠰᠦᠮ᠎ᠡ 
ᠨᠡᠶᠢᠲᠡᠯᠡᠭᠰᠡᠨ ᠴᠠᠭ᠄
2022/11/24
       ᠢᠰᠯᠠᠮ ᠤᠨ ᠰᠦᠮ᠎ᠡ ᠨᠢ ᠪᠤᠭᠤᠳᠤ ᠬᠤᠲᠠ ᠶᠢᠨ ᠳ᠋ᠦᠩ ᠾᠧ ᠲᠣᠭᠤᠷᠢᠭ ᠤᠨ ᠺᠢᠯᠣᠮᠧᠳ᠋ᠷ ᠰᠦᠮ᠎ᠡ ᠭᠤᠳᠤᠮᠵᠢ ᠳᠤ ᠪᠠᠶᠢᠷᠢᠰᠢᠵᠤ ᠪᠣᠢ᠃ 3000 ᠭᠠᠷᠤᠢ ᠲᠡᠭᠰᠢ ᠲᠦᠷᠪᠡᠯᠵᠢᠨ ᠮᠧᠳ᠋ᠷ ᠲᠠᠯᠠᠪᠠᠢ ᠲᠠᠢ᠂ ᠴᠢᠩ ᠤᠨ ᠲᠡᠭᠷᠢ ᠲᠡᠳᠭᠦᠭᠴᠢ ᠶᠢᠨ ᠨᠠᠢᠮᠠᠳᠤᠭᠠᠷ ᠣᠨ ︵1743 ᠣᠨ︶ ᠳᠤ ᠪᠠᠶᠢᠭᠤᠯᠤᠭᠳᠠᠵᠤ᠂ 200 ᠭᠠᠷᠤᠢ ᠵᠢᠯ ᠤᠨ ᠵᠠᠰᠠᠨ ᠰᠢᠨᠡᠴᠢᠯᠡᠬᠦ ᠪᠠᠷ ᠲᠠᠮᠵᠢᠨ ᠡᠳᠦᠬᠡ ᠨᠢᠭᠡᠨᠲᠡ ᠪᠦᠷᠢᠨ ᠲᠦᠬᠦᠷ ᠴᠢᠳᠠᠪᠬᠢ ᠲᠠᠢ ᠢᠰᠯᠠᠮ ᠤᠨ ᠰᠦᠮ᠎ᠡ ᠪᠣᠯᠵᠠᠢ᠃ ᠰᠦᠮ᠎ᠡ ᠳᠤ ᠮᠦᠷᠭᠦᠯ ᠤᠨ ᠲᠤᠭᠠᠩ᠂ ᠤᠭᠢᠶᠠᠯ ᠤᠨ ᠭᠡᠷ ᠵᠡᠷᠭᠡ ᠪᠣᠢ᠃ ᠢᠰᠯᠠᠮ ᠤᠨ ᠰᠦᠮ᠎ᠡ ᠪᠠᠷᠢᠯᠭ᠎ᠠ ᠨᠢ ᠳᠤᠮᠳᠠᠳᠤ ᠤᠯᠤᠰ ᠤᠨ ᠤᠯᠠᠮᠵᠢᠯᠠᠯᠲᠤ ᠵᠠᠰᠠᠯ ᠴᠢᠮᠡᠭᠡᠯᠡᠯ ᠤᠨ ᠠᠷᠭ᠎ᠠ ᠶᠢ ᠭᠦᠢᠴᠡᠳ ᠠᠰᠢᠭᠯᠠᠵᠤ᠂ ᠢᠰᠯᠠᠮ ᠤᠨ ᠰᠠᠱᠢᠨ ᠤ ᠣᠨᠴᠠᠯᠢᠭ ᠢ ᠪᠦᠷᠢᠨ ᠬᠠᠷᠠᠭᠤᠯᠵᠠᠢ᠃ 20 ᠳ᠋ᠤᠭᠠᠷ ᠵᠠᠭᠤᠨ ᠤ 90 ᠣᠨ ᠤ ᠤᠷᠢᠳ ᠬᠤᠵᠢᠳ ᠰᠦᠮ᠎ᠡ  ᠳᠠᠬᠢ ᠵᠢᠷᠤᠭ ᠢ ᠪᠦᠬᠦ ᠲᠠᠯ᠎ᠠ ᠪᠠᠷ ᠨᠦᠬᠦᠵᠤ ᠵᠢᠷᠤᠨ᠂ ᠴᠢᠯᠦᠭᠡᠲᠡᠢ ᠨᠡᠭᠡᠭᠡᠭᠰᠡᠨ ᠢᠶᠠᠷ ᠦᠪᠦᠷ ᠮᠣᠩᠭᠤᠯ ᠤᠨ ᠪᠠᠷᠠᠭᠤᠨ ᠪᠦᠰᠡ ᠭᠠᠵᠠᠷ ᠲᠤ ᠨᠦᠯᠦᠭᠡ ᠶᠡᠬᠡᠲᠠᠢ ᠢᠰᠯᠠᠮ ᠤᠨ ᠰᠦᠮ᠎ᠡ ᠪᠣᠯᠤᠭᠰᠠᠨ ᠪᠦᠭᠡᠳ ᠮᠦᠨ ᠴᠦ
ᠮᠦᠰᠯᠢᠮ ᠤᠨ ᠰᠠᠱᠢᠨ ᠤ ᠠᠵᠢᠯᠯᠠᠭ᠎ᠠ ᠶᠢᠨ ᠲᠠᠯᠠᠪᠤᠷ ᠪᠤ‍ᠯᠵᠤ᠂ ᠬᠤᠲᠠ ᠶᠢᠨ ᠲᠠᠰ ᠤᠨ ᠲᠡᠦᠬᠡ ᠶᠢᠨ ᠲᠤᠷᠠᠰᠬᠠᠯ ᠢ
ᠬᠠᠮᠠᠭᠠᠯᠠᠬᠤ ᠨᠢᠭᠡᠴᠡ ᠪᠠᠷ ᠵᠢᠭᠰᠠᠭᠠᠭᠳᠠᠨ᠂ ᠳᠤᠮᠳᠠᠳᠤ ᠤᠯᠤᠰ ᠤᠨ ᠢᠰᠯᠠᠮ ᠤᠨ ᠰᠠᠱᠢᠨ ᠤ ᠨᠡᠶᠢᠭᠡᠮᠯᠢᠭ ᠠᠴᠠ ᠲᠣᠭᠳᠠᠭᠠᠭᠰᠠᠨ ᠴᠢᠬᠤᠯᠠ ᠢᠰᠯᠠᠮ ᠤᠨ ᠰᠦᠮ᠎ᠡ ᠪᠣᠯᠤᠨ᠎ᠠ᠃
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号