ᠰᠡᠷᠡᠮᠵᠢᠯᠡ︕ ᠨᠠᠰᠤᠲᠠᠨ ᠤ ᠬᠠᠷ ᠣᠳᠠᠰᠣᠨ ᠤ ︽ᠵᠣᠭᠤᠰᠣᠨ ᠪᠣᠭᠴᠣ︾ ᠠᠴᠠ ᠰᠠᠷ᠎ᠠ ᠪᠦᠷᠢ ᠬᠡᠳᠤ ᠬᠡᠳᠦᠨ ᠵᠠᠭᠤᠨ ᠲᠥᠭᠦᠷᠢᠭ ᠢᠶᠠᠷ ᠬᠠᠰᠤᠭᠳᠠᠵᠠᠢ︕
ᠨᠡᠶᠢᠲᠡᠯᠡᠭᠰᠡᠨ ᠴᠠᠭ᠄
2022/11/3
       ᠮᠠᠨ ᠤ ᠤᠯᠤᠰ ᠤᠨ ᠨᠠᠰᠤᠲᠠᠶᠢᠴᠤᠳ ᠤᠨ ᠰᠦᠯᠵᠢᠶᠡᠨ ᠢᠷᠭᠡᠨ ᠲᠦᠷᠭᠡᠨ ᠢᠶᠠᠷ ᠨᠡᠮᠡᠭᠳᠡᠬᠦ ᠶᠢ ᠳᠠᠭᠠᠯᠳᠤᠨ᠂ ᠵᠠᠷᠢᠮ ᠤᠨᠳᠤᠤ ᠰᠠᠨᠠᠭ᠎ᠠ ᠲᠠᠢ ᠬᠠᠤᠯᠢ ᠪᠤᠰᠤ ᠬᠤᠳᠠᠯᠳᠤᠭᠠᠴᠢᠳ ᠡᠨᠡᠬᠦ ᠮᠤᠨᠳᠠᠭ ᠶᠡᠭᠡ ᠬᠡᠷᠡᠭᠯᠡᠭᠡᠨ ᠤ ᠰᠦᠷᠦᠭᠯᠡᠯ ᠢ ᠠᠩᠬᠠᠷᠤᠯ ᠳᠠᠭᠠᠨ ᠠᠪᠴᠠᠶ᠃ ᠣᠶᠢᠷ᠎ᠠ ᠳᠤ᠂ ᠮᠠᠰᠢ ᠣᠯᠠᠨ ᠬᠡᠷᠡᠭᠯᠡᠭᠴᠢ ᠶᠢᠨ ᠵᠠᠭᠠᠯᠳᠤᠬᠤ ᠪᠠᠷ᠂ ᠬᠡᠷ ᠤᠨ ᠬᠢᠨᠢ ᠨᠠᠰᠤᠲᠠᠶᠢᠴᠤᠳ ᠤᠨ ᠭᠠᠷ ᠤᠲᠠᠰᠤᠨ ᠳᠡᠭᠡᠷ᠎ᠡ ᠨᠢ 1 ᠲᠥᠭᠦᠷᠢᠭ ᠤᠨ ︽ᠢᠨᠲ᠋ᠧᠷ ᠰᠦᠯᠵᠢᠶᠡᠨ ᠤ ᠳᠠᠭᠠᠳᠬᠠᠯ ᠤᠨ ᠵᠠᠷᠤᠳᠠᠯ︾ ᠬᠤᠷᠢᠶᠠᠭᠰᠠᠨ ᠲᠡᠮᠳᠡᠭᠯᠡᠯ ᠣᠯᠠᠨ ᠪᠠᠶᠢᠨ᠎ᠠ᠃ ᠡᠳᠡᠭᠡᠷ ᠳᠠᠭᠠᠳᠬᠠᠯ ᠨᠢ ᠬᠦᠮᠣᠰ ᠲᠤ ︽0 ᠲᠥᠭᠦᠷᠢᠭ᠂ 1 ᠲᠥᠭᠦᠷᠢᠭ︾᠂ ︽ᠵᠠᠷᠤᠳᠠᠯ ᠬᠤᠷᠢᠶᠠᠬᠤ ᠦᠭᠡᠶ︾ ᠭᠡᠰᠡᠨ ᠪᠤᠷᠤᠭᠤ ᠣᠶᠢᠯᠠᠭᠠᠯᠲᠠ ᠦᠭᠴᠦ ᠪᠠᠶᠢᠪᠠ᠂ ᠦᠨᠡᠨ ᠳᠡᠭᠡᠨ ᠳᠠᠭᠠᠳᠬᠠᠯ ᠤᠨ ᠵᠠᠷᠤᠳᠠᠯ ᠢ ᠰᠡᠭᠦᠯᠴᠢ ᠶᠢᠨ ᠬᠤᠭᠤᠴᠠᠭ᠎ᠠ ᠬᠦᠷᠲᠡᠯ᠎ᠡ ᠲᠡᠰᠬᠡᠨ ᠨᠣᠭᠳᠠᠭᠤᠯᠵᠤ᠂ ᠬᠡᠷᠡᠭᠯᠡᠭᠴᠢᠳ ᠳᠠᠭᠠᠳᠬᠠᠯ ᠤᠨ ᠵᠠᠷᠤᠳᠠᠯ ᠤᠨ ᠬᠠᠷᠠᠭᠠᠯᠵᠠᠯ ᠢ ᠦᠨᠡᠨ ᠳᠡᠭᠡᠨ ᠣᠯᠵᠤ ᠡᠳ᠋ᠯᠡᠭᠰᠡᠨ ᠦᠭᠡᠶ᠃ ᠡᠨᠡ ᠵᠢᠯ ᠤᠨ 1 ᠳ᠋ᠤᠭᠡᠷ ᠰᠠᠷ᠎ᠠ ᠳᠤ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠡᠶᠢᠮᠤᠷᠬᠦ ᠳᠠᠭᠠᠳᠬᠠᠯ ᠤᠨ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢᠨ ᠲᠦᠭᠰᠢᠭᠦᠷᠢ ᠶᠢᠨ ᠲᠤᠬᠠᠢ ᠰᠠᠨᠠᠭᠤᠯᠤᠮᠵᠢ ᠶᠢ ᠨᠡᠶᠢᠲᠡᠯᠡᠵᠦ ᠦᠩᠭᠡᠷᠡᠪᠡ᠃       ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠥᠩᠭᠦᠨ ᠭᠦᠢᠯᠭᠡᠭᠡᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠭᠦᠸᠧ ᠶᠢᠨ ᠯᠦᠩ᠄ ᠡᠩ ᠤᠨ ᠪᠠᠶᠢᠳᠠᠯ ᠳᠤ ᠰᠠᠷ᠎ᠠ ᠪᠠᠷ ᠳᠠᠭᠠᠳᠬᠠᠯ ᠤᠨ ᠵᠠᠷᠤᠳᠠᠯ ᠲᠤᠰᠢᠶᠠᠪᠠᠯ᠂ ᠰᠠᠷ᠎ᠠ ᠪᠦᠷᠢ ᠶᠢᠨ ᠳᠠᠭᠠᠳᠬᠠᠯ ᠤᠨ ᠵᠠᠷᠤᠳᠠᠯ ᠨᠢ ᠦᠨᠳᠦᠰᠦᠨ ᠳᠡᠭᠡᠨ ᠠᠳᠠᠯᠢ ᠪᠠᠶᠢᠬᠤ ᠬᠡᠷᠡᠭᠲᠡᠶ᠃ ᠲᠦᠷᠦᠬᠦᠨ ᠤ ᠨᠢᠭᠡ ᠰᠠᠷ᠎ᠠ ᠳᠤᠨᠢ ᠳᠤᠲᠠᠭᠤ ᠲᠤᠰᠢᠶᠠᠬᠤ ᠪᠤᠶᠤ ᠰᠡᠭᠦᠯ ᠤᠨ ᠰᠠᠷ᠎ᠠ  ᠤᠳ ᠲᠤ ᠨᠡᠮᠡᠭᠳᠡᠭᠦᠯᠦᠭᠰᠡᠨ ᠪᠣᠯ ᠬᠢᠨᠠᠨ ᠬᠠᠮᠢᠶᠠᠷᠬᠤ ᠲᠠᠯ᠎ᠠ ᠠᠴᠠ ᠵᠥᠪᠰᠢᠶᠡᠷᠡᠵᠦ ᠪᠣᠯᠬᠤ ᠦᠭᠡᠢ ᠶᠤᠮ᠃ ᠪᠤᠷᠤᠭᠤ ᠵᠦᠭ ᠬᠥᠲᠥᠯᠬᠦ ᠪᠤᠶᠤ ᠬᠤᠳᠠᠯ ᠬᠠᠭᠤᠷᠮᠠᠭ ᠢᠶᠠᠷ ᠤᠬᠠᠭᠤᠯᠬᠤ ᠠᠰᠠᠭᠤᠳᠠᠯ ᠣᠷᠣᠰᠢᠵᠤ ᠪᠠᠶᠢᠨ᠎ᠠ ᠭᠡᠯ᠎ᠡ᠃       ᠸᠢᠴᠠᠲ ᠠᠴᠠ ᠠᠦ᠋ᠲ᠋ᠣ᠋ ᠪᠠᠷ ᠰᠦᠢᠳᠭᠡᠯ ᠰᠠᠭᠤᠯᠭᠠᠨ ᠠᠪᠬᠤ ᠶᠢ ᠦᠭᠡᠶᠢᠰᠭᠡᠵᠦ ᠲᠡᠶᠢᠯᠬᠦ ᠥᠬᠡᠶ ᠪᠠᠶᠢᠨ᠎ᠠ ᠭᠡᠬᠦ ᠤᠯᠠᠨ ᠬᠡᠷᠡᠭᠯᠡᠭᠴᠢ ᠶᠢᠨ ᠲᠤᠰᠬᠠᠭᠰᠠᠨ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠲᠧᠩ ᠰᠢᠶᠦ᠋ᠨ ᠺᠣᠮᠫᠠᠨᠢ ᠶᠢᠨ ᠵᠣᠴᠢᠳ ᠲᠠᠢ ᠬᠠᠷᠢᠯᠴᠠᠵᠤ ᠬᠠᠷᠢᠭᠤᠯᠲᠠ ᠣᠯᠪᠠ᠃ ᠬᠡᠷᠡᠭᠯᠡᠭᠴᠢᠳ ᠸᠢᠴᠠᠲ ᠢᠶᠠᠨ ᠨᠡᠭᠡᠭᠡᠵᠦ᠂ ᠪᠠᠷᠠᠭᠤᠨ ᠳᠤᠤᠷ᠎ᠠ ᠥᠨᠴᠥᠭ ᠤᠨ ︽我︾ ᠶᠢ ᠲᠣᠪᠴᠢᠳᠠᠨ ᠲᠣᠭᠠᠴᠠᠭ᠎ᠠ ᠬᠢᠬᠦ ᠪᠠᠷᠠᠭᠤᠨ ᠳᠡᠭᠡᠷ᠎ᠡ ᠥᠨᠴᠥᠭ ᠲᠤ ᠬᠦᠷᠴᠦ᠂ ᠰᠦᠢᠳᠭᠡᠯ ᠰᠠᠭᠤᠯᠭᠠᠨ ᠠᠪᠬᠤ ᠦᠢᠯᠡᠴᠢᠯᠡᠭᠡᠨ ᠤ ᠬᠠᠭᠤᠳᠠᠰᠤᠨ ᠳᠤ ᠤᠷᠤᠭᠠᠳ᠂ ᠨᠢᠭᠡᠨᠲᠡ ᠭᠡᠷ᠎ᠡ ᠲᠣᠭᠲᠠᠭᠰᠠᠨ ᠵᠥᠢᠯᠡᠰ ᠲᠤ ᠬᠦᠴᠦᠨ ᠥᠬᠡᠶ ᠪᠣᠯᠭᠠᠬᠤ ᠴᠢᠬᠤᠯᠠᠲᠠᠶ ᠵᠥᠢᠯᠡᠰ ᠢ ᠲᠣᠪᠴᠢᠳᠠᠵᠤ᠂ ᠲᠣᠰ ᠵᠥᠢᠯᠡᠰ ᠤᠨ ᠠᠦ᠋ᠲ᠋ᠣ᠋ ᠪᠠᠷ ᠰᠦᠢᠳᠭᠡᠯ ᠰᠠᠭᠤᠯᠭᠠᠨ ᠠᠪᠬᠤ ᠶᠢ ᠬᠠᠭᠠᠵᠤ ᠪᠣᠯᠤᠨ᠎ᠠ᠃   
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号