ᠠᠵᠤ ᠠᠬᠤᠶᠢᠯᠠᠯ ᠤᠨ ᠵᠢᠯ ᠤᠨ ᠮᠥᠩᠭᠦ ᠶᠢ ᠣᠶᠢᠯᠠᠭᠠᠨ᠎ᠠ ᠤᠤ︖ | ᠠᠵᠤ ᠠᠬᠤᠶᠢᠯᠠᠯ ᠤᠨ ᠵᠢᠯ ᠤᠨ ᠮᠥᠩᠭᠦ ᠭᠡᠳᠡᠭ ᠨᠢ ᠠᠵᠤ ᠠᠬᠤᠶᠢᠯᠠᠯ ᠵᠢᠴᠢ ᠲᠡᠭᠦᠨ ᠤ ᠠᠵᠢᠯᠲᠠᠨ ᠠᠵᠢᠯᠴᠢᠨ | ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠭᠰᠠᠨ ᠰᠠᠭᠤᠷᠢᠨ ᠳᠡᠭᠡᠷ᠎ᠡ | ᠪᠡᠶ᠎ᠡ ᠪᠠᠨ ᠳᠠᠭᠠᠭᠠᠵᠤ ᠪᠠᠶᠢᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠨᠥᠬᠦᠪᠥᠷᠢ ᠳᠠᠭᠠᠳᠬᠠᠯ ᠤᠨ ᠲᠦᠷᠢᠮ ᠢ | ᠵᠢᠭᠠᠵᠤ ᠪᠠᠶᠢᠨ᠎ᠠ᠃ | ᠠᠵᠤ ᠠᠬᠤᠶᠢᠯᠠᠯ ᠤᠨ ᠵᠢᠯ ᠤᠨ ᠮᠥᠩᠭᠦ ᠶᠢᠨ ᠰᠠᠭᠤᠷᠢ ᠮᠥᠩᠭᠦ ᠨᠢ ᠶᠠᠭᠤ ᠪᠠᠷ ᠪᠦᠷᠢᠯᠳᠦᠭᠰᠡᠨ ᠪᠤᠢ︖ | ︵ᠨᠢᠭᠡ︶ ᠠᠵᠤ ᠠᠬᠤᠶᠢᠯᠠᠯ ᠰᠦᠢᠳᠬᠡᠯ ᠲᠤᠰᠢᠶᠠᠬᠤ︔ | ︵ᠬᠤᠶᠠᠷ︶ ᠠᠵᠢᠯᠲᠠᠨ ᠠᠵᠢᠯᠴᠢᠨ ᠬᠤᠪᠢ ᠬᠥᠮᠦᠨ ᠰᠦᠢᠳᠬᠡᠯ ᠲᠤᠰᠢᠶᠠᠬᠤ︔ | ︵ᠭᠤᠷᠪᠠ︶ ᠠᠵᠤ ᠠᠬᠤᠶᠢᠯᠠᠯ ᠤᠨ ᠣᠨ ᠤ ᠮᠥᠩᠭᠦ ᠶᠢᠨ ᠰᠠᠭᠤᠷᠢ ᠮᠥᠩᠭᠦ ᠶᠢᠨ ᠪᠠᠯᠠ ᠣᠷᠣᠭᠤᠯᠵᠤ | ᠡᠵᠡᠩᠨᠡᠭᠰᠡᠨ ᠠᠰᠢᠭ ᠣᠷᠣᠯᠭ᠎ᠠ᠃ ᠠᠵᠤ ᠠᠬᠤᠶᠢᠯᠠᠯ ᠤᠨ ᠵᠢᠯ ᠤᠨ ᠮᠥᠩᠭᠦ ᠶᠢ ᠬᠡᠷᠬᠢᠨ ᠲᠤᠰᠢᠶᠠᠬᠤ ᠪᠣᠶ︖ | ᠠᠵᠤ ᠠᠬᠤᠶᠢᠯᠠᠯ ᠤᠨ ᠲᠤᠰᠢᠶᠠᠬᠤ ᠵᠠᠷᠤᠳᠠᠯ ᠨᠢ ᠵᠢᠯ ᠪᠦᠷᠢ ᠲᠣᠰ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠴᠠᠯᠢᠩ ᠤᠨ ᠶᠡᠷᠦᠩᠬᠡᠶ ᠲᠣᠭᠠᠨ ᠤ 8 % ᠠᠴᠠ ᠬᠡᠲᠦᠷᠡᠵᠦ ᠪᠣᠯᠬᠤ ᠥᠬᠡᠶ᠂ ᠠᠵᠤ ᠠᠬᠤᠶᠢᠯᠠᠯ ᠪᠠ | ᠠᠵᠢᠯᠲᠠᠨ ᠠᠵᠢᠯᠴᠢᠨ ᠬᠤᠪᠢ ᠬᠥᠮᠦᠨ ᠤ ᠲᠤᠰᠢᠶᠠᠬᠤ ᠵᠠᠷᠤᠳᠠᠯ ᠨᠢ ᠨᠡᠶᠢᠲᠡ 12 % ᠠᠴᠠ ᠬᠡᠲᠦᠷᠡᠵᠦ ᠪᠣᠯᠬᠤ | ᠥᠬᠡᠶ᠂ ᠪᠣᠳᠠᠲᠠᠶ ᠬᠡᠷᠡᠭᠰᠡᠬᠦ ᠵᠠᠷᠤᠳᠠᠯ ᠢ ᠠᠵᠤ ᠠᠬᠤᠶᠢᠯᠠᠯ ᠪᠠ ᠠᠵᠢᠯᠲᠠᠨ ᠠᠵᠢᠯᠴᠢᠨ ᠤ ᠲᠠᠯ᠎ᠠ ᠠᠴᠠ ᠵᠥᠪᠳᠡᠯᠴᠡᠨ | ᠲᠣᠭᠲᠠᠭᠠᠨ᠎ᠠ᠃ | ᠠᠵᠤ ᠠᠬᠤᠶᠢᠯᠠᠯ ᠤᠨ ᠵᠢᠯ ᠤᠨ ᠮᠥᠩᠭᠦ ᠶᠢ ᠬᠡᠷᠬᠢᠨ ᠠᠪᠬᠤ ᠪᠣᠶ︖ | ︽ᠠᠵᠤ ᠠᠬᠤᠶᠢᠯᠠᠯ ᠤᠨ ᠵᠢᠯ ᠤᠨ ᠮᠥᠩᠭᠦ ᠶᠢᠨ ᠠᠷᠭ᠎ᠠ︾ ᠳᠤ᠂ ᠠᠵᠢᠯᠲᠠᠨ ᠠᠵᠢᠯᠴᠢᠨ ᠤᠯᠤᠰ ᠠᠴᠠ | ᠲᠣᠭᠲᠠᠭᠠᠭᠰᠠᠨ ᠠᠵᠢᠯ ᠤᠨ ᠠᠮᠠᠷᠠᠯᠲᠠ ᠶᠢᠨ ᠨᠠᠰᠤᠨ ᠳᠤ ᠬᠥᠷᠬᠦ ᠪᠤᠶᠤ ᠬᠥᠳᠡᠯᠮᠦᠷᠢᠯᠡᠬᠦ ᠴᠢᠳᠠᠪᠤᠷᠢ ᠪᠠᠨ | ᠪᠦᠷᠢᠮᠦᠰᠦᠨ ᠠᠯᠳᠠᠭᠰᠠᠨ ᠪᠠᠶᠢᠪᠠᠯ᠂ ᠲᠣᠰ ᠬᠥᠮᠦᠨ ᠤ ᠠᠵᠤ ᠠᠬᠤᠶᠢᠯᠠᠯ ᠤᠨ ᠵᠢᠯ ᠤᠨ ᠮᠥᠩᠭᠦ ᠶᠢᠨ ᠬᠤᠪᠢ | ᠬᠥᠮᠦᠨ ᠤ ᠲᠠᠩᠰᠠᠨ ᠡᠷᠦᠬᠡ ᠠᠴᠠ ᠰᠠᠷ᠎ᠠ ᠪᠠᠷ᠂ ᠤᠳᠠᠭ᠎ᠠ ᠪᠠᠷ ᠪᠤᠶᠤ ᠨᠢᠭᠡ ᠯᠡ ᠤᠳᠠᠭ᠎ᠠ ᠪᠠᠷ ᠠᠵᠤ | ᠠᠬᠤᠶᠢᠯᠠᠯ ᠤᠨ ᠵᠢᠯ ᠤᠨ ᠮᠥᠩᠭᠦ ᠶᠢ ᠠᠪᠴᠤ ᠪᠣᠯᠤᠨ᠎ᠠ᠂ ᠪᠠᠰᠠ ᠲᠣᠰ ᠬᠥᠮᠦᠨ ᠤ ᠠᠵᠤ ᠠᠬᠤᠶᠢᠯᠠᠯ ᠤᠨ ᠵᠢᠯ ᠤᠨ | ᠮᠥᠩᠭᠦ ᠶᠢᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠪᠠᠨ ᠪᠦᠬᠦᠨ ᠢ ᠪᠤᠶᠤ ᠬᠡᠰᠡᠭ ᠢ ᠨᠢ | ᠬᠤᠳᠠᠯᠳᠤᠭᠠᠨ ᠤ ᠨᠠᠰᠤᠵᠢᠯ ᠤᠨ ᠳᠠᠭᠠᠳᠬᠠᠯ ᠤᠨ ᠣᠶᠢᠯᠡᠳᠬᠦᠨ ᠬᠤᠳᠠᠯᠳᠤᠨ ᠠᠪᠴᠤ᠂ ᠳᠠᠭᠠᠳᠬᠠᠯ ᠤᠨ ᠭᠡᠷ᠎ᠡ | ᠶᠣᠰᠣᠭᠠᠷ ᠣᠯᠭᠤᠮᠵᠢ ᠠᠪᠬᠤ ᠶᠢᠨ ᠬᠠᠮᠲᠤ ᠵᠣᠬᠢᠬᠤ ᠥᠪ ᠵᠠᠯᠭᠠᠮᠵᠢᠯᠠᠬᠤ ᠡᠷᠬᠡ ᠶᠢ ᠭᠥᠷᠳᠡᠵᠦ ᠪᠣᠯᠤᠨ᠎ᠠ ᠭᠡᠵᠦ | ᠲᠣᠭᠲᠠᠭᠠᠵᠠᠶ᠃ ᠤᠯᠤᠰ ︵ᠬᠢᠯᠢ︶ ᠠᠴᠠ ᠭᠠᠷᠴᠤ ᠰᠠᠭᠤᠷᠢᠰᠢᠭᠰᠠᠳ ᠤᠨ ᠠᠵᠤ ᠠᠬᠤᠶᠢᠯᠠᠯ ᠤᠨ ᠵᠢᠯ ᠤᠨ | ᠮᠥᠩᠭᠦ ᠶᠢᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ᠲᠣᠰ ᠬᠥᠮᠦᠨ ᠤ ᠱᠠᠭᠠᠷᠳᠠᠯᠭ᠎ᠠ ᠶᠢ | ᠦᠨᠳᠦᠰᠦᠯᠡᠨ ᠬᠤᠪᠢ ᠬᠥᠮᠦᠨ ᠳᠤᠨᠢ ᠨᠢᠭᠡ ᠯᠡ ᠤᠳᠠᠭ᠎ᠠ ᠳᠡᠭᠡᠷ᠎ᠡ ᠥᠭᠴᠦ ᠪᠣᠯᠤᠨ᠎ᠠ᠃ | |