ᠵᠠᠰᠠᠭ ᠤᠨ ᠣᠷᠳᠣᠨ ᠤ ᠠᠵᠢᠯ ᠤᠨ ᠢᠯᠡᠳᠬᠡᠯ | -- 2022 ᠣᠨ ᠤ 1 ᠰᠠᠷ᠎ᠠ ᠶᠢᠨ 8 ᠤ ᠡᠳᠦᠷ | ᠰᠢᠭᠤᠶᠢᠳᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨᠲ᠋ᠥ᠋ᠯᠥᠭᠡᠯᠡᠭᠴᠢᠳ ᠤᠨ ᠶᠡᠭᠡ | ᠬᠤᠷᠠᠯ ᠳᠤ | ᠠᠩᠬᠠᠳᠤᠭᠠᠷ ᠤᠳᠠᠭᠠᠨ ᠤ ᠬᠤᠷᠠᠯ | ᠰᠢᠭᠤᠶᠢᠳᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ | | | ᠲᠥᠯᠥᠭᠡᠯᠡᠭᠴᠢᠳ ᠠ᠋᠄ | ᠤᠳᠤ ᠪᠢ ᠰᠢᠭᠤᠶᠢᠳᠤ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ | ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠣᠨ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠥᠩᠭᠡᠷᠡᠭᠰᠡᠨ ᠢᠶᠠᠨ ᠡᠷᠭᠢᠴᠡᠭᠦᠯᠵᠦ᠂ ᠰᠠᠯᠬᠢ ᠪᠣᠷᠣᠭᠠᠨ ᠢ ᠬᠠᠮᠲᠤᠳᠬᠠᠨ ᠵᠠᠮ ᠨᠡᠭᠡᠭᠡᠨ ᠡᠷᠡᠯᠬᠡᠭᠯᠡᠨ | ᠤᠷᠤᠭᠰᠢᠯᠠᠪᠠ | ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠠᠲᠠᠭᠤ ᠪᠡᠷᠬᠡ ᠪᠥᠭᠡᠳ ᠨᠦᠰᠡᠷ ᠬᠦᠨᠳᠦ ᠥᠭᠡᠷᠡᠴᠢᠯᠡᠯᠲᠡ ᠬᠥᠭᠵᠢᠭᠦᠯᠦᠯᠲᠡ ᠶᠢᠨ ᠡᠭᠦᠷᠭᠡ ᠪᠣᠯᠣᠨ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠯᠤᠲᠤ ᠶᠡᠭᠡ ᠳᠠᠷᠤᠯᠲᠠ ᠶᠢᠨ ᠡᠮᠦᠨ᠎ᠡ᠂ | ᠢᠯᠠᠩᠭᠤᠶ᠎ᠠ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠦᠷᠭᠦᠯᠵᠢᠯᠡᠨ | ᠨᠥᠯᠥᠭᠡᠯᠡᠭᠳᠡᠵᠦ᠂ ᠪᠦᠬᠦ ᠣᠷᠣᠨ ᠢᠶᠠᠷ ᠢᠶᠠᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ | ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠪᠦᠬᠦ ᠣᠷᠣᠨ ᠤ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠠᠶᠤᠯ | ᠲᠦᠭᠰᠢᠭᠦᠷᠢ ᠥᠷᠢᠰᠦᠯᠳᠦᠭᠡᠨ ᠳᠤ ᠰᠢᠭᠤᠳ ᠬᠠᠨᠳᠤᠵᠤ᠂ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠰᠥᠷᠭᠡᠦ ᠣᠷᠴᠢᠨ ᠳᠤ ᠪᠠᠶᠢᠳᠠᠯ ᠢ ᠲᠣᠭᠲᠠᠪᠤᠷᠢᠵᠢᠭᠤᠯᠵᠤ᠂ ᠬᠢᠮᠤᠷᠠᠯ ᠤᠨ ᠳᠤᠮᠳᠠ ᠰᠢᠨ᠎ᠡ ᠠᠵᠠ | ᠲᠣᠬᠢᠶᠠᠯ ᠢ ᠪᠤᠢ ᠪᠣᠯᠭᠠᠵᠤ᠂ ᠬᠦᠴᠢᠷ ᠪᠡᠷᠬᠡᠰᠢᠶᠡᠯ ᠤᠨ ᠳᠤᠮᠳᠠ ᠰᠢᠪᠲᠤᠯᠤᠯᠲᠠ ᠲᠠᠢ ᠪᠣᠯᠵᠤ᠂ ᠭᠠᠵᠠᠷ ᠣᠷᠣᠨ ᠤ | ᠠᠵᠤ ᠠᠬᠤᠢ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ | ᠲᠣᠭᠲᠠᠭᠠᠭᠰᠠᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠰᠢᠯᠢᠳᠡᠭ ᠠᠮᠵᠢᠯᠲᠠ ᠶᠢᠨ ᠬᠠᠭᠤᠳᠠᠰᠤ ᠶᠢ ᠲᠤᠰᠢᠶᠠᠵᠤ᠂ | ᠣᠳᠣᠬᠢᠴᠢᠯᠠᠭᠰᠠᠨ ᠰᠢᠭᠤᠶᠢᠳᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠠᠢ᠃ | ᠪᠢᠳᠡ ᠠᠶᠤᠯ ᠲᠦᠭᠰᠢᠭᠦᠷᠢ ᠶᠢᠨ ᠰᠢᠯᠭᠠᠯᠲᠠ ᠶᠢ ᠪᠦᠲᠦᠮᠵᠢᠲᠡᠶ ᠪᠠᠷ ᠠᠷᠭᠠᠴᠠᠵᠤ᠂ ᠠᠵᠤ ᠠᠬᠤᠢ ᠶᠢᠨ | ᠠᠵᠢᠯᠯᠠᠭᠠᠨ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠪᠠ᠃ | ᠠᠵᠤ ᠠᠬᠤᠢ ᠪᠠᠭᠤᠷᠠᠬᠤ ᠳᠠᠷᠤᠯᠲᠠ ᠶᠡᠬᠡᠰᠴᠦ᠂ ᠵᠠᠰᠠᠭ ᠤᠨ ᠣᠷᠳᠣᠨ ᠤ ᠥᠷᠢ ᠥᠭᠴᠡᠭᠡ ᠬᠦᠨᠳᠦᠷᠡᠵᠦ᠂ | ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠲᠠ ᠵᠡᠷᠭᠡ ᠠᠯᠢ ᠣᠯᠠᠨ | ᠰᠢᠯᠭᠠᠯᠲᠠ ᠶᠢᠨ ᠡᠮᠦᠨ᠎ᠡ᠂ ᠪᠢᠳᠡ ᠢᠲᠡᠭᠡᠯ ᠵᠣᠷᠢᠭ ᠢᠶᠠᠨ ᠬᠥᠪᠴᠢᠯᠡᠵᠦ᠂ ᠪᠠᠶᠢᠳᠠᠯ ᠢ ᠡᠪᠳᠡᠨ ᠪᠦᠰᠡᠯᠡᠯᠲᠡ ᠶᠢ | ᠰᠢᠪᠲᠤᠯᠵᠤ᠂ ᠦᠨᠡᠨ ᠬᠦ ᠠᠳᠬᠤᠨ ᠪᠣᠳᠠᠲᠠᠢ ᠪᠠᠷ ᠠᠵᠢᠯᠯᠠᠵᠤ᠂ ᠨᠢᠭᠡ ᠪᠦᠯᠦᠭ ᠶᠡᠭᠡ ᠶᠠᠪᠤᠳᠠᠯ ᠴᠢᠬᠤᠯᠠ | ᠶᠠᠪᠤᠳᠠᠯ ᠢ ᠪᠦᠲᠦᠭᠡᠵᠦ᠂ ᠠᠵᠤ ᠠᠬᠤᠢ ᠶᠢᠨ ᠲᠣᠭᠲᠠᠭᠤᠨ ᠢᠶᠠᠷ ᠰᠠᠶᠢᠵᠢᠷᠠᠬᠤ ᠶᠢ ᠬᠦᠴᠦᠯᠡᠨ ᠠᠬᠢᠭᠤᠯᠵᠤ᠂ ᠠᠵᠤ | ᠠᠬᠤᠢ ᠶᠢᠨ ᠬᠥᠭᠵᠢᠯᠲᠡ ᠳᠠᠷᠤᠯᠲᠠ ᠶᠢ ᠲᠤᠯᠵᠤ᠂ ᠶᠡᠭᠡ ᠰᠢᠯᠭᠠᠯᠲᠠ ᠶᠢ ᠳᠠᠭᠠᠭᠠᠵᠤ ᠴᠢᠳᠠᠭᠰᠠᠨ ᠪᠠᠶᠢᠨ᠎ᠠ᠃ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠵᠢᠯ ᠪᠦᠷᠢ ᠳᠤᠮᠳᠠᠴᠢ ᠪᠠᠷ 3.7% ᠪᠠᠷ ᠨᠡᠮᠡᠭᠳᠡᠪᠡ︔ | ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠵᠢᠯ ᠪᠦᠷᠢ ᠳᠤᠮᠳᠠᠴᠢ ᠪᠠᠷ 4.6% ᠨᠡᠮᠡᠭᠳᠡᠵᠦ᠂ | ᠥᠪᠡᠷᠲᠡᠭᠡᠨ ᠵᠠᠰᠠᠬᠤ ᠣᠷᠣᠨ ᠤ ᠨᠡᠷᠡᠰ ᠤᠨ ᠵᠢᠭᠰᠠᠭᠠᠯᠲᠠ 68 ᠪᠠᠶᠢᠭᠰᠠᠨ ᠠᠴᠠ ᠪᠠᠨ 56 ᠪᠣᠯᠵᠤ ᠳᠡᠭᠡᠭᠰᠢᠯᠡᠪᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠵᠢᠯ ᠪᠦᠷᠢ ᠳᠤᠮᠳᠠᠴᠢ ᠪᠠᠷ 4. | 3% ᠪᠠᠷ ᠨᠡᠮᠡᠭᠳᠡᠪᠡ︔ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠢᠯ ᠪᠦᠷᠢ ᠳᠤᠮᠳᠠᠴᠢ ᠪᠠᠷ 13.9% | ᠨᠡᠮᠡᠭᠳᠡᠪᠡ︔ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠵᠢᠯ ᠪᠦᠷᠢ | ᠳᠤᠮᠳᠠᠴᠢ ᠪᠠᠷ 89% ᠪᠠᠷ ᠨᠡᠮᠡᠭᠳᠡᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠬᠦᠴᠢᠷᠳᠡᠯ ᠤᠨ ᠳᠤᠮᠳᠠ | ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠬᠤ ᠶᠢ ᠪᠡᠶᠡᠯᠡᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠰᠢᠨ᠎ᠡ | ᠳᠡᠭᠲᠡᠷ ᠲᠤ ᠭᠠᠷᠪᠠ᠃ | ᠪᠢᠳᠠ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠡᠷᠬᠢᠮᠯᠡᠬᠦ ᠶᠢ ᠠᠬᠢᠭᠤᠯᠵᠤ᠂ ᠬᠥᠭᠵᠢᠯᠲᠡ ᠶᠢᠨ ᠬᠥᠳᠡᠯᠭᠡᠭᠦ | ᠬᠦᠴᠦᠨ ᠨᠡᠩ ᠡᠷᠴᠢᠮᠲᠡᠢ ᠪᠣᠯᠪᠠ᠃ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠵᠠᠢ᠃ | ᠴᠢᠨᠠᠷ ᠰᠠᠶᠢᠲᠠᠢ ᠬᠤᠳᠠᠯᠳᠤᠭᠠᠴᠢᠨ ᠤᠷᠢᠬᠤ ᠦᠷ᠎ᠡ ᠪᠦᠲᠦᠮᠵᠢ ᠢᠯᠡᠳᠲᠡ ᠪᠣᠯᠵᠤ᠂ ᠳᠥᠷᠪᠡᠨ ᠵᠢᠯ ᠳᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠳᠤ ᠨᠡᠶᠢᠲᠡ 114 ᠭᠡᠷ᠎ᠡ ᠲᠣᠭᠲᠠᠵᠤ᠂ 194 | ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠂ 161.65 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ᠃ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠦᠷᠳᠡᠭ ᠤᠨ | ᠡᠵᠡᠯᠡᠬᠦ ᠬᠠᠷᠢᠴᠠᠯ ᠵᠢᠯ ᠳᠠᠷᠠᠭᠠᠯᠠᠨ ᠳᠡᠭᠡᠭᠰᠢᠯᠡᠪᠡ᠃ᠪᠥᠬᠦ ᠬᠦᠴᠦᠨ ᠢᠶᠠᠷ ᠢᠶᠠᠨ ︽ᠳᠠᠭᠠᠭᠤᠯᠤᠭᠴᠢ ᠶᠢ ᠴᠢᠩᠭᠠᠳᠬᠠᠵᠤ | ᠂ ᠬᠡᠯᠬᠢᠶ᠎ᠡ ᠶᠢ ᠨᠥᠬᠦᠪᠦᠷᠢᠯᠡᠨ᠂ ᠣᠯᠠᠨ ᠲᠦᠮᠡᠨ ᠢ ᠴᠤᠭᠯᠠᠷᠠᠭᠤᠯᠵᠤ︾᠂ ᠠᠰᠢᠰᠢᠨ ᠤ ᠯᠦᠩ ᠱᠦᠨ᠂ ᠠᠵᠤ | ᠠᠬᠤᠢ ᠶᠢᠨ ᠥᠷᠭᠡᠷᠢᠭ ᠤᠨ ᠡᠨᠧᠷᠭᠢ ᠶᠢᠨ ᠬᠢᠮᠢ ᠵᠡᠷᠭᠡ ᠨᠢᠭᠡ ᠪᠦᠯᠦᠭ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠵᠦ᠂ ᠰᠡᠯᠭᠦᠬᠦ ᠬᠦᠴᠦᠨ ᠢ ᠨᠡᠮᠡᠭᠳᠡᠭᠦᠯᠦᠭᠰᠡᠨ ᠭᠤᠣᠯᠯᠠᠭᠴᠢ ᠠᠵᠤ ᠠᠬᠤᠶᠢᠯᠠᠯ ᠢ ᠥᠪᠡᠷᠲᠡᠭᠡᠨ ᠵᠠᠰᠠᠬᠤ | ᠣᠷᠣᠨ ᠤ ᠵᠠᠭᠤᠨ ᠬᠦᠴᠦᠷᠬᠡᠭ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠣᠷᠣᠭᠤᠯᠤᠨ᠎ᠠ᠃ᠦ᠋ ᠳ᠋ᠠᠩ | ᠵᠤᠤ ᠶᠢᠨ ᠠᠶᠠᠯᠠᠯ ᠨᠡᠪᠲᠡᠷᠡᠬᠦ ᠨᠢᠰᠬᠡᠯ ᠤᠨ ᠪᠠᠭᠤᠳᠠᠯ ᠵᠢᠩᠬᠢᠨᠢ ᠪᠠᠷ ᠡᠵᠡᠩᠨᠡᠯᠲᠡ ᠳᠤ ᠣᠷᠣᠵᠤ᠂ 71 ᠠᠵᠤ | ᠠᠬᠤᠶᠢᠯᠠᠯ ᠪᠤᠭᠤᠲᠤ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠳᠤ ᠰᠠᠭᠤᠷᠢᠰᠢᠵᠤ᠂ | ᠲᠣᠭᠠᠴᠢᠯᠠᠭᠰᠠᠨ ᠠᠵᠤ ᠠᠬᠤᠢ᠂ ᠰᠣᠶᠣᠯ ᠵᠤᠭᠠᠴᠠᠯ ᠡᠷᠡᠭᠦᠯ ᠬᠠᠮᠠᠭᠠᠯᠠᠯ᠂ ᠤᠳᠤ ᠦᠶ᠎ᠡ ᠶᠢᠨ ᠡᠳ᠋ ᠪᠠᠷᠠᠭᠠᠨ ᠤ | ᠭᠦᠢᠯᠭᠡᠭᠡ ᠵᠡᠷᠭᠡ ᠨᠢᠭᠡ ᠪᠦᠯᠦᠭ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠶᠠᠭ ᠪᠦᠷᠢᠯᠳᠦᠵᠦ᠂ | ᠬᠥᠭᠵᠢᠯᠲᠡ ᠶᠢᠨ ᠠᠮᠢᠵᠢᠷᠠᠯ ᠤᠨ ᠬᠦᠴᠦᠨ ᠤᠯᠠᠮ ᠠᠴᠠ ᠤᠯᠠᠮ ᠲᠡᠭᠦᠯᠳᠡᠷ ᠪᠣᠯᠵᠠᠢ᠃ | ᠪᠢᠳᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠲᠡᠭᠦᠰ ᠠᠮᠵᠢᠯᠲᠠ ᠲᠠᠢ ᠲᠡᠭᠦᠰᠬᠡᠪᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠣᠯᠵᠤ᠂ | 152 ᠡᠷᠦᠬᠡ ᠶᠢᠨ 292 ᠬᠥᠮᠥᠨ ᠠᠮᠠ ᠶᠢᠨ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠥᠨ | ᠠᠮᠠ ᠶᠢ ᠪᠦᠬᠦᠨ ᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠤᠯᠠᠨ ᠲᠦᠮᠡᠨ ᠤ ᠶᠠᠪᠤᠵᠤ ᠰᠠᠭᠤᠬᠤ ᠳᠤ | ᠬᠦᠴᠢᠷ᠂ ᠤᠰᠤ ᠤᠮᠳᠠ ᠳᠤ ᠬᠦᠴᠢᠷ᠂ ᠰᠤᠷᠭᠠᠭᠤᠯᠢ ᠳᠤ ᠣᠷᠣᠬᠤ ᠳᠤ ᠬᠦᠴᠢᠷ᠂ ᠡᠪᠡᠳᠴᠢᠨ ᠦᠵᠡᠭᠦᠯᠬᠦ ᠳᠤ | ᠬᠦᠴᠢᠷ ᠵᠡᠷᠭᠡ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠪᠡ᠃ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠵᠤ᠂ ᠨᠡᠶᠢᠲᠡ 4.9 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ 23 ᠵᠦᠢᠯ ᠤᠨ ᠭᠤᠣᠯᠳᠠᠯᠭ᠎ᠠ ᠲᠠᠢ ᠵᠠᠰᠠᠬᠤ ᠢᠨᠵᠧᠨᠧᠷᠢᠩ ᠢ | ᠬᠡᠷᠡᠭᠵᠢᠭᠦᠯᠵᠦ᠂ 82 ︽ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠳᠤᠯ ᠲᠠᠢ︾ ᠠᠵᠤ ᠠᠬᠤᠶᠢᠯᠠᠯ ᠢ | ᠴᠡᠭᠴᠡᠯᠡᠨ ᠵᠠᠰᠠᠪᠠ᠃ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ | ᠰᠠᠶᠢᠵᠢᠷᠠᠭᠤᠯᠵᠤ᠂ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ | ᠰᠢᠯᠢᠳᠡᠭᠵᠢᠭᠦᠯᠦᠨ ᠲᠣᠬᠢᠷᠠᠭᠤᠯᠬᠤ ᠠᠵᠢᠯ ᠰᠢᠨ᠎ᠡ ᠠᠬᠢᠴᠠ ᠲᠠᠢ ᠪᠣᠯᠪᠠ᠃ᠬᠦᠨᠳᠦ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠢᠯᠡᠳᠲᠡ ᠪᠠᠶᠢᠵᠤ᠂ ᠨᠡᠶᠢᠲᠡ | 17.05 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ 3.01 ᠳ᠋ᠦᠩᠰᠢᠭᠤᠷ ᠲᠥᠭᠦᠷᠢᠭ ᠤᠨ | ᠲᠠᠩᠰᠠᠨ ᠵᠣᠭᠤᠰ ᠢ ᠢᠯᠭᠠᠷᠠᠭᠤᠯᠵᠤ᠂ ᠴᠠᠭ ᠤᠨ ᠳᠠᠷᠠᠭᠠᠯᠠᠯ ᠤᠨ ᠠᠬᠢᠴᠠ ᠶᠢ ᠳᠠᠪᠠᠭᠤᠯᠤᠨ ᠪᠡᠶᠡᠯᠡᠭᠦᠯᠪᠡ᠃ | ᠪᠢᠳᠡ ᠵᠠᠰᠠᠵᠤ ᠰᠡᠷᠭᠦᠭᠡᠬᠦ ᠶᠢ ᠯᠠᠪᠳᠠᠭᠤᠨ ᠢᠶᠠᠷ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ | ᠦᠷᠭᠦᠯᠵᠢᠯᠡᠨ ᠰᠠᠶᠢᠵᠢᠷᠠᠪᠠ᠃ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠬᠥᠭᠵᠢᠯᠲᠡ ᠶᠢᠨ | ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠨᠡᠭᠦᠷᠡᠰᠦ ᠮᠠᠯᠲᠠᠭᠰᠠᠨ ᠠᠴᠠ ᠪᠣᠯᠵᠤ ᠳᠣᠭᠤᠭᠰᠢ ᠰᠠᠭᠤᠭᠰᠠᠨ | ᠣᠷᠣᠨ ᠢ ᠲᠠᠬᠢᠨ ᠬᠠᠭᠠᠯᠪᠤᠷᠢᠯᠠᠬᠤ᠂ ᠬᠠᠶᠠᠭᠳᠠᠮᠠᠯ ᠠᠭᠤᠷᠬᠠᠢ ᠶᠢᠨ ᠨᠦᠬᠡ ᠶᠢ ᠵᠠᠰᠠᠬᠤ᠂ ᠨᠡᠭᠦᠷᠡᠰᠦᠨ ᠠᠭᠤᠷᠬᠠᠢ ᠶᠢᠨ | ᠭᠠᠯ ᠨᠣᠴᠣᠭᠰᠠᠨ ᠣᠷᠣᠨ ᠤ ᠠᠮᠢ ᠠᠬᠤᠢ ᠶᠢ ᠵᠠᠰᠠᠨ ᠰᠡᠷᠭᠦᠭᠡᠬᠦ ᠵᠡᠷᠭᠡ ᠣᠷᠴᠢᠨ ᠠᠬᠤᠢ ᠶᠢ ᠵᠠᠰᠠᠬᠤ ᠤᠯᠠᠨ | ᠵᠦᠢᠯ ᠤᠨ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠠᠭᠤᠷᠬᠠᠢ ᠶᠢᠨ ᠭᠠᠵᠠᠷ ᠤᠨ ᠣᠷᠴᠢᠨ ᠠᠬᠤᠢ ᠶᠢ ᠨᠡᠶᠢᠳᠡ | 2122 ᠲᠡᠭᠰᠢ ᠳᠥᠷᠪᠡᠯᠵᠢᠨ ᠺᠢᠯᠣᠮᠧᠲᠷ ᠵᠠᠰᠠᠨ ᠰᠡᠷᠭᠦᠭᠡᠵᠦ᠂ ᠪᠦᠬᠦ ᠬᠤᠳᠠ ᠳᠤ ᠲᠠᠯᠠᠨ ᠬᠠᠷ᠎ᠠ ᠠᠭᠤᠯᠠ ᠶᠢᠨ | ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠭᠤᠷᠬᠠᠢ ᠮᠠᠯᠲᠠᠬᠤ ᠠᠵᠤ ᠠᠬᠤᠶᠢᠯᠠᠯ ᠢ | ᠪᠤᠴᠠᠭᠠᠨ ᠭᠠᠷᠭᠠᠬᠤ ᠠᠵᠢᠯ ᠢ ᠤᠷᠢᠳᠠᠪᠠᠷ ᠪᠡᠶᠡᠯᠡᠭᠦᠯᠵᠦ᠂ ᠤᠯᠤᠰ ᠤᠨ ᠠᠩᠬᠠᠳᠠᠭᠴᠢ ᠪᠦᠯᠦᠭ ᠨᠡᠭᠦᠷᠡᠰᠦ | ᠮᠠᠯᠲᠠᠭᠰᠠᠨ ᠠᠴᠠ ᠪᠣᠯᠵᠤ ᠳᠣᠭᠤᠭᠰᠢ ᠰᠠᠭᠤᠭᠰᠠᠨ ᠣᠷᠣᠨ ᠢ ᠶᠡᠷᠦᠩᠬᠡᠶᠢᠯᠡᠨ ᠵᠠᠰᠠᠬᠤ ᠲᠤᠷᠰᠢᠯᠲᠠ ᠶᠢᠨ ᠴᠡᠭ ᠲᠤ | ᠰᠣᠩᠭᠤᠭᠳᠠᠪᠠ᠃2.17 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠡᠭᠡᠵᠢᠩ ᠲᠢᠶᠠᠨᠵᠢᠨ ᠤ ᠰᠠᠯᠬᠢ | ᠡᠯᠡᠰᠦᠨ ᠤ ᠡᠬᠢ ᠶᠢ ᠵᠠᠰᠠᠬᠤ ᠪᠠ ᠪᠠᠶᠢᠭᠠᠯᠢ ᠶᠢᠨ ᠣᠶ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ ᠢᠨᠵᠧᠨᠧᠷᠢᠩ ᠢ | ᠬᠡᠷᠡᠭᠵᠢᠭᠦᠯᠵᠦ᠂ ᠨᠡᠶᠢᠲᠡ 3.35 ᠲᠦᠮᠡᠨ ᠮᠦ ᠨᠣᠭᠤᠭᠠᠷᠠᠭᠤᠯᠤᠨ ᠣᠶᠢᠵᠢᠭᠤᠯᠵᠤ᠂ ᠪᠥᠬᠦ ᠣᠷᠣᠨ ᠤ ᠣᠶ | ᠰᠢᠭᠤᠢ ᠶᠢᠨ ᠪᠦᠷᠬᠦᠴᠡ ᠶᠢᠨ ᠨᠣᠷᠮ᠎ᠠ 35.5% ᠳᠤ ᠬᠦᠷᠴᠦ᠂ ᠪᠥᠬᠦ ᠬᠤᠲᠠ ᠶᠢᠨ ᠨᠢᠭᠡᠳᠦᠭᠡᠷ ᠲᠤ ᠯᠠᠪᠳᠠᠭᠤᠨ | ᠣᠷᠣᠵᠤ᠂ ᠪᠥᠬᠦ ᠤᠯᠤᠰ ᠤᠨ ᠪᠣᠬᠢᠷᠳᠤᠯ ᠦᠭᠡᠢ ᠵᠢᠱᠢᠶ᠎ᠡ ᠦᠵᠡᠭᠦᠯᠬᠦ ᠬᠤᠲᠠ ᠶᠢ ᠠᠮᠵᠢᠯᠲᠠ ᠲᠠᠢ ᠡᠭᠦᠳᠦᠨ | ᠪᠠᠶᠢᠭᠤᠯᠪᠠ᠃ᠭᠠᠵᠠᠷ ᠣᠷᠣᠨ ᠤ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠵᠢᠯ | ᠳᠠᠷᠠᠭᠠᠯᠠᠨ ᠳᠡᠭᠡᠭᠰᠢᠯᠡᠵᠦ᠂ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ᠨᠤᠲᠤᠭ ᠪᠡᠯᠴᠢᠭᠡᠷ ᠤᠨ ᠠᠮᠢ | ᠠᠬᠤᠢ ᠶᠢᠨ ᠨᠥᠬᠦᠪᠦᠷᠢ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ | ᠂ ᠬᠦᠷᠢᠶᠡᠯᠡᠨ ᠪᠢᠲᠡᠭᠦᠮᠵᠢᠯᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ | ᠰᠡᠷᠭᠦᠭᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭᠠᠷᠠᠭᠤᠯᠵᠤ᠂ ᠣᠶ ᠰᠢᠭᠤᠢ ᠶᠢᠨ ᠭᠠᠯ ᠤᠨ | ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠢᠭᠠᠯᠢ ᠶᠢᠨ ᠠᠮᠢ | ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠠᠮᠢ ᠠᠬᠤᠢ ᠶᠢᠨ ᠦᠢᠯᠡᠴᠢᠯᠡᠭᠡᠨ ᠤ ᠴᠢᠳᠠᠮᠵᠢ ᠶᠢ ᠤᠯᠠᠮ | ᠨᠢᠭᠡ ᠠᠯᠬᠤᠮ ᠳᠡᠭᠡᠭᠰᠢᠯᠡᠭᠦᠯᠪᠡ᠃ | ᠪᠢᠳᠡ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠲᠦᠷᠭᠡᠪᠴᠢᠯᠡᠨ ᠪᠠᠳᠠᠷᠠᠭᠤᠯᠪᠠ᠃ | ᠥᠭᠡᠷᠡᠴᠢᠯᠡᠯᠲᠡ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ᠂ ᠨᠡᠭᠡᠭᠡᠯᠲᠡ ᠪᠠᠷ ᠠᠮᠢᠳᠤᠯᠢᠭ ᠬᠦᠴᠦᠨ ᠢ | ᠬᠥᠭᠵᠢᠭᠡᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦ ᠬᠦᠴᠦᠨ ᠢ ᠨᠡᠮᠡᠭᠳᠡᠭᠦᠯᠬᠦ ᠶᠢ ᠪᠠᠷᠢᠮᠲᠠᠯᠠᠵᠤ᠂ ᠤᠯᠤᠰ᠂ | ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ 492 ᠵᠦᠢᠯ ᠤᠨ ᠥᠭᠡᠷᠡᠴᠢᠯᠡᠯᠲᠡ ᠶᠢᠨ ᠵᠦᠢᠯᠡᠰ ᠢ | ᠪᠠᠶᠢᠷᠢᠯᠠᠭᠤᠯᠬᠤ ᠶᠢ ᠪᠡᠶᠡᠯᠡᠭᠦᠯᠵᠦ᠂ ᠪᠤᠭᠤᠲᠤ ᠬᠤᠲᠠ ᠶᠢᠨ ᠠᠩᠬᠠᠳᠠᠭᠴᠢ ᠬᠤᠰᠢᠭᠤ ᠰᠢᠶᠠᠨ ᠲᠣᠭᠤᠷᠢᠭ ᠤᠨ | ᠱᠠᠲᠤᠨ ᠤ ᠵᠠᠰᠠᠭ ᠤᠨ ᠣᠷᠳᠣᠨ ᠤ ᠠᠵᠤ ᠦᠢᠯᠡᠰ ᠢ ᠬᠥᠲᠥᠯᠥᠨ ᠵᠢᠯᠤᠭᠤᠳᠬᠤ ᠰᠠᠭᠤᠷᠢ ᠮᠥᠩᠭᠦ ᠶᠢ ᠪᠠᠶᠢᠭᠤᠯᠤᠨ᠎ᠠ | ᠃ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ | ᠬᠤᠳᠠ ᠳᠤ ᠡᠩ ᠲᠡᠷᠢᠭᠦᠨ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠵᠤ᠂ | ︽1+7︾ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠠᠶᠢᠷᠢᠰᠢᠯ ᠢ ᠪᠦᠷᠢᠯᠳᠦᠭᠦᠯᠵᠦ᠂ ᠤᠯᠤᠰ ᠤᠨ | ᠥᠮᠴᠢᠯᠡᠯ ᠤᠨ ᠠᠵᠤᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ︽ᠱᠢ ᠰᠢᠨ | ᠴᠢᠩ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠪᠥᠬᠦ | ᠬᠤᠲᠠ ᠳᠤ ᠡᠩ ᠲᠡᠷᠢᠭᠦᠨ ᠳᠤ ︽5 + 2︾ ᠤᠨ ᠠᠮᠠᠷᠠᠯᠲᠠ ᠶᠢᠨ ᠡᠳᠦᠷ ᠤᠨ ᠦᠢᠯᠡᠴᠢᠯᠡᠭᠡᠨ ᠤ ᠠᠵᠢᠯ ᠤᠨ | ᠲᠣᠭᠲᠠᠴᠠ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠠᠪᠰᠤᠷᠤᠨ ᠭᠦᠢᠴᠡᠳᠬᠡᠬᠦ | ᠣᠷᠣᠯᠠᠨ ᠭᠦᠢᠴᠡᠳᠬᠡᠬᠦ ᠵᠡᠷᠭᠡ ᠨᠢᠭᠡ ᠪᠦᠯᠦᠭ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 1509 ᠨᠡᠶᠢᠲᠡᠯᠡᠵᠦ᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ | ᠨᠣᠷᠮ᠎ᠠ 100% ᠳᠤ ᠬᠦᠷᠴᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ 1388 ᠡᠷᠦᠬᠡ | ᠰᠢᠨ᠎ᠡ ᠪᠠᠷ ᠨᠡᠮᠡᠭᠳᠡᠭᠦᠯᠦᠨ᠂ ᠠᠳᠠᠯᠢ ᠬᠤᠭᠤᠴᠠᠭᠠᠨ ᠤ ᠬᠢ ᠠᠴᠠ 68% ᠪᠠᠷ ᠨᠡᠮᠡᠭᠳᠡᠭᠦᠯᠵᠦ᠂ ᠣᠷᠣᠨ ᠪᠦᠰᠡ ᠶᠢᠨ | ᠥᠷᠢᠰᠦᠯᠳᠦᠭᠡᠨ ᠳᠤ ᠰᠢᠨ᠎ᠡ ᠳᠠᠪᠠᠭᠤᠯᠢᠭ ᠢ ᠬᠤᠷᠠᠮᠳᠤᠭᠤᠯᠪᠠ᠃ | ᠪᠢᠳᠡ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠳᠦᠷᠢ | ᠲᠥᠷᠬᠦ ᠴᠢᠨᠠᠷ ᠴᠢᠨᠰᠠᠭ᠎ᠠ ᠠᠯᠬᠤᠮ ᠠᠯᠬᠤᠮ ᠢᠶᠠᠷ ᠳᠡᠭᠡᠭᠰᠢᠯᠡᠪᠡ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠴᠢᠨᠠᠷ ᠰᠠᠶᠢᠲᠠᠢ ᠨᠠᠶᠢᠷᠠᠭᠤᠯᠤᠨ | ᠵᠣᠬᠢᠶᠠᠵᠤ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠶᠢ ᠢᠮᠠᠭᠲᠠ ᠪᠠᠷᠢᠮᠲᠠᠯᠠᠨ᠂ ᠬᠤᠲᠠ ᠪᠠᠷ | ᠬᠥᠳᠡᠭᠡ ᠲᠣᠰᠬᠤᠨ ᠢ ᠳᠠᠶᠢᠴᠢᠯᠠᠵᠤ᠂ ᠵᠣᠬᠢᠴᠠᠯᠳᠤᠭᠤᠯᠤᠨ ᠵᠡᠷᠭᠡ ᠪᠠᠷ ᠤᠷᠤᠭᠰᠢᠯᠠᠭᠤᠯᠵᠤ᠂ ᠬᠤᠲᠠ ᠬᠥᠳᠡᠭᠡ ᠶᠢᠨ | ᠳᠦᠷᠰᠦ ᠪᠠᠶᠢᠳᠠᠯ ᠢ ᠴᠣ᠋ ᠰᠢᠨ᠎ᠡ ᠪᠠᠶᠢᠳᠠᠯ ᠲᠠᠢ ᠪᠣᠯᠭᠠᠨ᠎ᠠ᠃ᠭᠤᠣᠯ ᠱᠤᠭᠤᠮ ᠤᠨ ᠵᠠᠰᠠᠮᠠᠯ ᠵᠠᠮ ᠢ ᠨᠡᠶᠢᠲᠡ 23.9 | ᠺᠢᠯᠣᠮᠧᠲᠷ ᠵᠠᠰᠠᠵᠤ᠂ 28.2 ᠺᠢᠯᠤᠮᠥᠲᠷ ᠬᠥᠳᠡᠭᠡ ᠲᠣᠰᠬᠤᠨ ᠤ ᠵᠠᠮ ᠢ ᠰᠢᠨ᠎ᠡ ᠪᠠᠷ ᠪᠠᠶᠢᠭᠤᠯᠵᠤ᠂ 43.6 | ᠺᠢᠯᠤᠮᠥᠲᠷ ᠰᠠᠭᠤᠷᠢ ᠬᠤᠭᠤᠯᠠᠢ ᠶᠢᠨ ᠲᠣᠣᠷ ᠢ ᠪᠠᠶᠢᠭᠤᠯᠵᠤ᠂ 1.4 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ᠂ ᠬᠤᠳᠠ ᠶᠢᠨ ᠳᠤᠮᠳᠠᠬᠢ ᠲᠣᠰᠬᠤᠨ ᠢ | ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 2169 ᠡᠷᠦᠬᠡ ᠰᠠᠭᠤᠭᠠᠯᠢ ᠠᠷᠠᠳ ᠲᠤ ᠠᠰᠢᠭ | ᠬᠦᠷᠲᠡᠭᠡᠵᠦ᠂ ᠰᠢ ᠬᠦᠢ ᠳᠤ ᠰᠢᠨ᠎ᠡ ᠲᠣᠭᠤᠷᠢᠭ ᠤᠨ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ | ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠳᠤᠮᠳᠠᠳᠤ ᠡᠸᠦ᠋ᠷᠦᠫᠡ ᠶᠢᠨ ᠪᠣᠬᠢᠷᠳᠤᠯ ᠦᠭᠡᠢ ᠪᠠ ᠣᠶᠤᠨᠲᠤ | ᠬᠤᠳᠠ ᠶᠢᠨ ᠰᠢᠨ᠎ᠡ ᠶᠢ ᠡᠭᠦᠳᠦᠭᠰᠡᠨ ᠱᠠᠩᠨᠠᠯ ᠢ ᠬᠤᠶᠠᠷ ᠤᠳᠠᠭ᠎ᠠ ᠬᠦᠷᠲᠡᠵᠦ᠂ ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠬᠤᠳᠠ ᠪᠠ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ | ᠡᠭᠦᠳᠦᠨ ᠪᠠᠶᠢᠭᠤᠯᠪᠠ᠃ᠡᠷᠲᠡ ᠴᠢᠯᠦᠭᠡᠯᠡᠭᠳᠡᠭᠰᠡᠨ ᠣᠷᠣᠨ ᠤ ᠭᠤᠷᠪᠠᠨ ᠵᠢᠯ ᠤᠨ ᠥᠭᠡᠷᠡᠴᠢᠯᠡᠯᠲᠡ ᠶᠢᠨ | ᠠᠵᠢᠯᠯᠠᠭ᠎ᠠ ᠶᠢᠨ ᠲᠥᠯᠥᠪᠯᠡᠭᠡ ᠶᠢ ᠭᠦᠨᠵᠡᠭᠡᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠯᠠᠪᠳᠠᠭᠤᠨ ᠢᠶᠠᠷ ᠠᠬᠢᠭᠤᠯᠵᠤ᠂ ᠠᠷᠢᠭᠤᠨ | ᠴᠡᠪᠡᠷ ᠡᠷᠦᠬᠡ ᠶᠢᠨ ᠵᠣᠷᠯᠣᠩ ᠤᠨ ᠲᠦᠭᠡᠮᠡᠯᠵᠢᠭᠦᠯᠦᠯᠲᠡ ᠶᠢᠨ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠪᠠ ᠬᠤᠣᠷ ᠦᠭᠡᠢ ᠪᠣᠯᠭᠠᠨ ᠰᠢᠢᠳᠪᠦᠷᠢᠯᠡᠬᠦ | ᠨᠣᠷᠮ᠎ᠠ ᠶᠢ 100% ᠳᠤ ᠬᠦᠷᠭᠡᠨ᠎ᠡ᠃ᠵᠢᠬᠤᠷᠤᠨᠳᠤ ᠰᠤᠮᠤ ᠨᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠭᠠᠵᠠᠷ ᠣᠷᠣᠨ ᠪᠣᠯᠵᠤ᠂ ᠭᠠᠩ ᠹᠠᠩ ᠳ᠋ᠢ | ᠭᠠᠵᠠᠷ᠂ ᠫᠠᠨ ᠢᠦᠢ ᠱᠣ ᠵᠡᠷᠭᠡ ᠭᠠᠴᠠᠭ᠎ᠠ ᠲᠣᠰᠬᠤᠨ ᠨᠢ ᠤᠯᠤᠰ ᠤᠨ ᠲᠡᠰ᠂ ᠥᠪᠡᠷᠲᠡᠭᠡᠨ ᠵᠠᠰᠠᠬᠤ ᠣᠷᠣᠨ ᠤ | ᠲᠡᠰ ᠤᠨ ᠪᠣᠯᠪᠠᠰᠤᠨ ᠲᠣᠰᠬᠤᠨ ᠪᠠᠯᠭᠠᠰᠤ᠂ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ | ᠣᠨᠴᠠᠯᠢᠭᠲᠤ ᠲᠣᠰᠬᠤᠨ ᠵᠡᠷᠭᠡ ᠶᠢᠨ ᠢᠷᠠᠭᠤ ᠠᠯᠳᠠᠷ ᠢ ᠬᠦᠷᠲᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠠᠭᠤᠷᠢ ᠶᠢ ᠲᠠᠰᠤᠷᠠᠯᠳᠡ ᠦᠭᠡᠢ ᠪᠠᠲᠤᠳᠬᠠᠪᠠ᠃ | ᠪᠢᠳᠡ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠨᠡᠩ ᠡᠯᠪᠡᠭ ᠪᠠᠶᠠᠯᠢᠭ ᠪᠣᠯᠪᠠ᠃ | ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠲᠦᠷᠪᠡᠨ ᠵᠢᠯ ᠤᠨ ᠵᠠᠷᠤᠯᠭ᠎ᠠ | ᠨᠡᠶᠢᠳᠡ 25.54 ᠳ᠋ᠦᠩᠰᠢᠭᠤᠷ ᠲᠥᠭᠦᠷᠢᠭ ᠲᠤ ᠬᠦᠷᠴᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠯ ᠪᠦᠷᠢ ᠳᠤᠮᠳᠠᠴᠢ ᠪᠠᠷ 6 .1% ᠪᠠ 8.8% ᠪᠠᠷ ᠨᠡᠮᠡᠭᠳᠡᠪᠡ᠃ | ᠡᠯ᠎ᠡ ᠲᠦᠷᠦᠯ ᠤᠨ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠦᠨ ᠬᠡᠪᠴᠢᠶ᠎ᠡ ᠶᠢ | ᠥᠷᠭᠡᠳᠬᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ | ᠳᠠᠭᠠᠳᠬᠠᠯ ᠤᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠬᠤᠳᠠ | ᠪᠠᠯᠭᠠᠰᠤᠨ ᠳᠤ ᠨᠡᠶᠢᠳᠡ 1728 ᠬᠥᠮᠥᠨ ᠤᠳᠠᠭ᠎ᠠ ᠰᠢᠨ᠎ᠡ ᠪᠠᠷ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠤᠷᠮ᠎ᠠ ᠶᠢ ᠢᠮᠠᠭᠲᠠ 3.9% ᠶᠢᠨ ᠳᠣᠲᠣᠷ᠎ᠠ ᠬᠢᠵᠠᠭᠠᠷᠯᠠᠪᠠ᠃ᠰᠤᠷᠭᠠᠨ ᠬᠥᠮᠦᠵᠢᠯ ᠤᠨ ᠦᠢᠯᠡᠰ | ᠲᠡᠩᠴᠡᠭᠦᠷᠢᠲᠡᠢ ᠬᠥᠭᠵᠢᠵᠦ᠂ ᠵᠥᠪᠯᠡᠯᠲᠦ ᠮᠣᠩᠭᠤᠯ ᠤᠨ ᠲᠤᠷᠰᠢᠯᠲᠠ ᠶᠢᠨ ᠰᠤᠷᠭᠠᠭᠤᠯᠢ᠂ ᠷᠦᠢ ᠳ᠋ᠧ ᠬᠡᠦᠬᠡᠳ ᠤᠨ | ᠴᠡᠴᠡᠷᠯᠢᠭ ᠢ ᠵᠠᠯᠭᠠᠭ᠎ᠠ ᠪᠠᠷ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠤᠭᠤᠲᠤ ᠶᠢᠨ ᠪᠠᠭᠰᠢ ᠶᠢᠨ ᠳᠡᠭᠡᠳᠦ | ᠰᠤᠷᠭᠠᠭᠤᠯᠢ ᠶᠢᠨ ᠰᠢᠭᠤᠶᠢᠳᠤ ᠳᠤ ᠰᠤᠷᠭᠠᠭᠤᠯᠢ ᠶᠢᠨ ᠲᠣᠭᠤᠷᠢᠭ ᠵᠢᠩᠬᠢᠨᠢ ᠪᠠᠷ ᠵᠥᠪᠰᠢᠶᠡᠷᠡᠭᠳᠡᠵᠦ᠂ ᠥᠪᠡᠷᠲᠡᠭᠡᠨ | ᠵᠠᠰᠠᠬᠤ ᠣᠷᠣᠨ ᠤ ᠲᠦᠷᠦᠭᠦᠸ ᠪᠦᠯᠦᠭ ᠤᠨ ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠡᠭᠦᠳᠦᠨ ᠪᠠᠶᠢᠭᠤᠯᠬᠤ ᠦᠨᠡᠯᠡᠨ ᠵᠢᠱᠢᠯᠲᠡ ᠶᠢ | ᠤᠷᠤᠭᠰᠢᠲᠠᠢ ᠥᠩᠭᠡᠷᠡᠭᠦᠯᠪᠡ᠃ᠡᠷᠡᠭᠦᠯ ᠮᠡᠨᠳᠦ ᠶᠢᠨ ᠴᠢᠯᠠᠭᠤᠨ ᠭᠤᠤ ᠶᠢᠨ ᠪᠦᠲᠦᠭᠡᠨ ᠪᠠᠶᠢᠭᠤᠯᠤᠯᠲᠠ ᠶᠢ | ᠲᠣᠭᠲᠠᠭᠤᠨ ᠢᠶᠠᠷ ᠠᠬᠢᠭᠤᠯᠵᠤ᠂ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠶ ᠬᠢᠵᠦ᠂ ᠴᠢᠯᠠᠭᠤᠨ ᠭᠤᠤ ᠶᠢᠨ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠬᠠᠶ᠋ᠢᠭ ᠢ ᠵᠢᠩᠬᠢᠨᠢ ᠪᠠᠷ ᠠᠵᠢᠯᠯᠠᠭᠤᠯᠤᠨ᠂ | ᠤᠯᠤᠰ ᠤᠨ ᠲᠠᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠪᠥᠬᠦ | ᠤᠯᠤᠰ ᠤᠨ ᠲᠥᠯᠥᠪᠯᠡᠭᠡᠲᠦ ᠦᠷᠡᠵᠢᠯ ᠤᠨ ᠰᠢᠯᠢᠳᠡᠭ ᠦᠢᠯᠡᠴᠢᠯᠡᠭᠡᠨ ᠤ ᠲᠡᠷᠢᠭᠦᠨ ᠤ ᠨᠢᠭᠡᠴᠡ ᠪᠠ ᠥᠪᠡᠷᠲᠡᠭᠡᠨ | ᠵᠠᠰᠠᠬᠤ ᠣᠷᠣᠨ ᠤ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ | ᠲᠣᠭᠤᠷᠢᠭ ᠢ ᠠᠮᠵᠢᠯᠲᠠ ᠲᠠᠢ ᠪᠠᠶᠢᠭᠤᠯᠵᠤ᠂ ᠭᠠᠩ ᠹᠠᠩ ᠳ᠋ᠢ ᠭᠠᠵᠠᠷ ᠤᠨ ᠵᠣᠯ ᠵᠢᠷᠭᠠᠯ ᠤᠨ ᠲᠣᠮᠣ ᠬᠦᠷᠢᠶᠡᠯᠡᠩ ᠢ | ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ | ᠲᠣᠭᠤᠷᠢᠭ ᠢᠶᠠᠷ ᠦᠨᠡᠯᠡᠪᠡ᠃ᠰᠣᠶᠣᠯ ᠵᠤᠭᠠᠴᠠᠯ ᠤᠨ ᠦᠢᠯᠡᠰ ᠴᠡᠴᠡᠭᠯᠡᠨ ᠬᠥᠭᠵᠢᠵᠦ᠂ ᠴᠡᠴᠡᠭ ᠪᠥᠵᠢᠭ ᠬᠥᠮᠥᠨ ᠤ | ᠣᠷᠴᠢᠯᠠᠩ ᠤᠨ ᠳᠡᠰ ᠤᠨ ᠤᠯᠤᠰ ᠤᠨ 4A ᠳᠡᠰ ᠤᠨ ᠦᠵᠡᠮᠵᠢ ᠶᠢᠨ ᠣᠷᠣᠨ ᠳᠤ ᠳᠠᠪᠰᠢᠵᠤ᠂ ᠷᠦᠩ ᠸᠠᠩ | ᠢᠮᠠᠭᠠᠨ ᠨᠣᠯᠤᠤᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ 2A ᠳᠡᠰ ᠤᠨ ᠦᠵᠡᠮᠵᠢ ᠶᠢᠨ ᠣᠷᠣᠨ ᠢᠶᠠᠷ | ᠦᠨᠡᠯᠡᠭᠳᠡᠵᠦ᠂ ᠪᠦᠬᠦ ᠣᠷᠣᠨ ᠤ ᠵᠢᠯ ᠤᠨ ᠭᠥᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ ᠵᠠᠭᠤᠨ ᠲᠦᠮᠡ ᠶᠢ | ᠳᠠᠪᠠᠵᠤ᠂ ᠵᠤᠤ ᠪᠧᠢ ᠶᠢᠨ ᠡᠷᠲᠡᠨ ᠤ ᠤᠷᠳᠤ ᠴᠠᠭᠠᠨ ᠬᠡᠷᠡᠮ ᠤᠨ ᠰᠣᠶᠣᠯ ᠤᠨ ᠶᠠᠷᠢᠶᠠᠨ ᠤ ᠲᠠᠪᠴᠠᠩ᠂︽ᠪᠠᠶᠠᠰᠤᠯᠳᠤ | ᠬᠦᠢᠲᠦ︾ᠰᠣᠶᠣᠯ ᠵᠤᠭᠠᠴᠠᠯ ᠤᠨ ᠤᠯᠠᠷᠢᠯ᠂︽ᠦ᠋ ᠳ᠋ᠠᠩ ᠵᠤᠤ ᠬᠤᠨᠳᠠᠭ᠎ᠠ︾ᠪᠦᠬᠦ ᠤᠯᠤᠰ ᠤᠨ ᠳᠤᠭᠤᠢ ᠲᠡᠷᠭᠡᠨ ᠤ | ᠤᠷᠢᠯᠭ᠎ᠠ ᠶᠢᠨ ᠤᠷᠤᠯᠳᠤᠭᠠᠨ ᠵᠡᠷᠭᠡ ᠰᠢᠷᠢᠰ ᠲᠦᠷᠦᠯ ᠲᠡᠮᠳᠡᠭᠲᠦ ᠰᠣᠶᠣᠯ ᠲᠠᠮᠢᠷ ᠤᠨ ᠠᠵᠢᠯᠯᠠᠭ᠎ᠠ ᠶᠢ | ᠠᠮᠵᠢᠯᠲᠠ ᠲᠠᠢ ᠡᠷᠬᠢᠯᠡᠪᠡ᠃ᠫᠢᠩ ᠠᠨ ᠰᠢᠭᠤᠶᠢᠳᠤ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠦᠷ᠎ᠡ ᠪᠦᠲᠦᠮᠵᠢ ᠶᠢ ᠢᠯᠡᠳᠲᠡ | ᠣᠯᠵᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠯ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠠᠵᠢᠯ ᠢ ᠬᠦᠴᠦᠲᠡᠢ ᠪᠥᠭᠡᠳ ᠪᠦᠲᠦᠮᠵᠢᠲᠡᠶ ᠬᠢᠵᠦ᠂ ᠬᠤᠶᠠᠷ ᠢ ᠬᠦᠷᠢᠶᠡᠯᠡᠨ ᠬᠠᠷᠠᠭᠠᠯᠵᠠᠬᠤ᠂ ᠨᠠᠰᠤᠲᠠᠶᠢᠴᠤᠳ᠂ | ᠵᠡᠮᠳᠡᠭᠴᠦᠳ ᠪᠠ ᠤᠯᠠᠭᠠᠨ ᠵᠠᠭᠠᠯᠮᠠᠶᠢᠲᠠᠨ ᠤ ᠦᠢᠯᠡᠰ ᠡᠷᠡᠭᠦᠯ ᠢᠶᠠᠷ ᠬᠥᠭᠵᠢᠵᠦ᠂ ᠭᠠᠵᠠᠷ ᠣᠷᠣᠨ ᠤ ᠠᠶᠤᠯ ᠦᠭᠡᠢ | ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠨᠡᠶᠢᠭᠡᠮ ᠤᠨ ᠶᠡᠭᠡ ᠲᠠᠯ᠎ᠠ ᠡᠶ᠎ᠡ | ᠵᠣᠬᠢᠴᠠᠯ ᠲᠠᠢ ᠪᠥᠭᠡᠳ ᠲᠣᠭᠲᠠᠭᠤᠨ ᠪᠠᠶᠢᠨ᠎ᠠ᠃ | ᠪᠢᠳᠡ ᠠᠵᠢᠯ ᠤᠨ ᠰᠤᠷᠲᠠᠯ ᠢᠶᠠᠨ ᠬᠦᠴᠦᠯᠡᠨ ᠬᠤᠪᠢᠷᠠᠭᠤᠯᠤᠭᠰᠠᠨ ᠢᠶᠠᠷ ᠵᠠᠰᠠᠭ ᠤᠨ ᠣᠷᠳᠣᠨ ᠤ | ᠪᠠᠶᠢᠭᠤᠯᠤᠯᠲᠠ ᠡᠯᠪᠡᠭ ᠦᠷ᠎ᠡ ᠪᠦᠲᠦᠮᠵᠢ ᠣᠯᠪᠠ᠃ | ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ︽ᠰᠠᠭᠤᠷᠢ ᠴᠢᠯᠠᠭᠤ︾ ᠶᠢ ᠡᠷᠡᠰ ᠪᠠᠲᠤ ᠴᠣᠭᠴᠠᠯᠠᠵᠤ᠂ | ︽ᠬᠤᠶᠠᠷ ᠢ ᠰᠤᠷᠤᠯᠴᠠᠵᠦ ᠨᠢᠭᠡ ᠳᠤ ᠲᠡᠩᠴᠡᠭᠦᠯᠬᠦ︾ᠰᠤᠷᠤᠯᠴᠠᠯᠭ᠎ᠠ ᠬᠥᠮᠦᠵᠢᠯ᠂︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ᠭᠤᠣᠯ ᠰᠡᠳᠦᠪᠲᠦ ᠬᠥᠮᠦᠵᠢᠯ ᠪᠣᠯᠣᠨ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ | ᠥᠭᠬᠦ︾ᠦᠢᠯᠡᠳᠦᠯᠭᠡ ᠶᠢᠨ ᠠᠵᠢᠯᠯᠠᠭ᠎ᠠ ᠶᠢ ᠪᠣᠳᠠᠲᠠᠢ ᠶᠢ ᠡᠷᠬᠢᠮᠯᠡᠨ ᠥᠷᠨᠢᠭᠦᠯᠵᠦ᠂ 1600 ᠭᠠᠷᠤᠢ ᠵᠦᠢᠯ ᠤᠨ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠦᠬᠦᠨ ᠢ ᠪᠡᠶᠡᠯᠡᠭᠦᠯᠪᠡ᠃ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ | ᠠᠵᠢᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ | ᠬᠡᠯᠡᠯᠴᠡᠭᠡᠨ ᠤ ᠬᠢᠨᠠᠯᠲᠠ᠂ 251 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠠᠨᠠᠭᠤᠯᠭ᠎ᠠ ᠪᠠ 257 ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠠᠨᠠᠯ ᠵᠥᠪᠯᠡᠯᠭᠡ ᠶᠢ ᠪᠦᠬᠦᠨ ᠢ | ᠴᠢᠨᠠᠷ ᠰᠠᠶᠢᠲᠠᠢ ᠪᠠᠷ ᠰᠢᠢᠳᠪᠦᠷᠢᠯᠡᠨ ᠳᠠᠭᠤᠰᠬᠠᠬᠤ ᠶᠢ ᠤᠬᠠᠮᠰᠠᠷ ᠠᠴᠠ ᠪᠠᠨ ᠬᠦᠯᠢᠶᠡᠵᠦ᠂ ᠰᠢᠢᠳᠪᠦᠷᠢᠯᠡᠬᠦ ᠳᠤ | ᠬᠠᠨᠤᠮᠵᠢᠲᠠᠶ ᠪᠠᠶᠢᠬᠤ ᠨᠤᠷᠮ᠎ᠠ ᠶᠢ 100% ᠪᠡᠷᠶᠠᠳᠠᠭᠤ ᠶᠢ ᠲᠡᠳᠬᠦᠬᠦ᠂ ᠠᠷᠠᠳ ᠤᠨ ᠠᠭᠠᠷ ᠤᠨ ᠰᠡᠷᠭᠡᠶᠢᠯᠡᠯᠲᠡ᠂ | ᠨᠡᠭᠦᠷᠡᠰᠦ᠂ ᠬᠠᠩᠭᠠᠨ ᠪᠣᠷᠣᠯᠠᠭᠤᠯᠬᠤ ᠬᠤᠷᠰᠢᠶ᠎ᠠ᠂ ᠤᠢ ᠰᠢᠭᠤᠢ ᠡᠪᠡᠰᠦ ᠪᠡᠯᠴᠢᠭᠡᠷ᠂ ᠠᠭᠤᠷᠬᠠᠢ ᠵᠡᠷᠭᠡ | ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ | ᠠᠵᠢᠯ ᠢ ᠭᠦᠨᠵᠡᠭᠡᠢ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ | ᠬᠥᠭᠵᠢᠬᠦ ᠶᠢ ᠲᠦᠯᠬᠢᠨ ᠠᠬᠢᠭᠤᠯᠤᠨ᠎ᠠ᠃ | ᠲᠥᠯᠥᠭᠡᠯᠡᠭᠴᠢᠳ ᠠ᠋᠂ ᠬᠡᠳᠦᠨ ᠵᠢᠯ ᠤᠨ ᠲᠤᠷᠰᠢᠬᠢ ᠲᠡᠮᠡᠴᠡᠯ ᠤᠨ ᠥᠩᠭᠡᠷᠡᠯᠲᠡ ᠪᠠᠨ ᠡᠷᠭᠢᠴᠡᠭᠦᠯᠪᠡᠯ᠂ ᠪᠢᠳᠡ | ᠬᠢᠯᠪᠡᠷ ᠪᠤᠰᠤ ᠪᠠᠷ ᠣᠯᠣᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠣᠯᠵᠠᠢ᠂ ᠶᠠᠪᠤᠵᠤ ᠢᠷᠡᠭᠰᠡᠨ ᠠᠯᠬᠤᠮ | ᠨᠢᠭᠡᠪᠦᠷᠢ ᠨᠢ ᠴᠥᠮ ᠬᠢᠯᠪᠡᠷ ᠪᠤᠰᠤ᠂ ᠬᠥᠮᠥᠨ ᠨᠢᠭᠡᠪᠦᠷᠢ ᠴᠥᠮ ᠠᠮᠠᠷ ᠦᠭᠡᠢ ᠶᠤᠮ᠃ᠶᠡᠷᠦ ᠪᠤᠰᠤ ᠶᠢᠨ | ᠬᠥᠭᠵᠢᠯᠲᠡ ᠶᠢᠨ ᠠᠮᠵᠢᠯᠲᠠ ᠪᠦᠲᠦᠮᠵᠢ ᠨᠢ ᠪᠢᠳᠡᠨ ᠤ ᠦᠷᠭᠦᠯᠵᠢᠯᠡᠨ ᠤᠷᠤᠭᠰᠢᠯᠠᠬᠤ ᠳᠤ ᠪᠠᠲᠤ ᠪᠠᠬᠢ ᠰᠠᠭᠤᠷᠢ ᠶᠢ | ᠲᠠᠯᠪᠢᠨ ᠥᠭᠴᠦ᠂ ᠡᠯᠪᠡᠭ ᠪᠠᠶᠠᠯᠢᠭ ᠪᠡᠶ᠎ᠡ ᠪᠠᠷ ᠢᠶᠠᠨ ᠦᠢᠯᠡᠳᠦᠯᠭᠡᠵᠢᠭᠦᠯᠵᠦ᠂ ᠪᠢᠳᠡᠨ ᠤ ᠢᠷᠡᠭᠡᠳᠦᠢ ᠪᠠᠨ ᠡᠭᠦᠳᠦᠨ | ᠨᠡᠭᠡᠭᠡᠬᠦ ᠳᠤ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠃ᠬᠡᠯᠪᠡᠷᠢ ᠶᠢ ᠬᠤᠪᠢᠷᠠᠭᠤᠯᠪᠠᠯ ᠰᠠᠶ᠋ᠢ | ᠥᠭᠡᠳᠡᠯᠡᠬᠦ ᠵᠠᠮ ᠲᠠᠢ᠂ ᠭᠠᠭᠴᠠᠬᠦ ᠬᠡᠯᠪᠡᠷᠢ ᠶᠢ ᠬᠤᠪᠢᠷᠠᠭᠤᠯᠬᠤ ᠶᠠᠪᠤᠴᠠ ᠳᠤ ᠭᠠᠷᠬᠤ ᠵᠠᠮ ᠢ ᠡᠷᠢᠯᠬᠢᠯᠡᠵᠦ᠂ ᠰᠢᠨ᠎ᠡ | ᠵᠠᠮ ᠢ ᠨᠡᠭᠡᠭᠡᠪᠡᠯ ᠰᠠᠢᠢ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ︔ | ᠠᠷᠠᠳ ᠤᠨ ᠠᠮᠢᠳᠤᠷᠠᠯ ᠪᠣᠯ ᠳᠠᠷᠤᠢ ᠠᠷᠠᠳ ᠤᠨ ᠰᠡᠳᠬᠢᠯ ᠮᠥᠨ᠂ ᠭᠠᠭᠴᠠᠬᠦ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠵᠣᠭᠰᠣᠯᠲᠠ ᠳᠤ ᠪᠠᠲᠤ | ᠵᠣᠭᠰᠣᠪᠠᠯ ᠰᠠᠢᠢ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠵᠤ | ᠴᠢᠳᠠᠨ᠎ᠠ︔ᠪᠣᠳᠠᠲᠠᠢ ᠪᠠᠷ ᠠᠵᠢᠯᠯᠠᠪᠠᠯ ᠰᠠᠢᠢ ᠤᠴᠢᠷ ᠶᠠᠪᠤᠳᠠᠯ ᠢ ᠪᠦᠲᠦᠭᠡᠵᠦ ᠴᠢᠳᠠᠨ᠎ᠠ᠂ ᠭᠠᠭᠴᠠᠬᠦ ᠥᠨᠳᠥᠷ ᠲᠤ | ᠵᠣᠭᠰᠣᠨ ᠠᠯᠤᠰ ᠢ ᠪᠣᠳᠣᠯᠬᠢᠯᠠᠵᠤ᠂ ᠪᠣᠳᠠᠲᠠᠢ ᠶᠢ ᠡᠷᠬᠢᠮᠯᠡᠨ ᠰᠢᠨ᠎ᠡ ᠶᠢ ᠡᠭᠦᠳᠴᠦ᠂ ᠨᠢᠭᠡ ᠵᠢᠷᠤᠭ ᠲᠥᠰᠥᠪ ᠢ ᠡᠴᠦᠰ | ᠲᠤᠨᠢ ᠲᠤᠯᠲᠠᠯ᠎ᠠ ᠵᠢᠷᠤᠭᠯᠠᠪᠠᠯ ᠰᠠᠢᠢ ᠡᠯ᠎ᠡ ᠲᠦᠷᠦᠯ ᠤᠨ ᠦᠢᠯᠡᠰ ᠢ ᠪᠣᠳᠠᠲᠠᠢ ᠪᠠᠷ ᠰᠠᠶᠢᠲᠤᠷ ᠬᠢᠵᠦ ᠠᠮᠵᠢᠯᠲᠠ ᠲᠠᠢ | ᠪᠡᠶᠡᠯᠡᠭᠦᠯᠵᠦ ᠴᠢᠳᠠᠨ᠎ᠠ᠃ | ᠲᠥᠯᠥᠭᠡᠯᠡᠭᠴᠢᠳ ᠠ᠋᠂ ᠲᠣᠰ ᠬᠤᠭᠤᠴᠠᠭᠠᠨ ᠤ ᠵᠠᠰᠠᠭ ᠤᠨ ᠣᠷᠳᠣᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠶᠢ ᠭᠡᠷᠡᠴᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠪᠥᠬᠦ | ᠲᠠᠯ᠎ᠠ ᠶᠢᠨ ᠢᠯᠠᠯᠲᠠ ᠶᠢ ᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠡᠭᠡ ᠲᠠᠶᠢᠨ ᠤ ᠶᠡᠭᠡ | ᠰᠢᠯᠭᠠᠯᠲᠠ ᠶᠢ ᠥᠩᠭᠡᠷᠡᠭᠡᠵᠦ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠲᠡᠭᠦᠰ | ᠠᠮᠵᠢᠯᠲᠠ ᠲᠠᠢ ᠲᠡᠭᠦᠰᠬᠡᠯ ᠪᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ | ᠡᠬᠢᠯᠡᠯᠲᠡ ᠶᠢ ᠪᠡᠶᠡᠯᠡᠭᠦᠯᠪᠡ᠃ᠡᠳᠡᠭᠡᠷ ᠠᠮᠵᠢᠯᠲᠠ ᠶᠢ ᠣᠯᠣᠭᠰᠠᠨ ᠨᠢ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠨᠵᠢᠯᠡᠬᠦ | ᠤᠬᠠᠭᠠᠨᠴᠢ ᠪᠠᠷ ᠵᠢᠭᠠᠨ ᠵᠢᠯᠣᠭᠤᠳᠤᠭᠰᠠᠨ ᠤ ᠦᠷ᠎ᠡ ᠳ᠋ᠦᠩ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ᠂ ᠰᠢ ᠶᠢᠨ ᠫᠢᠩ ᠬᠤᠲᠠ ᠪᠣᠯᠣᠨ ᠲᠣᠭᠤᠷᠢᠭ ᠤᠨ ᠨᠠᠮ ᠤᠨ ᠬᠤᠷᠢᠶ᠎ᠠ ᠶᠢᠨ ᠡᠷᠡᠰ ᠴᠢᠩᠭ᠎ᠠ | ᠤᠳᠤᠷᠢᠳᠤᠭᠰᠠᠨ ᠤ ᠦᠷ᠎ᠡ ᠳ᠋ᠦᠩ᠂ ᠬᠤᠭᠤᠴᠠᠭ᠎ᠠ ᠪᠦᠷᠢ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ | ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠵᠤ ᠳᠡᠮᠵᠢᠭᠰᠡᠨ ᠤ ᠦᠷ᠎ᠡ | ᠳ᠋ᠦᠩ᠂ ᠪᠦᠬᠦ ᠣᠷᠣᠨ ᠤ ᠠᠷᠠᠳ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠃ᠠᠳᠡ᠂ ᠪᠢ ᠣᠷᠣᠨ ᠤ ᠠᠷᠠᠳ ᠤᠨ ᠵᠠᠰᠠᠭ ᠤᠨ ᠣᠷᠳᠣᠨ ᠤ | ᠡᠮᠦᠨ᠎ᠡ ᠠᠴᠠ᠂ ᠪᠦᠬᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ᠂ ᠡᠯ᠎ᠡ ᠠᠷᠠᠳ ᠤᠨ ᠪᠦᠯᠬᠦᠮ᠂ ᠠᠵᠢᠯ ᠠᠴᠠ ᠪᠠᠨ ᠰᠠᠯᠵᠤ ᠠᠮᠠᠷᠠᠭᠰᠠᠨ | ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ᠂ ᠱᠢ ᠭᠤᠤ ᠶᠢᠨ ᠬᠥᠭᠵᠢᠯᠲᠡ ᠪᠦᠲᠦᠭᠡᠨ | ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠨ᠂ ᠣᠷᠣᠯᠴᠠᠭᠰᠠᠨ ᠡᠯ᠎ᠡ ᠡᠲᠡᠭᠡᠳ ᠤᠨ ᠨᠠᠶᠢᠵᠠ ᠨᠠᠷ ᠲᠤ ᠬᠠᠮᠤᠭ ᠤᠨ | ᠡᠷᠬᠢᠮ ᠳᠡᠭᠡᠳᠦ ᠬᠦᠨᠳᠦᠳᠬᠡᠯ ᠪᠠ ᠬᠠᠮᠤᠭ ᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠠ᠋᠂ ᠠᠮᠵᠢᠯᠲᠠ ᠪᠦᠲᠦᠮᠵᠢ ᠪᠠ ᠲᠤᠷᠰᠢᠯᠭ᠎ᠠ ᠪᠠᠨ ᠳ᠋ᠦᠩᠨᠡᠬᠦ ᠶᠢᠨ ᠵᠡᠷᠭᠡᠴᠡᠭᠡᠪᠡᠷ ᠪᠢᠳᠡ | ᠪᠠᠰᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠰᠡᠷᠭᠡᠭ ᠢᠶᠠᠷ ᠲᠠᠨᠢᠬᠤ ᠬᠡᠷᠡᠭᠲᠡᠢ᠄ ᠠᠵᠤ ᠠᠬᠤᠢ ᠶᠢᠨ | ᠶᠡᠷᠦᠩᠬᠡᠢ ᠬᠡᠮᠵᠢᠶ᠎ᠡ ᠮᠥᠨ ᠯᠡ ᠪᠠᠭ᠎ᠠ ᠰᠢᠭ᠋᠂ ᠶᠠᠰᠤ ᠴᠢᠨᠠᠷ ᠦᠷ᠎ᠡ ᠠᠰᠢᠭ ᠥᠨᠳᠥᠷ ᠪᠢᠰᠢ᠂ ᠠᠵᠤ ᠦᠢᠯᠡᠰ ᠤᠨ | ᠪᠦᠲᠦᠴᠡ ᠰᠢᠯᠢᠳᠡᠭ ᠪᠢᠰᠢ᠂ ᠡᠨᠧᠷᠭᠢ ᠶᠢᠨ ᠬᠤᠷᠣᠭᠳᠠᠭᠤᠯᠤᠯ ᠤᠨ ᠬᠤᠣᠰ ᠬᠢᠵᠠᠭᠠᠷᠯᠠᠯ ᠤᠨ ᠳᠠᠷᠤᠯᠲᠠ ᠯᠤᠲᠤ ᠶᠡᠭᠡ᠂ | ᠴᠢᠬᠤᠯᠠ ᠶᠡᠭᠡ ᠵᠦᠢᠯᠡᠰ ᠤᠨ ᠨᠥᠭᠡᠴᠡ ᠬᠦᠷᠦᠯᠴᠡᠬᠦ ᠦᠭᠡᠢ᠂ ᠥᠷᠢ ᠥᠭᠴᠡᠭᠡ ᠶᠢ ᠠᠷᠢᠯᠭᠠᠬᠤ ᠡᠭᠦᠷᠭᠡ ᠬᠠᠲᠠᠭᠤ | ᠪᠡᠷᠬᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠵᠠᠰᠠᠯᠲᠠ ᠶᠢᠨ ᠬᠦᠷᠢᠶᠡᠨ ᠳᠤ ᠮᠥᠨ ᠴᠥᠭᠡᠨ ᠪᠤᠰᠤ | ᠳᠤᠲᠠᠭᠤᠳᠠᠯ ᠪᠠᠭᠤᠷᠠᠢ ᠵᠦᠢᠯ ᠪᠠᠶᠢᠬᠤ ᠵᠡᠷᠭᠡ ᠪᠣᠯᠣᠨ᠎ᠠ᠃ᠡᠭᠦᠨ ᠳᠤ ᠪᠢᠳᠡ ᠡᠷᠬᠡᠪᠰᠢ ᠵᠣᠷᠢᠭᠲᠠᠢ ᠪᠠᠷ ᠰᠢᠭᠤᠳ | ᠬᠠᠨᠳᠤᠵᠤ᠂ ᠨᠢᠭᠤᠵᠤ ᠳᠠᠯᠳᠠᠯᠠᠬᠤ ᠦᠭᠡᠢ᠂ ᠵᠠᠶᠢᠯᠠᠬᠤ ᠦᠭᠡᠢ ᠪᠠᠶᠢᠵᠤ᠂ ᠡᠷᠡᠰ ᠰᠢᠭᠤᠷᠬᠠᠢ ᠪᠠᠷ ᠤᠷᠤᠭᠰᠢᠯᠠᠨ | ᠲᠠᠪᠰᠢᠬᠤ᠂ ᠬᠡᠵᠢᠶᠡᠳᠡ ᠬᠤᠶᠢᠷᠭᠤᠰᠢᠬᠤ ᠦᠭᠡᠢ ᠪᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠠ ᠵᠣᠷᠢᠭᠲᠠᠢ ᠪᠠᠷ | ᠬᠢᠵᠦ ᠵᠣᠷᠢᠭᠲᠠᠢ ᠪᠠᠷ ᠠᠵᠢᠯᠯᠠᠬᠤ᠂ ᠪᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠢ ᠪᠠᠶᠢᠳᠠᠯ ᠢᠶᠠᠷ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠥᠷᠯᠥᠭᠡ ᠦᠳᠡᠰᠢ ᠶᠢ ᠲᠡᠮᠡᠴᠡᠨ᠂ ᠶᠡᠭᠡ ᠦᠢᠯᠡᠰ ᠢ ᠪᠦᠲᠦᠭᠡᠵᠦ᠂ | ᠰᠢᠨ᠎ᠡ ᠶᠢᠷᠲᠢᠨᠴᠦ ᠶᠢ ᠨᠡᠭᠡᠭᠡᠬᠦ ᠬᠡᠷᠡᠭᠲᠡᠢ᠃ | ᠬᠤᠶᠠᠷ᠂ ᠢᠷᠡᠭᠡᠳᠦᠢ ᠪᠠᠨ ᠪᠠᠷᠠᠯᠠᠬᠤᠶ᠎ᠠ᠂ ᠡᠷᠡᠮᠡᠬᠡᠶᠢᠯᠡᠨ ᠤᠷᠤᠭᠰᠢᠯᠠᠵᠤ ᠭᠡᠷᠡᠯ ᠰᠠᠴᠤᠷᠠᠩᠭᠤᠢ ᠶᠢ ᠴᠣᠭᠴᠠᠯᠠᠨ᠎ᠠ᠂ | ᠲᠥᠯᠥᠭᠡᠯᠡᠭᠴᠢᠳ ᠠ᠋᠂ ᠬᠤᠶᠢᠰᠢᠳᠠ ᠶᠢᠨ ᠲᠠᠪᠤᠨ ᠵᠢᠯ ᠪᠣᠯ ᠮᠠᠨ ᠤ ᠤᠯᠤᠰ ᠤᠨ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠲᠡᠰᠢ ᠤᠷᠤᠭᠰᠢᠯᠠᠬᠤ ᠲᠠᠪᠤᠨ ᠵᠢᠯ ᠪᠣᠯᠣᠨ᠎ᠠ᠂ ᠮᠥᠨᠴᠦ ᠰᠢᠭᠤᠶᠢᠳᠤ ᠲᠣᠭᠤᠷᠢᠭ ᠤᠨ ᠪᠣᠭᠤᠮᠲᠠ | ᠰᠢᠪᠲᠤᠯᠬᠤ᠂ ᠬᠡᠯᠪᠡᠷᠢ ᠪᠠᠨ ᠬᠤᠪᠢᠷᠠᠭᠤᠯᠤᠨ ᠳᠡᠭᠡᠭᠰᠢᠯᠡᠭᠦᠯᠬᠦ᠂ ᠴᠢᠨᠠᠷ ᠰᠠᠶᠢᠲᠠᠢ ᠳᠠᠪᠠᠯᠲᠠ ᠲᠠᠢ ᠬᠥᠭᠵᠢᠯᠲᠡ ᠶᠢ | ᠲᠦᠷᠭᠡᠨ ᠪᠡᠶᠡᠯᠡᠭᠦᠯᠬᠦ ᠵᠠᠩᠭᠢᠯᠠᠭ᠎ᠠ ᠶᠢᠨ ᠲᠠᠪᠤᠨ ᠵᠢᠯ ᠪᠣᠯᠣᠨ᠎ᠠ᠃ᠣᠷᠣᠨ ᠤ ᠠᠷᠪᠠᠨ ᠳᠥᠷᠪᠡᠳᠦᠭᠡᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠪᠦᠬᠦ ᠣᠷᠣᠨ ᠤ ᠬᠥᠭᠵᠢᠯᠲᠡ ᠶᠢᠨ ᠠᠤᠭ᠎ᠠ ᠵᠢᠷᠤᠭ | ᠲᠥᠯᠥᠪᠯᠡᠭᠡ ᠶᠢ ᠵᠢᠷᠤᠭᠯᠠᠵᠤ᠂ ᠬᠤᠶᠢᠰᠢᠳᠠ ᠶᠢᠨ ᠲᠠᠪᠤᠨ ᠵᠢᠯ ᠤᠨ ᠠᠵᠢᠯ ᠢ ᠥᠷᠨᠢᠭᠦᠯᠬᠦ ᠴᠢᠭᠯᠡᠯ᠂ ᠭᠤᠣᠯᠳᠠᠯᠭ᠎ᠠ ᠲᠠᠢ | ᠡᠭᠦᠷᠭᠡ ᠳᠤ ᠰᠢᠰᠲ᠋ᠥᠮ ᠲᠠᠢ ᠲᠥᠯᠦᠪᠵᠢᠭᠦᠯᠭᠡ ᠪᠠ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠣᠷᠭᠢᠯᠤᠮ᠎ᠠ | ᠰᠡᠳᠬᠢᠯᠭᠡ ᠲᠠᠢ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠡᠷᠡᠯᠬᠡᠭᠯᠡᠨ ᠤᠷᠤᠭᠰᠢᠯᠠᠬᠤ᠂ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠣᠨᠴᠠᠯᠢᠭ ᠢᠶᠠᠷ ᠢᠯᠡ ᠲᠣᠳᠣ ᠴᠢᠨᠠᠷ ᠰᠠᠶᠢᠲᠠᠢ | ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠬᠤᠰᠢᠭᠤᠴᠢ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠳᠠᠭᠠᠷᠢᠯᠲᠠ ᠶᠢᠨ | ᠪᠦᠷᠢᠶ᠎ᠡ ᠶᠢ ᠬᠠᠩᠭᠢᠨᠠᠭᠤᠯᠤᠭᠰᠠᠨ ᠪᠠᠶᠢᠨ᠎ᠠ᠃ᠪᠢᠳᠡ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠣᠨ | ᠰᠢᠭᠤᠶᠢᠳᠤ ᠲᠣᠭᠤᠷᠢᠭ ᠤᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ | ᠲᠡᠦᠬᠡ ᠶᠢᠨ ᠰᠢᠨ᠎ᠡ ᠭᠠᠷᠤᠭ᠎ᠠ ᠳᠤ ᠰᠠᠭᠤᠷᠢᠯᠠᠨ᠂ ᠰᠡᠳᠬᠢᠴᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ | ᠠᠵᠠ ᠲᠣᠬᠢᠶᠠᠯ ᠢ ᠡᠵᠡᠮᠳᠡᠨ᠂ ᠰᠢᠭᠤᠶᠢᠳᠤ ᠲᠣᠭᠤᠷᠢᠭ ᠤᠨ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ | ᠬᠥᠭᠵᠢᠭᠰᠡᠨ ᠰᠢᠨ᠎ᠡ ᠬᠡᠷᠡᠯ ᠰᠠᠴᠤᠷᠠᠩᠭᠤᠢ ᠦᠢᠯᠡᠰ ᠢ ᠴᠢᠷᠮᠠᠶᠢᠨ ᠴᠣᠭᠴᠠᠯᠠᠬᠤ ᠬᠡᠷᠡᠭᠲᠡᠢ᠃ | ᠶᠡᠭᠡ ᠬᠠᠨᠳᠤᠰᠢ ᠶᠢ ᠠᠵᠢᠭᠯᠠᠪᠠᠯ᠂ ᠰᠢᠭᠤᠶᠢᠳᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠳᠤ | ᠡᠷᠬᠡᠪᠰᠢ ᠶᠡᠭᠡ ᠦᠢᠯᠡᠰ ᠪᠦᠲᠦᠭᠡᠬᠦ ᠬᠡᠷᠡᠭᠲᠡᠢ᠃ᠮᠠᠨ ᠤ ᠤᠯᠤᠰ ᠨᠢᠭᠡᠨᠲᠡ ᠴᠢᠨᠠᠷ ᠰᠠᠶᠢᠲᠠᠢ ᠬᠥᠭᠵᠢᠯᠲᠡ ᠶᠢᠨ | ᠱᠠᠲᠤᠨ ᠳᠤ ᠣᠷᠣᠵᠤ᠂ ᠠᠵᠤ ᠠᠬᠤᠢ ᠤᠷᠳᠤ ᠬᠤᠭᠤᠴᠠᠭ᠎ᠠ ᠪᠠᠷ ᠰᠠᠶᠢᠵᠢᠷᠠᠵᠤ᠂ ᠵᠠᠬ᠎ᠠ ᠳᠡᠯᠭᠡᠭᠦᠷ ᠤᠨ ᠣᠷᠣᠨ ᠵᠠᠢ | ᠥᠷᠭᠡᠨ ᠠᠭᠤᠳᠠᠮ᠂ ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠠᠶᠢᠵᠤ᠂ ᠪᠢᠳᠡᠨ ᠳᠤ ᠲᠣᠭᠲᠠᠭᠤᠨ ᠤ ᠳᠤᠮᠳᠠ | ᠤᠷᠤᠭᠰᠢᠯᠠᠬᠤ᠂ ᠲᠣᠭᠲᠠᠭᠤᠨ ᠤ ᠳᠤᠮᠳᠠ ᠰᠠᠶᠢᠵᠢᠷᠠᠬᠤ ᠬᠤᠷᠸ᠎ᠠ ᠠᠵᠤ ᠠᠬᠤᠢ ᠶᠢᠨ ᠣᠷᠴᠢᠨ ᠲᠣᠭᠤᠷᠢᠨ ᠢ | ᠡᠭᠦᠳᠴᠦ ᠥᠭᠴᠡᠢ᠃ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ | ᠣᠷᠣᠨ ᠢ ᠬᠥᠭᠵᠢᠭᠦᠯᠦᠨ ᠮᠠᠨᠳᠤᠭᠤᠯᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠪᠣᠯᠣᠨ ᠴᠢᠨᠠᠷ ᠰᠠᠶᠢᠲᠠᠢ ᠬᠥᠭᠵᠢᠯᠲᠡ ᠵᠡᠷᠭᠡ ᠠᠯᠢ ᠤᠯᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠦᠷᠭᠡᠨ | ᠠᠬᠢᠬᠤ ᠶᠢ ᠳᠠᠭᠠᠯᠳᠤᠨ᠂ ᠴᠢᠳᠠᠪᠤᠷᠢᠲᠠᠨ᠂ ᠮᠡᠷᠭᠡᠵᠢᠯ᠂ ᠬᠥᠷᠥᠩᠭᠡ᠂ ᠮᠡᠳᠡᠭᠡ ᠵᠠᠩᠭᠢ ᠵᠡᠷᠭᠡ ᠡᠯᠧᠮᠧᠨ᠋ᠲ ᠢ ᠰᠢᠯᠵᠢᠭᠦᠯᠦᠨ | ᠬᠡᠯᠪᠡᠶᠢᠯᠭᠡᠬᠦ ᠨᠢ ᠪᠢᠳᠡᠨ ᠤ ᠣᠷᠣᠨ ᠪᠦᠰᠡ ᠶᠢᠨ ᠬᠥᠭᠵᠢᠯᠲᠡ ᠳᠤ ᠨᠡᠩ ᠭᠦᠨ ᠳᠠᠪᠬᠤᠷᠭ᠎ᠠ ᠪᠠᠷ ᠠᠭᠤᠰᠤᠯᠴᠠᠭᠤᠯᠬᠤ᠂ | ᠨᠡᠩ ᠥᠷᠭᠡᠨ ᠬᠡᠪᠴᠢᠶᠡᠨ ᠳᠤ ᠳᠡᠭᠡᠳᠦ ᠲᠡᠰ ᠤᠨ ᠡᠯᠧᠮᠧᠨ᠋ᠲ ᠢ ᠲᠥᠪᠯᠡᠷᠡᠭᠦᠯᠬᠦ ᠳᠤ ᠨᠡᠩ ᠤᠯᠠᠨ ᠠᠰᠢᠭᠲᠠᠢ | ᠨᠥᠬᠦᠴᠡᠯ ᠢ ᠡᠭᠦᠳᠴᠦ ᠥᠭᠴᠡᠢ᠃ᠪᠢᠳᠡ ᠡᠷᠬᠡᠪᠰᠢ ᠠᠵᠠ ᠲᠣᠬᠢᠶᠠᠯ ᠢ ᠠᠮᠵᠢᠵᠤ᠂ ᠢᠯᠠᠯᠲᠠ ᠶᠢᠨ ᠡᠷᠴᠢᠨ ᠳᠡᠭᠡᠷ᠎ᠡ | ᠤᠷᠤᠭᠰᠢᠯᠠᠵᠤ᠂ ᠬᠥᠭᠵᠢᠯᠲᠡ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠬᠥᠭᠵᠢᠯᠲᠡ ᠪᠠᠷ ᠬᠦᠴᠦᠨ ᠢᠶᠠᠨ | ᠨᠢᠭᠲᠠᠷᠠᠭᠤᠯᠵᠤ᠂ ᠬᠥᠭᠵᠢᠯᠲᠡ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠬᠦᠴᠦ ᠲᠠᠯᠪᠢᠨ ᠦᠢᠯᠡᠴᠢᠯᠡᠬᠦ ᠪᠠ ᠠᠭᠤᠰᠤᠯᠴᠠᠬᠤ ᠳᠤᠮᠳᠠ ᠨᠡᠩ ᠶᠡᠭᠡ ᠵᠢᠳᠬᠦᠯ ᠴᠢᠷᠮᠠᠶᠢᠯᠭ᠎ᠠ | ᠭᠠᠷᠭᠠᠵᠤ᠂ ᠨᠡᠩ ᠰᠠᠶᠢᠨ ᠬᠥᠭᠵᠢᠯᠲᠡ ᠶᠢ ᠪᠦᠲᠦᠭᠡᠬᠦ ᠬᠡᠷᠡᠭᠲᠡᠢ᠃ | ᠥᠪᠡᠷ ᠤᠨ ᠪᠡᠶ᠎ᠡ ᠪᠠᠨ ᠠᠵᠢᠭᠯᠠᠪᠠᠯ᠂ ᠰᠢᠭᠤᠶᠢᠳᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠳᠤ | ᠦᠢᠯᠡᠳᠦᠯ ᠭᠠᠷᠭᠠᠪᠠᠯ ᠵᠣᠬᠢᠨ᠎ᠠ᠃ᠤᠷᠲᠤ ᠬᠤᠭᠤᠴᠠᠭᠠᠨ ᠤ ᠲᠤᠷᠰᠢᠬᠢ ᠴᠥᠬᠦᠷᠡᠰᠢ ᠦᠭᠡᠢ ᠴᠢᠷᠮᠠᠶᠢᠯᠭ᠎ᠠ ᠪᠠᠷ | ᠳᠠᠮᠵᠢᠭᠠᠳ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠪᠦᠲᠦᠭᠡᠨ ᠪᠠᠶᠢᠭᠤᠯᠤᠯᠲᠠ | ᠲᠦᠷᠭᠡᠨ ᠳᠠᠪᠰᠢᠯᠲᠠ ᠲᠠᠢ ᠪᠣᠯᠪᠠ᠃ᠤᠰᠤ ᠲᠠᠲᠠᠵᠤ ᠴᠢᠯᠠᠭᠤᠨ ᠳᠤ ᠣᠷᠣᠭᠤᠯᠬᠤ᠂ S211 ᠶᠢ ᠥᠭᠡᠷᠡᠴᠢᠯᠡᠵᠦ | ᠥᠷᠭᠡᠳᠬᠡᠨ ᠪᠠᠶᠢᠭᠤᠯᠬᠤ ᠵᠡᠷᠭᠡ ᠨᠢᠭᠡ ᠪᠦᠯᠦᠭ ᠰᠠᠭᠤᠷᠢ ᠲᠠᠯᠪᠢᠬᠤ ᠭᠤᠣᠯᠳᠠᠯᠭ᠎ᠠ ᠲᠠᠢ ᠢᠨᠵᠧᠨᠧᠷᠢᠩ ᠢ ᠪᠦᠬᠦ | ᠲᠠᠯ᠎ᠠ ᠪᠠᠷ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂ ᠰᠤᠷᠭᠠᠨ | ᠬᠥᠮᠦᠵᠢᠯ ᠤᠨ ᠲᠥᠪᠯᠡᠷᠡᠯ ᠵᠡᠷᠭᠡ ᠨᠢᠭᠡ ᠪᠦᠯᠦᠭ ᠠᠯᠤᠰ ᠬᠡᠳᠤ ᠶᠢᠨ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ | ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠰᠢᠨ᠎ᠡ ᠨᠢᠭᠡ ᠡᠭᠡᠯᠵᠢ ᠶᠢᠨ ᠬᠥᠭᠵᠢᠯᠲᠡ ᠳᠤ ᠬᠦᠴᠦᠲᠡᠢ | ᠲᠤᠯᠭᠠᠭᠤᠷᠢᠯᠠᠯ ᠬᠠᠩᠭᠠᠪᠠ᠃ᠳᠠᠪᠠᠭᠤᠯᠢᠭ ᠣᠷᠣᠨ ᠪᠠᠶᠢᠷᠢ ᠶᠢᠨ ᠣᠷᠴᠢᠨ ᠲᠣᠭᠤᠷᠢᠨ᠂ ᠳᠥᠭᠦᠮ ᠳᠥᠲᠡ ᠵᠠᠮ | ᠬᠠᠷᠢᠯᠴᠠᠭᠠᠨ ᠤ ᠨᠥᠬᠦᠴᠡᠯ ᠲᠠᠢ ᠪᠠᠶᠢᠵᠤ᠂ ᠭᠤᠣᠯ ᠬᠤᠲᠠ ᠶᠢᠨ ᠲᠣᠭᠤᠷᠢᠭ ᠲᠤ ᠭᠦᠨᠵᠡᠭᠡᠢ ᠠᠭᠤᠰᠤᠯᠴᠠᠵᠤ᠂ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠯᠤᠲᠤ ᠶᠡᠭᠡ ᠳᠠᠯᠳᠠ | ᠬᠦᠴᠦᠨ ᠲᠠᠢ ᠶᠤᠮ᠃ᠪᠢᠳᠡ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ | ᠡᠨᠧᠷᠭᠢ ᠶᠢᠨ ᠬᠡᠯᠪᠡᠷᠢ ᠶᠢ ᠬᠤᠪᠢᠷᠠᠭᠤᠯᠬᠤ ᠪᠠᠷ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠲᠠᠶᠢᠴᠢᠯᠠᠵᠤ᠂ | ᠣᠷᠣᠨ ᠪᠠᠶᠢᠷᠢ ᠶᠢᠨ ᠳᠠᠪᠠᠭᠤᠯᠢᠭ ᠢᠶᠠᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ | ᠬᠠᠷᠢᠴᠠᠭᠤᠯᠤᠭᠰᠠᠨ ᠳᠠᠪᠠᠭᠤᠯᠢᠭ ᠢᠶᠠᠨ ᠰᠢᠨ᠎ᠡ ᠶᠢ ᠡᠭᠦᠳᠬᠦ ᠳᠠᠪᠠᠭᠤᠯᠢᠭ ᠪᠣᠯᠭᠠᠨ ᠬᠤᠪᠢᠷᠠᠭᠤᠯᠵᠤ᠂ ᠴᠢᠨᠠᠷ ᠰᠠᠶᠢᠲᠠᠢ | ᠬᠥᠭᠵᠢᠯᠲᠡ ᠶᠢᠨ ᠬᠤᠷᠳᠤᠴᠠ ᠶᠢ ᠲᠦᠷᠭᠡᠳᠬᠡᠬᠦ ᠪᠠᠷ ᠪᠦᠬᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠢ᠃ | ᠬᠠᠷᠠᠯᠲᠠ ᠪᠠᠨ ᠲᠣᠭᠲᠠᠭᠠᠬᠤ ᠳᠤ᠂ ᠰᠢᠭᠤᠶᠢᠳᠤ ᠨᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠳᠤ | ᠨᠡᠩ ᠰᠠᠨᠠᠭᠠᠴᠢᠯᠠᠭ᠎ᠠ ᠠᠴᠠ ᠪᠠᠨ ᠠᠵᠢᠯᠯᠠᠬᠤ ᠬᠡᠷᠡᠭᠲᠡᠢ᠃ᠣᠳᠣᠬᠠᠨ ᠤ ᠰᠢᠭᠤᠶᠢᠳᠤ ᠨᠢᠭᠡᠨᠲᠡ ᠴᠢᠨᠠᠷ ᠰᠠᠶᠢᠲᠠᠢ | ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠬᠤᠭᠤᠴᠠᠭ᠎ᠠ᠂ ᠬᠤᠲᠠ ᠶᠢᠨ | ᠲᠣᠭᠤᠷᠢᠭ ᠤᠨ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ ᠲᠦᠷᠭᠡᠳᠬᠡᠬᠦ ᠬᠤᠭᠤᠴᠠᠭ᠎ᠠ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠳᠡᠭᠡᠭᠰᠢᠯᠡᠭᠦᠯᠬᠦ ᠲᠦᠭᠡᠮᠡᠯ ᠬᠠᠷᠠᠭᠠᠯᠵᠠᠯ ᠤᠨ ᠬᠤᠭᠤᠴᠠᠭᠠᠨ ᠳᠤ | ᠣᠷᠣᠭᠰᠠᠨ ᠪᠠᠶᠢᠨ᠎ᠠ᠃ ᠭᠤᠣᠯ ᠪᠣᠯᠬᠤ ᠬᠥᠭᠵᠢᠯᠲᠡ ᠶᠢᠨ ᠭᠦᠢᠴᠡᠳᠬᠡᠯ ᠲᠤᠭ᠎ᠠ ᠶᠢᠨ︽ᠬᠡᠮᠵᠢᠶ᠎ᠡ︾ ᠶᠢᠨ ᠵᠣᠬᠢᠰᠲᠠᠢ | ᠨᠡᠮᠡᠭᠳᠡᠯ ᠢ ᠪᠡᠶᠡᠯᠡᠭᠦᠯᠬᠦ ᠪᠠᠷ ᠪᠠᠷᠠᠬᠤ ᠦᠭᠡᠢ᠂ ᠨᠡᠩ ᠴᠤ ᠣᠷᠣᠨ ᠪᠦᠰᠡ ᠶᠢᠨ ᠠᠵᠤ ᠠᠬᠤᠢ ᠶᠢᠨ | ᠬᠥᠭᠵᠢᠯᠲᠡ ᠶᠢᠨ︽ᠴᠢᠨᠠᠷ︾ ᠤᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠵᠤ᠂ ᠬᠤᠳᠠ ᠬᠥᠳᠡᠭᠡ ᠶᠢᠨ | ᠠᠭᠤᠰᠤᠯᠴᠠᠨ ᠬᠥᠭᠵᠢᠬᠦ ᠶᠢ ᠲᠦᠷᠭᠡᠨ ᠪᠡᠶᠡᠯᠡᠭᠦᠯᠬᠦ ᠪᠠᠷ ᠪᠠᠷᠠᠬᠤ ᠦᠭᠡᠢ᠂ ᠨᠡᠩ ᠴᠤ ᠬᠥᠭᠵᠢᠯᠲᠡ ᠶᠢᠨ ᠦᠷ᠎ᠡ | ᠪᠦᠲᠦᠭᠡᠯ ᠢ ᠠᠷᠠᠳ ᠤᠯᠠᠨ ᠳᠤ ᠨᠡᠩ ᠰᠠᠶᠢᠨ ᠬᠦᠷᠲᠡᠭᠡᠬᠦ ᠶᠢ ᠠᠬᠢᠭᠤᠯᠬᠤ ᠬᠡᠷᠡᠭᠲᠡᠢ᠃ᠪᠢᠳᠡ ᠡᠷᠬᠡᠪᠰᠢ ᠰᠠᠭᠤᠵᠤ | ᠲᠣᠭᠲᠠᠬᠤ ᠦᠭᠡᠢ ᠪᠠᠴᠢᠮ ᠲᠤᠯᠭᠠᠮ᠎ᠠ ᠰᠡᠳᠬᠢᠯᠭᠡ᠂ ᠤᠳᠠᠭᠠᠰᠢᠷᠠᠭᠤᠯᠵᠤ ᠪᠣᠯᠣᠰᠢ ᠦᠭᠡᠢ ᠲᠦᠭᠰᠢᠭᠦᠷᠢᠲᠦ | ᠰᠡᠳᠬᠢᠯᠭᠡ᠂ ᠬᠦᠯᠢᠶᠡᠵᠦ ᠳᠡᠶᠢᠯᠬᠦ ᠦᠭᠡᠢ ᠬᠠᠷᠢᠭᠤᠴᠠᠯᠭᠠᠲᠤ ᠰᠡᠳᠬᠢᠯᠭᠡ ᠪᠠᠷ ᠴᠢᠷᠮᠠᠶᠢᠨ ᠲᠡᠮᠡᠴᠡᠵᠦ᠂ ᠴᠠᠭ ᠢ ᠠᠮᠵᠢᠵᠤ᠂ | ᠲᠡᠷᠢᠭᠦᠨ ᠤ ᠬᠢ ᠶᠢ ᠴᠢᠷᠮᠠᠶᠢᠨ ᠲᠡᠮᠡᠴᠡᠵᠦ᠂ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠠᠳᠬᠤᠵᠤ᠂ ᠰᠢᠨ᠎ᠡ | ᠭᠠᠷᠤᠭ᠎ᠠ ᠳᠡᠭᠡᠷ᠎ᠡ ᠰᠢᠭᠤᠶᠢᠳᠤ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠵᠢᠯᠤᠭᠤᠳᠬᠤ ᠦᠵᠡᠯ ᠰᠠᠨᠠᠭ᠎ᠠ ᠪᠠ | ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ | ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ︽ᠲᠠᠪᠤ ᠶᠢ ᠨᠢᠭᠡ | ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠥᠷᠪᠡᠨ | ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠬᠦᠴᠦ ᠲᠠᠯᠪᠢᠨ ᠦᠢᠯᠡᠴᠢᠯᠡᠬᠦ ᠪᠠ ᠠᠭᠤᠰᠤᠯᠴᠠᠵᠤ᠂ ᠪᠤᠭᠤᠲᠤ ᠬᠤᠲᠠ ᠶᠢᠨ ︽ | ᠳᠥᠷᠪᠡᠨ ᠰᠠᠭᠤᠷᠢᠨ ᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲ᠋ᠧᠮ︾ ᠤᠨ ᠬᠥᠭᠵᠢᠯᠲᠡ ᠶᠢᠨ ᠪᠠᠶᠢᠷᠢ | ᠲᠣᠭᠲᠠᠭᠠᠯᠲᠠ ᠶᠢᠨ ᠲᠣᠭᠤᠷᠢᠨ ᠳᠤ᠂ ᠠᠵᠤ ᠦᠢᠯᠡᠰ ᠢ ᠠᠮᠢ ᠠᠬᠤᠶᠢᠵᠢᠭᠤᠯᠬᠤ᠂ ᠠᠮᠢ ᠠᠬᠤᠢ ᠶᠢ ᠠᠵᠤ | ᠦᠢᠯᠡᠰᠵᠢᠭᠦᠯᠬᠦ ᠶᠢ ᠪᠠᠷᠢᠮᠲᠠᠯᠠᠵᠤ᠂ ᠬᠥᠭᠵᠢᠯᠲᠡ ᠶᠢᠨ ᠵᠠᠮ ᠤᠨ ᠰᠢᠨ᠎ᠡ ᠶᠢ ᠡᠭᠦᠳᠴᠦ᠂ ︽ᠳᠥᠷᠪᠡᠨ ᠵᠢᠱᠢᠶ᠎ᠡ | ᠦᠵᠡᠭᠦᠯᠬᠦ ᠬᠤᠶᠠᠷ ᠰᠠᠭᠤᠷᠢᠨ ᠨᠢᠭᠡ ᠲᠠᠪᠴᠠᠩ︾ ᠢᠶᠠᠷ ᠬᠠᠷᠠᠯᠲᠠ ᠪᠣᠯᠭᠠᠵᠤ᠂ ︽ᠨᠢᠭᠡ ᠴᠣᠭᠴᠠᠵᠢᠭᠤᠯᠤᠨ | ᠠᠭᠤᠰᠤᠯᠴᠠᠭᠤᠯᠬᠤ᠂ ᠬᠤᠶᠠᠷ ᠣᠷᠣᠨ ᠬᠠᠮᠵᠢᠯᠴᠠᠬᠤ᠂ ᠭᠤᠷᠪᠠᠨ ᠪᠦᠰᠡ ᠶᠢ ᠬᠥᠭᠵᠢᠭᠦᠯᠬᠦ᠂ ᠲᠠᠪᠤᠨ ᠲᠣᠣᠷ ᠤᠨ | ᠬᠠᠮᠲᠤᠷᠠᠭᠰᠠᠨ ᠪᠠᠶᠢᠯᠳᠤᠭᠠᠨ᠂ ᠵᠢᠷᠭᠤᠭᠠᠨ ᠬᠦᠷᠢᠶᠡᠯᠡᠩ ᠢᠶᠠᠷ ᠲᠤᠯᠭᠠᠭᠤᠷᠢᠯᠠᠭᠤᠯᠬᠤ︾ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠠᠵᠤ ᠦᠢᠯᠡᠰ ᠢ | ᠬᠥᠭᠵᠢᠭᠦᠯᠬᠦ ᠬᠡᠯᠪᠡᠷᠢ ᠶᠢᠨ ᠬᠤᠲᠠ ᠶᠢᠨ ᠲᠣᠭᠤᠷᠢᠭ᠂ ᠡᠶ᠎ᠡ ᠵᠣᠬᠢᠴᠠᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠢ | ᠴᠡᠴᠡᠷᠯᠢᠭ ᠤᠨ ᠬᠡᠯᠪᠡᠷᠢ ᠶᠢᠨ ᠬᠤᠲᠠ ᠶᠢᠨ ᠲᠣᠭᠤᠷᠢᠭ᠂ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ | ᠣᠶᠤᠨᠴᠢ ᠬᠡᠯᠪᠡᠷᠢ ᠶᠢᠨ ᠬᠤᠲᠠ ᠶᠢᠨ ᠲᠣᠭᠤᠷᠢᠭ᠂ ᠥᠪᠡᠷᠮᠢᠴᠡ ᠲᠠᠲᠠᠬᠤ ᠬᠦᠴᠦᠨ ᠲᠠᠢ ᠴᠢᠨᠠᠷ ᠴᠢᠨᠰᠠᠭ᠎ᠠ ᠶᠢᠨ | ᠬᠡᠯᠪᠡᠷᠢ ᠶᠢᠨ ᠬᠤᠲᠠ ᠶᠢᠨ ᠲᠣᠭᠤᠷᠢᠭ ᠪᠠ ᠨᠡᠶᠢᠳᠡᠮ ᠬᠠᠷᠠᠭᠠᠯᠵᠠᠵᠤ ᠬᠠᠮᠲᠤᠪᠠᠷ ᠭᠥᠷᠳᠡᠬᠦ ᠵᠣᠯ ᠵᠢᠷᠭᠠᠯᠲᠤ | ᠬᠡᠯᠪᠡᠷᠢ ᠶᠢᠨ ᠬᠤᠲᠠ ᠶᠢᠨ ᠲᠣᠭᠤᠷᠢᠭ ᠢ ᠴᠢᠷᠮᠠᠶᠢᠨ ᠪᠠᠶᠢᠭᠤᠯᠵᠤ᠂ ᠪᠤᠭᠤᠲᠤ ᠬᠤᠲᠠ ᠶᠢᠨ ︽ᠬᠤᠲᠠ ᠶᠢᠨ ᠠᠷᠤ | ᠲᠠᠯ᠎ᠠ ᠶᠢᠨ ᠴᠡᠴᠡᠷᠯᠢᠭ︾ ᠢ ᠲᠦᠷᠭᠡᠳᠬᠡᠨ ᠪᠠᠶᠢᠭᠤᠯᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ᠂ ᠣᠨᠴᠠᠯᠢᠭ ᠢᠶᠠᠷ ᠢᠯᠡ ᠲᠣᠳᠣ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ | ᠬᠥᠭᠵᠢᠭᠦᠯᠬᠦ ᠶᠢᠨ ᠬᠤᠰᠢᠭᠤᠴᠢ ᠲᠣᠭᠤᠷᠢᠭ ᠢ ᠪᠥᠬᠦ ᠲᠠᠯ᠎ᠠ ᠪᠠᠷ ᠪᠠᠶᠢᠭᠤᠯᠤᠨ᠎ᠠ᠃ | ᠳᠡᠭᠡᠷ᠎ᠡ ᠳᠤᠷᠠᠳᠤᠭᠰᠠᠨ ᠵᠢᠯᠤᠭᠤᠳᠬᠤ ᠦᠵᠡᠯ ᠰᠠᠨᠠᠭ᠎ᠠ ᠪᠣᠯᠣᠨ ᠶᠡᠷᠦᠩᠬᠡᠢ ᠱᠠᠭᠠᠷᠳᠠᠯᠭ᠎ᠠ ᠶᠢᠨ | ᠲᠣᠭᠤᠷᠢᠨ ᠳᠤ᠂ ᠬᠤᠶᠢᠰᠢᠳᠠ ᠶᠢᠨ ᠲᠠᠪᠤᠨ ᠵᠢᠯ ᠳᠤ᠂ ᠪᠥᠬᠦ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠭᠤᠣᠯ ᠬᠠᠷᠠᠯᠲᠠ ᠪᠣᠯ᠄ ᠲᠠᠪᠤᠨ ᠵᠢᠯ ᠤᠨ ᠴᠥᠬᠦᠷᠡᠰᠢ ᠦᠭᠡᠢ ᠲᠡᠮᠡᠴᠡᠯ ᠢᠶᠠᠷ ᠳᠡᠮᠵᠢᠨ᠂ ᠣᠯᠠᠨ | ᠡᠰᠢᠲᠦ ᠬᠥᠭᠵᠢᠯᠲᠡ᠂ ᠣᠯᠠᠨ ᠲᠤᠶᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ | ᠵᠢᠯ ᠪᠦᠷᠢ ᠳᠤᠮᠳᠠᠴᠢ ᠪᠠᠷ 7.2% ᠣᠷᠴᠢᠮ ᠨᠡᠮᠡᠭᠳᠡᠨ᠂ GDP ᠶᠢᠨ ᠶᠡᠷᠦᠩᠬᠡᠢ ᠬᠡᠮᠵᠢᠶ᠎ᠡ ᠶᠢᠨ ᠪᠥᠬᠦ | ᠬᠤᠲᠠ ᠳᠤ ᠡᠵᠡᠯᠡᠬᠦ ᠬᠤᠪᠢ ᠶᠢᠨ ᠵᠢᠩ ᠵᠢᠯ ᠳᠠᠷᠠᠭᠠᠯᠠᠨ ᠳᠡᠭᠡᠭᠰᠢᠯᠡᠵᠦ᠂ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠵᠢᠯ ᠪᠦᠷᠢ ᠳᠤᠮᠳᠠᠴᠢ ᠪᠠᠷ 6% ᠣᠷᠴᠢᠮ ᠨᠡᠮᠡᠭᠳᠡᠨ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ GDP ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ | ᠪᠣᠯᠵᠤ᠂ ᠭᠤᠷᠪᠠᠨ ᠠᠵᠤ ᠦᠢᠯᠡᠰ ᠤᠨ ᠪᠦᠲᠦᠴᠡ ᠨᠠᠩ ᠰᠢᠯᠢᠳᠡᠭᠵᠢᠵᠦ᠂ ᠪᠠᠶᠢᠩᠭᠤ ᠰᠠᠭᠤᠭ᠎ᠠ ᠬᠥᠮᠥᠨ ᠠᠮᠠ | ᠳᠠᠬᠢᠨ ᠢᠶᠠᠷ ᠨᠡᠮᠡᠭᠳᠡᠪᠡ᠃ᠪᠢᠳᠡᠨ ᠤ ᠴᠢᠷᠮᠠᠶᠢᠨ ᠲᠡᠮᠡᠴᠡᠬᠦ ᠪᠠᠷ ᠲᠠᠮᠵᠢᠨ᠂ ᠴᠢᠨᠠᠷ ᠰᠠᠶᠢᠲᠠᠢ ᠬᠡᠯᠪᠡᠷᠢ ᠶᠢ | ᠬᠤᠪᠢᠷᠠᠭᠤᠯᠤᠨ ᠬᠥᠭᠵᠢᠭᠦᠯᠦᠭᠰᠡᠨ ᠦᠷ᠎ᠡ ᠪᠦᠲᠦᠭᠡᠯ ᠢ ᠱᠢ ᠭᠤᠤ ᠶᠢᠨ ᠠᠷᠠᠳ ᠲᠦᠮᠡᠨ ᠳᠤ ᠨᠡᠩ ᠢᠯᠡᠭᠦᠦ ᠨᠡᠩ | ᠭᠤᠣᠯᠴᠢ ᠪᠠᠷ ᠬᠦᠷᠲᠡᠭᠡᠵᠦ᠂ ᠤᠯᠠᠨ ᠲᠦᠮᠡᠨ ᠳᠤ ᠬᠤᠪᠢᠷᠠᠯᠲᠠ ᠶᠢᠨ ᠪᠣᠳᠠᠲᠠᠢ ᠠᠰᠢᠭ ᠬᠦᠷᠲᠡᠭᠡᠬᠦ ᠶᠢ ᠦᠵᠡᠭᠦᠯᠵᠦ᠂ | ᠱᠢ ᠭᠤᠤ ᠶᠢᠨ ᠬᠥᠮᠥᠨ ᠨᠢᠭᠡᠪᠦᠷᠢ ᠶᠢᠨ ᠠᠮᠢᠳᠤᠷᠠᠯ ᠢ ᠨᠡᠩ ᠲᠠᠭᠠᠯᠠᠮᠵᠢᠲᠠᠢ᠂ ᠨᠡᠩ ᠵᠣᠯ ᠵᠢᠷᠭᠠᠯᠲᠠᠢ᠂ ᠨᠡᠩ | ᠣᠮᠣᠭᠰᠢᠯ ᠲᠠᠢ ᠪᠣᠯᠭᠠᠨ᠎ᠠ︕ | ︱ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠦᠢᠯᠡᠰ ᠪᠣᠰᠬᠠᠬᠤ ᠬᠤᠳᠠ ᠶᠢ ᠴᠣᠭᠴᠠᠯᠠᠨ ᠪᠠᠶᠢᠭᠤᠯᠤᠨ᠎ᠠ᠃ | ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠠᠵᠢᠯᠯᠠᠭ᠎ᠠ ᠪᠠ ᠶᠠᠰᠤ | ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠨᠢᠭᠡ ᠪᠦᠯᠦᠭ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠲᠥᠷᠥᠯ ᠵᠦᠢᠯ ᠢ ᠵᠠᠯᠭᠠᠭ᠎ᠠ ᠪᠠᠷ ᠣᠷᠣᠭᠤᠯᠤᠨ ᠠᠪᠴᠢᠷᠠᠵᠤ ᠬᠡᠷᠡᠭᠵᠢᠭᠦᠯᠦᠨ᠂ ︽ᠣᠷᠣ ᠦᠭᠡᠢ | ᠭᠠᠵᠠᠷ ᠣᠪᠣᠭ᠎ᠠ ᠪᠣᠰᠬᠠᠬᠤ︾ ᠪᠠ ︽ᠳᠤᠮᠳᠠ ᠵᠡᠷᠭᠡ ᠠᠴᠠ ᠰᠢᠨ᠎ᠡ ᠶᠢ ᠪᠣᠶ ᠪᠣᠯᠭᠠᠬᠤ︾ ᠠᠵᠢᠯ ᠢ ᠰᠠᠶᠢᠲᠤᠷ ᠬᠢᠵᠦ | ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠠᠭᠤᠰᠤᠯᠴᠠᠭᠤᠯᠤᠨ | ᠪᠥᠭᠡᠮᠨᠡᠷᠡᠭᠦᠯᠵᠦ ᠠᠮᠢ ᠠᠬᠤᠶᠢᠵᠢᠭᠤᠯᠤᠨ ᠬᠥᠭᠵᠢᠭᠦᠯᠬᠦ᠂ ᠦᠢᠯᠡᠴᠢᠯᠡᠭᠡᠨ ᠤ ᠦᠢᠯᠡᠰ ᠤᠨ ᠲᠣᠭᠠᠵᠢᠭᠤᠯᠬᠤ | ᠪᠠᠷᠢᠮᠵᠢᠶᠠᠵᠢᠭᠤᠯᠬᠤ ᠨᠠᠷᠠᠲᠤ ᠲᠥᠷᠥᠯ ᠲᠡᠮᠳᠡᠭᠵᠢᠭᠦᠯᠦᠨ ᠬᠥᠭᠵᠢᠭᠦᠯᠬᠦ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ | ᠦᠵᠦᠭᠦᠷᠵᠢᠭᠦᠯᠬᠦ ᠤᠶᠤᠨᠵᠢᠭᠤᠯᠬᠤ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠂ ᠠᠵᠤ ᠦᠢᠯᠡᠰ ᠤᠨ | ᠪᠦᠲᠦᠴᠡ ᠶᠢ ᠪᠦᠬᠦᠯᠢ ᠴᠣᠭᠴᠠ ᠪᠠᠷ ᠨᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ᠬᠠᠮᠤᠭ ᠤᠨ | ᠥᠨᠳᠥᠷ ᠪᠠᠷᠢᠮᠵᠢᠶ᠎ᠠ᠂ ᠬᠠᠮᠤᠭ ᠤᠨ ᠰᠠᠶᠢᠨ ᠲᠦᠪᠰᠢᠨ ᠢ ᠬᠠᠷᠠᠭᠠᠯᠠᠨ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ | ᠪᠣᠯᠣᠨ ᠬᠠᠤᠯᠢᠵᠢᠯ ᠤᠨ ᠣᠷᠴᠢᠨ ᠲᠣᠭᠤᠷᠢᠨ ᠤ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠤ | ᠦᠢᠯᠡᠰ ᠤᠨ ᠠᠮᠢ ᠠᠬᠤᠢ ᠶᠢᠨ ᠣᠷᠴᠢᠨ ᠲᠣᠭᠤᠷᠢᠨ ᠪᠣᠯᠣᠨ ᠬᠤᠳᠠ ᠶᠢᠨ ᠣᠷᠴᠢᠨ ᠲᠣᠭᠤᠷᠢᠨ ᠢ ᠬᠦᠴᠦᠯᠡᠨ | ᠰᠠᠶᠢᠵᠢᠷᠠᠭᠤᠯᠵᠤ᠂ ᠪᠦᠬᠦ ᠤᠯᠤᠰ ᠤᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ ᠲᠠᠯ᠎ᠠ ᠪᠠᠷ | ᠭᠦᠨ ᠳᠡᠰ ᠳᠠᠪᠬᠤᠷᠭ᠎ᠠ ᠪᠠᠷ ᠪᠤᠢ ᠪᠣᠯᠭᠠᠵᠤ᠂ ᠰᠢᠨ᠎ᠡ ᠶᠢ ᠡᠭᠦᠳᠬᠦ ᠬᠥᠭᠵᠢᠯᠲᠡ᠂ ᠪᠣᠬᠢᠷᠳᠤᠯ ᠦᠭᠡᠢ ᠬᠥᠭᠵᠢᠯᠲᠡ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠴᠢᠯᠠᠭᠤᠨ ᠭᠤᠤ ᠶᠢᠨ ᠬᠠᠷᠢᠭᠤᠴᠠᠯᠭ᠎ᠠ ᠶᠢ ᠢᠯᠡᠷᠡᠭᠦᠯᠦᠨ᠎ᠡ᠃ | | -- ᠡᠶ᠎ᠡ ᠵᠣᠬᠢᠴᠠᠯ ᠲᠠᠢ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠢ ᠴᠡᠴᠡᠷᠯᠢᠭ ᠤᠨ ᠬᠤᠳᠠ ᠶᠢ | ᠴᠣᠭᠴᠠᠯᠠᠨ ᠪᠠᠶᠢᠭᠤᠯᠤᠨ᠎ᠠ᠃ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ | ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ | ᠲᠣᠭᠤᠷᠢᠨ ᠤ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠬᠢᠵᠠᠭᠠᠷ ᠢ | ᠴᠢᠩᠭ᠎ᠠ ᠰᠠᠬᠢᠵᠤ᠂ ᠠᠮᠢ ᠠᠬᠤᠢ ᠶᠢᠨ ᠦᠷ᠎ᠡ ᠠᠰᠢᠭ ᠢ ᠠᠵᠤ ᠠᠬᠤᠢ ᠶᠢᠨ ᠦᠷ᠎ᠡ ᠠᠰᠢᠭ ᠪᠣᠯᠭᠠᠨ ᠬᠤᠪᠢᠷᠠᠭᠤᠯᠬᠤ | ᠂ ᠠᠮᠢ ᠠᠬᠤᠢ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠣᠬᠢᠷᠳᠤᠯ ᠦᠭᠡᠢ | ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠬᠥᠬᠡᠮᠳᠦᠭ ᠲᠡᠭᠷᠢ᠂ ᠬᠥᠬᠡᠮᠳᠦᠭ ᠤᠰᠤ᠂ ᠴᠡᠪᠡᠷ | ᠬᠥᠷᠥᠰᠥ ᠶᠢ ᠬᠠᠮᠠᠭᠠᠯᠠᠬᠤ ᠲᠠᠶᠢᠨ ᠢ ᠡᠷᠡᠰ ᠰᠠᠶᠢᠲᠤᠷ ᠬᠢᠵᠦ᠂ ᠤᠯᠤᠰ ᠤᠨ ᠭᠤᠣᠯᠳᠠᠯᠭ᠎ᠠ ᠲᠠᠢ ᠨᠡᠭᠦᠷᠡᠰᠦ | ᠮᠠᠯᠲᠠᠭᠰᠠᠨ ᠠᠴᠠ ᠪᠣᠯᠵᠤ ᠳᠣᠭᠤᠭᠰᠢ ᠰᠠᠭᠤᠭᠰᠠᠨ ᠣᠷᠣᠨ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠂ ᠭᠠᠯ ᠨᠣᠴᠣᠭᠰᠠᠨ ᠣᠷᠣᠨ ᠢ ᠵᠠᠰᠠᠬᠤ᠂ ᠬᠠᠲᠠᠭᠤ ᠬᠠᠶᠠᠭᠳᠠᠮᠠᠯ ᠪᠣᠳᠠᠰ ᠢ | ᠲᠣᠣᠷᠵᠢᠭᠤᠯᠬᠤ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ︽ᠬᠠᠶᠠᠭᠳᠠᠮᠠᠯ ᠪᠣᠳᠠᠰ ᠦᠭᠡᠢ ᠬᠤᠳᠠ︾ ᠶᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠠᠭᠤᠯᠠ ᠤᠰᠤ | ᠤᠢ ᠰᠢᠭᠤᠢ ᠲᠠᠷᠢᠶᠠᠨ ᠭᠠᠵᠠᠷ ᠨᠠᠭᠤᠷ ᠨᠠᠭᠤᠷ ᠡᠪᠡᠰᠦ ᠡᠯᠡᠰᠦᠨ ᠤ ᠠᠮᠢ ᠨᠠᠰᠤᠨ ᠤ ᠬᠠᠮᠲᠤ ᠶᠢᠨ ᠴᠣᠭᠴᠠ ᠶᠢ ᠪᠤᠢ | ᠪᠣᠯᠭᠠᠵᠤ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ᠂ ᠲᠡᠭᠷᠢ ᠨᠢ ᠬᠥᠬᠡᠮᠳᠦᠭ᠂ ᠭᠠᠵᠠᠷ | ᠨᠢ ᠨᠣᠭᠤᠭᠠᠨ᠂ ᠤᠰᠤ ᠨᠢ ᠲᠤᠩᠭᠠᠯᠠᠭ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠨᠥᠬᠦᠴᠡᠯ ᠭᠠᠵᠠᠷ | ᠪᠣᠯᠭᠠᠨ ᠳᠤ ᠢᠯᠡᠷᠡᠨ ᠭᠠᠷᠤᠨ᠎ᠠ᠃ | ︱ ᠳᠥᠭᠦᠮ ᠳᠥᠲᠡ ᠥᠨᠳᠥᠷ ᠪᠦᠲᠦᠮᠵᠢᠲᠡᠢ ᠣᠶᠤᠨᠲᠤ ᠬᠤᠳᠠ ᠶᠢ ᠪᠠᠶᠢᠭᠤᠯᠤᠨ᠎ᠠ᠃ᠪᠡᠭᠡᠵᠢᠩ ᠾᠧᠪᠧᠢ | ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠤᠩᠭᠢᠯ ᠤᠨ ᠣᠳᠣᠬᠢ ᠪᠠᠶᠢᠳᠠᠯ ᠢ ᠰᠠᠨᠠᠭᠠᠴᠢᠯᠠᠭ᠎ᠠ | ᠠᠴᠠ ᠪᠠᠨ ᠰᠤᠳᠤᠯᠵᠤ᠂ ᠱᠢ ᠭᠤᠸᠠᠢ ᠲᠣᠭᠤᠷᠢᠭ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠪᠠᠶᠢᠯᠳᠤᠬᠤ | ᠪᠣᠳᠣᠯᠭ᠎ᠠ ᠶᠢᠨ ᠬᠠᠷᠠᠯᠲᠠ᠂ ᠠᠵᠤ ᠦᠢᠯᠡᠰ ᠤᠨ ᠨᠠᠷᠢᠨ ᠬᠤᠪᠢᠶᠠᠷᠢᠯᠠᠯᠲᠠ᠂ ᠭᠤᠣᠯᠳᠠᠯᠭ᠎ᠠ ᠲᠠᠢ ᠲᠥᠷᠥᠯ ᠵᠦᠢᠯ | ᠵᠡᠷᠭᠡ ᠶᠢ ᠲᠣᠭᠲᠠᠭᠠᠵᠤ᠂ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠳ᠋ᠠᠶᠢᠲ᠋ᠠ ᠶᠢᠨ ᠬᠥᠨᠳᠡᠢ︾ ᠶᠢ ᠴᠢᠷᠮᠠᠶᠢᠨ | ᠴᠣᠭᠴᠠᠯᠠᠨ᠎ᠠ᠃ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠣᠶᠤᠨᠲᠤ ᠬᠤᠳᠠ ᠶᠢᠨ ᠪᠦᠲᠦᠭᠡᠨ | ᠪᠠᠶᠢᠭᠤᠯᠤᠯᠲᠠ ᠶᠢ ᠨᠢᠭᠡ ᠴᠣᠭᠴᠠᠵᠢᠭᠤᠯᠬᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠪᠤᠭᠤᠲᠤ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ ᠪᠦᠬᠦ ᠬᠤᠳᠠ ᠶᠢᠨ | ᠲᠣᠭᠠᠴᠢᠯᠠᠭᠰᠠᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠵᠤ᠂ ᠣᠶᠤᠨᠲᠤ ᠪᠠᠭ᠎ᠠ ᠲᠣᠭᠤᠷᠢᠭ᠂ | ᠣᠶᠤᠨᠲᠤ ᠵᠠᠮ ᠬᠠᠷᠢᠯᠴᠠᠭ᠎ᠠ᠂ ᠣᠶᠤᠨᠲᠤ ᠲᠠᠷᠢᠶᠠᠯᠠᠩ ᠵᠡᠷᠭᠡ ᠶᠢ ᠲᠤᠷᠰᠢᠨ ᠪᠦᠲᠦᠭᠡᠨ ᠪᠠᠶᠢᠭᠤᠯᠵᠤ᠂ ᠪᠦᠬᠦ ᠬᠤᠳᠠ ᠳᠤ | ᠪᠣᠯᠪᠠᠰᠤᠷᠠᠩᠭᠤᠢ ᠪᠣᠯᠤᠭᠰᠠᠨ ᠲᠠᠪᠴᠠᠩ ᠵᠢᠴᠢ ᠬᠡᠷᠡᠭᠯᠡᠭᠡᠨ ᠤ ᠬᠦᠷᠢᠶ᠎ᠡ ᠬᠡᠪᠴᠢᠶ᠎ᠡ ᠶᠢ ᠳᠡᠯᠭᠡᠷᠡᠭᠦᠯᠦᠨ᠎ᠡ᠃ᠲᠠᠪᠤᠨ | ᠵᠢᠯ ᠳᠤ 100 ᠡᠷᠦᠬᠡ ᠠᠴᠠ ᠳᠡᠭᠡᠭᠰᠢ ᠲᠣᠮᠣ ᠳ᠋ᠠᠶᠢᠲ᠋ᠠ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ | ᠴᠢᠷᠮᠠᠶᠢᠵᠤ᠂ ᠰᠢᠨ᠎ᠡ ᠪᠠᠷ ᠨᠡᠮᠡᠭᠳᠡᠭᠰᠡᠨ ᠦᠢᠯᠡᠳᠬᠦᠨ ᠤ ᠥᠷᠲᠡᠭ ᠢ 15 ᠳ᠋ᠦᠩᠰᠢᠭᠤᠷ ᠲᠥᠭᠦᠷᠢᠭ ᠠᠴᠠ ᠳᠡᠭᠡᠭᠰᠢ | ᠨᠡᠮᠡᠭᠳᠡᠭᠦᠯᠵᠦ᠂ ᠲᠣᠭᠠᠴᠢᠯᠠᠭᠰᠠᠨ ᠠᠵᠤ ᠠᠬᠤᠢ ᠶᠢᠨ ᠦᠢᠯᠡᠳᠬᠦᠨ ᠤ ᠥᠷᠲᠡᠭ ᠤᠨ ᠡᠵᠡᠯᠡᠬᠦ ᠬᠠᠷᠢᠴᠠᠯ ᠢ | 21% ᠳᠤ ᠬᠦᠷᠦᠭᠦᠯᠦᠨ᠎ᠡ᠃ | ︱ ᠥᠪᠡᠷᠮᠢᠴᠡ ᠲᠠᠲᠠᠬᠤ ᠬᠦᠴᠦᠨ ᠲᠠᠢ ᠴᠢᠨᠠᠷ ᠴᠢᠨᠰᠠᠭ᠎ᠠ ᠶᠢᠨ ᠬᠤᠳᠠ ᠶᠢ ᠪᠠᠶᠢᠭᠤᠯᠤᠨ᠎ᠠ᠃ᠬᠠᠲᠤᠨ | ᠭᠤᠣᠯ ᠤᠨ ︽ᠬᠡᠳᠦᠨ︾ ᠥᠰᠥᠭ ᠤᠨ ᠮᠤᠷᠤᠢ ᠵᠢᠭᠤᠯᠴᠢᠯᠠᠯ ᠤᠨ ᠵᠣᠷᠢᠭᠰᠠᠨ ᠭᠠᠵᠠᠷ ᠤᠨ ᠲᠣᠭᠤᠷᠢᠨ ᠳᠤ᠂ ᠴᠢᠨᠠᠷ | ᠰᠠᠶᠢᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠵᠤ᠂ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠰᠣᠳᠣᠨ ᠵᠠᠮ ᠱᠤᠭᠤᠮ ᠢ ᠪᠣᠶ ᠪᠣᠯᠭᠠᠨ᠎ᠠ᠃ᠥᠪᠡᠷᠮᠢᠴᠡ ᠪᠠᠶᠢᠭ᠎ᠠ ᠠᠭᠤᠷᠬᠠᠢ ᠶᠢᠨ ᠰᠣᠶᠣᠯ ᠪᠠ | ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠣᠲᠣ ᠶᠢᠨ ᠪᠠᠶᠢᠭ᠎ᠠ ᠵᠢᠭᠤᠯᠴᠢᠯᠠᠯ ᠤᠨ ᠦᠵᠡᠮᠵᠢ ᠶᠢᠨ ᠣᠷᠣᠨ | ᠦᠵᠡᠮᠵᠢ ᠶᠢᠨ ᠣᠷᠣᠨ ᠢ ᠰᠢᠰᠲ᠋ᠧᠮ ᠲᠠᠢ ᠲᠥᠯᠥᠪᠵᠢᠭᠦᠯᠦᠨ ᠨᠡᠭᠡᠭᠡᠨ ᠬᠥᠭᠵᠢᠭᠦᠯᠵᠦ᠂ ᠦᠵᠡᠮᠵᠢ ᠶᠢᠨ ᠣᠷᠣᠨ | ᠦᠵᠡᠮᠵᠢ ᠶᠢᠨ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠬᠢᠷᠢ ᠬᠡᠮᠵᠢᠶ᠎ᠡ ᠵᠢᠠᠵᠤ ᠦᠢᠯᠡᠳᠪᠦᠷᠢ ᠠᠴᠠ | ᠦᠯᠡᠳᠡᠭᠳᠡᠵᠦ ᠢᠷᠡᠭᠰᠡᠨ ᠲᠡᠦᠬᠡ ᠰᠣᠶᠣᠯ ᠤᠨ ᠦᠨ᠎ᠡ ᠥᠷᠲᠡᠭ ᠢ ᠭᠦᠨ ᠠᠭᠤᠳᠠᠯᠵᠤ᠂ ᠡᠷᠲᠡ ᠴᠢᠯᠦᠭᠡᠯᠡᠭᠳᠡᠭᠰᠡᠨ | ᠣᠷᠣᠨ ᠤ ᠠᠭᠤᠷᠬᠠᠢ ᠶᠢᠨ ᠦᠯᠡᠳᠡᠭᠳᠡᠯ ᠡᠬᠢ ᠪᠠᠶᠠᠯᠢᠭ ᠢ ᠠᠮᠢᠯᠠᠭᠤᠯᠤᠨ᠂ ᠬᠥᠳᠡᠭᠡ ᠲᠣᠰᠬᠤᠨ ᠤ ᠵᠢᠭᠤᠯᠴᠢᠯᠠᠯ ᠢ | ᠶᠡᠬᠡᠪᠡᠷ ᠬᠥᠭᠵᠢᠭᠦᠯᠵᠦ᠂ ᠲᠠᠷᠢᠶᠠᠯᠠᠩ ᠰᠣᠶᠣᠯ ᠤᠨ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠲᠦᠷᠭᠡᠳᠬᠡᠨ᠂ | ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠪᠤᠰᠤᠳ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ | ᠳᠠᠶᠢᠴᠢᠯᠠᠵᠤ᠂ 2025 ᠣᠨ ᠪᠣᠯᠬᠤ ᠳᠤ᠂ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠪᠡᠯᠡ | ᠣᠷᠣᠭᠤᠯᠤᠯᠲᠠ ᠶᠢ 30 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ ᠵᠢᠯ ᠳᠤ 300 ᠲᠦᠮᠡᠨ ᠬᠥᠮᠥᠨ | ᠤᠳᠠᠭ᠎ᠠ ᠶᠢ ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 15 ᠳ᠋ᠦᠩᠰᠢᠭᠤᠷ | ᠲᠥᠭᠦᠷᠢᠭ ᠠᠴᠠ ᠳᠠᠪᠠᠭᠤᠯᠤᠨ᠂ ᠤᠯᠤᠰ ᠤᠨ ᠲᠠᠰ ᠤᠨ ᠪᠥᠬᠦ ᠴᠠᠷᠠᠭᠠᠨ ᠤ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ | ︱ ︱ ᠲᠦᠭᠡᠮᠡᠯ ᠠᠰᠢᠭ ᠬᠦᠷᠲᠡᠭᠡᠵᠦ ᠬᠠᠮᠲᠤᠪᠠᠷ ᠡᠳ᠋ᠯᠡᠬᠦ ᠵᠣᠯ ᠵᠢᠷᠭᠠᠯᠲᠤ ᠬᠤᠲᠠ ᠶᠢ ᠴᠣᠭᠴᠠᠯᠠᠨ | ᠪᠠᠶᠢᠭᠤᠯᠤᠨ᠎ᠠ᠃ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠴᠢᠨᠠᠷ ᠰᠠᠶᠢᠲᠠᠢ ᠬᠥᠭᠵᠢᠯᠲᠡ ᠶᠢ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠡᠷᠡᠭᠴᠡᠭᠡ ᠶᠢ | ᠬᠠᠩᠭᠠᠬᠤ ᠲᠠᠢ ᠨᠢᠭᠲᠠ ᠤᠶᠠᠯᠳᠤᠭᠤᠯᠵᠤ᠂ ᠠᠷᠠᠳ ᠤᠯᠠᠨ ᠤ ᠠᠵᠢᠯ ᠣᠯᠭᠤᠯᠲᠠ᠂ ᠣᠷᠣᠯᠭ᠎ᠠ᠂ ᠰᠤᠷᠭᠠᠨ ᠬᠥᠮᠦᠵᠢᠯ᠂ | ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠶᠢᠨ | ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠢ ᠨᠡᠮᠡᠭᠳᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠪᠠ ᠠᠷᠠᠳ ᠲᠤ | ᠲᠦᠬᠦᠮ ᠦᠵᠡᠭᠦᠯᠬᠦ ᠦᠢᠯᠡᠴᠢᠯᠡᠭᠡᠨ ᠤ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠳᠠ ᠶᠢᠨ | ᠠᠮᠢ ᠠᠬᠤᠢ ᠶᠢᠨ ᠣᠷᠴᠢᠨ ᠨᠥᠬᠦᠴᠡᠯ ᠪᠠ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ | ᠰᠠᠶᠢᠵᠢᠷᠠᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠪᠠ ᠠᠮᠤᠷ ᠲᠦᠪᠰᠢᠨ ᠲᠣᠭᠲᠠᠭᠤᠨ ᠪᠠᠶᠢᠳᠠᠯ ᠢ | ᠬᠠᠮᠠᠭᠠᠯᠠᠨ᠂ ᠬᠤᠳᠠ ᠶᠢ ᠨᠡᠩ ᠳᠤᠯᠠᠭᠠᠨ᠂ ᠨᠡᠩ ᠣᠷᠣᠰᠢᠨ ᠰᠠᠭᠤᠬᠤ ᠳᠤ ᠲᠣᠬᠢᠷᠠᠮᠵᠢᠲᠠᠢ ᠪᠣᠯᠭᠠᠵᠤ᠂ ᠠᠷᠠᠳ | ᠤᠯᠠᠨ ᠤ ᠠᠮᠢᠳᠤᠷᠠᠯ ᠢ ᠨᠡᠩ ᠴᠢᠨᠠᠷ ᠴᠢᠨᠰᠠᠭ᠎ᠠ ᠲᠠᠢ᠂ ᠨᠡᠩ ᠵᠣᠯ ᠵᠢᠷᠭᠠᠯ ᠲᠠᠢ ᠪᠣᠯᠭᠠᠨ᠎ᠠ᠃ | ᠭᠤᠷᠪᠠ᠂ ᠣᠳᠣᠬᠠᠨ ᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ | ᠦᠨᠡᠨᠬᠦ ᠠᠳᠬᠤᠵᠤ ᠪᠣᠳᠠᠲᠠᠢ ᠠᠵᠢᠯᠯᠠᠬᠤ ᠬᠡᠷᠡᠭᠲᠡᠢ | ᠲᠥᠯᠥᠭᠡᠯᠡᠭᠴᠢᠳ ᠠ᠋᠂ ᠵᠢᠷᠤᠭ ᠲᠥᠰᠥᠪ ᠢ ᠨᠢᠭᠡᠨᠲᠡ ᠵᠢᠷᠤᠭᠯᠠᠪᠠ᠂ ᠲᠡᠮᠡᠴᠡᠯ ᠶᠠᠭ ᠴᠠᠭ ᠲᠠᠭᠠᠨ ᠲᠣᠬᠢᠷᠠᠯ᠎ᠠ᠃ | ᠰᠢᠨ᠎ᠡ ᠱᠠᠲᠤ᠂ ᠰᠢᠨ᠎ᠡ ᠬᠠᠷᠠᠯᠲᠠ᠂ ᠰᠢᠨ᠎ᠡ ᠡᠭᠦᠷᠭᠡ ᠶᠢᠨ ᠡᠮᠦᠨ᠎ᠡ᠂ ᠪᠢᠳᠡ ᠡᠷᠬᠡᠪᠰᠢ ᠲᠡᠮᠡᠴᠡᠯ ᠤᠨ ᠬᠠᠷᠠᠯᠲᠠ ᠶᠢᠨ | ᠲᠣᠭᠤᠷᠢᠨ ᠳᠤ᠂ ᠭᠤᠣᠯᠳᠠᠯᠭ᠎ᠠ ᠶᠢ ᠳᠤᠪᠤᠶᠢᠯᠭᠠᠵᠤ᠂ ᠠᠷᠭ᠎ᠠ ᠬᠡᠮᠵᠢᠶ᠎ᠡ ᠶᠢ ᠴᠢᠩᠭᠠᠳᠬᠠᠵᠤ᠂ ᠨᠢᠭᠡᠳᠦᠯᠲᠡᠢ | ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠡᠩ ᠡᠷᠡᠰ | ᠪᠠᠲᠤ ᠢᠲᠡᠭᠡᠯ ᠵᠣᠷᠢᠭ᠂ ᠨᠡᠩ ᠰᠠᠨᠠᠭᠠᠴᠢᠯᠠᠭ᠎ᠠ ᠲᠠᠢ ᠡᠭᠦᠷᠭᠡᠯᠡᠯ᠂ ᠨᠡᠩ ᠪᠦᠲᠦᠮᠵᠢᠲᠡᠢ ᠠᠵᠢᠯᠯᠠᠭ᠎ᠠ ᠪᠠᠷ ᠡᠷᠡᠯᠬᠡᠭᠯᠡᠨ | ᠤᠷᠤᠭᠰᠢᠯᠠᠵᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠪᠦᠬᠦ ᠲᠠᠯ᠎ᠠ ᠪᠠᠷ | ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ᠂ ᠣᠨᠴᠠᠯᠢᠭ ᠢᠶᠠᠷ ᠢᠯᠡ | ᠲᠣᠳᠣ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠬᠤᠰᠢᠭᠤᠴᠢ ᠣᠷᠣᠨ ᠢ ᠤᠷᠤᠭᠰᠢᠲᠠᠢ ᠪᠦᠬᠦ | ᠲᠠᠯ᠎ᠠ ᠪᠠᠷ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠮᠠᠨ ᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠶᠡᠷᠦᠩᠬᠡᠢ | ᠬᠠᠷᠠᠯᠲᠠ ᠲᠠᠢ ᠤᠶᠠᠯᠳᠤᠭᠤᠯᠤᠨ᠂ 2022 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ | ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ ᠠᠳᠠᠯᠢ ᠬᠤᠭᠤᠴᠠᠭᠠᠨ ᠤ ᠬᠢ ᠠᠴᠠ | 7% ᠪᠠᠷ ᠨᠡᠮᠡᠭᠳᠡᠭᠦᠯᠵᠦ᠂ 10% ᠪᠠᠷ ᠬᠦᠴᠦᠯᠡᠨ ᠴᠢᠷᠮᠠᠶᠢᠵᠤ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ ᠠᠳᠠᠯᠢ ᠬᠤᠭᠤᠴᠠᠭᠠᠨ ᠤ ᠬᠢ ᠠᠴᠠ 25% ᠪᠠᠷ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ 10% ᠪᠠᠷ | ᠨᠡᠮᠡᠭᠳᠡᠭᠦᠯᠦᠨ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢ ᠬᠤᠭᠤᠴᠠᠭᠠᠨ ᠤ ᠬᠢ ᠠᠴᠠ | 6% ᠪᠠᠷ ᠨᠡᠮᠡᠭᠳᠡᠭᠦᠯᠦᠨ᠂ 10% ᠪᠠᠷ ᠬᠦᠴᠦᠯᠡᠨ ᠴᠢᠷᠮᠠᠶᠢᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ ᠠᠳᠠᠯᠢ ᠬᠤᠭᠤᠴᠠᠭᠠᠨ ᠤ ᠬᠢ ᠠᠴᠠ 6% | ᠪᠠ 9% ᠪᠠᠷ ᠨᠡᠮᠡᠭᠳᠡᠭᠦᠯᠦᠨ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3. | 9% ᠶᠢᠨ ᠳᠣᠲᠣᠷ᠎ᠠ ᠬᠢᠵᠠᠭᠠᠷᠯᠠᠵᠤ᠂ ᠬᠤᠲᠠ ᠶᠢᠨ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠳᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠᠲᠤᠲ᠋ᠡᠭᠡᠷᠡ ᠳᠤᠷᠠᠳᠤᠭᠰᠠᠨ ᠬᠠᠷᠠᠯᠲᠠ ᠡᠭᠦᠷᠭᠡ ᠶᠢ | ᠪᠡᠶᠡᠯᠡᠭᠦᠯᠬᠦ ᠳᠤ ᠲᠤᠯᠤᠭᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠠᠳᠬᠤᠬᠤ ᠬᠡᠷᠡᠭᠲᠡᠢ᠄ | ︵ᠨᠢᠭᠡ︶ ᠠᠵᠤ ᠦᠢᠯᠡᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ | ᠲᠦᠯᠬᠢᠨ ᠠᠬᠢᠭᠤᠯᠬᠤ ᠶᠢᠨ ᠲᠣᠭᠤᠷᠢᠨ ᠳᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ | ᠲᠠᠯ᠎ᠠ ᠪᠠᠷ ᠨᠡᠩ ᠲᠦᠷᠭᠡᠨ ᠠᠯᠬᠤᠮ ᠢ ᠠᠯᠬᠤᠨ᠎ᠠ | ᠤᠳᠤ ᠦᠶ᠎ᠡ ᠶᠢᠨ ᠠᠵᠤ ᠦᠢᠯᠡᠳᠪᠦᠷᠢ ᠶᠢ ᠪᠤᠵᠠᠭᠠᠶᠢᠷᠠᠭᠤᠯᠤᠨᠬᠦ᠋ᠴᠦᠷᠬᠡᠭᠵᠢᠭᠦᠯᠦᠨᠡ᠃ᠠᠵᠤ | ᠦᠢᠯᠡᠳᠪᠦᠷᠢ ᠪᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ | ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠺᠦᠨ ᠳ᠋ᠡ ᠰᠢᠨ ᠤ 40 ᠲᠦᠮᠡᠨ ᠲᠣᠨ ᠤ ᠥᠨᠳᠥᠷ ᠶᠠᠰᠤ ᠴᠢᠨᠠᠷ ᠲᠠᠢ | ᠴᠠᠬᠢᠭᠤᠷ ᠲᠡᠮᠦᠷ ᠤᠨ ᠬᠠᠶᠢᠯᠤᠰᠢ ᠶᠢᠨ ᠲᠦᠷᠦᠯ ᠵᠦᠢᠯ ᠪᠣᠯᠣᠨ ᠪᠠᠢ ᠲᠠᠢ ᠶᠢᠨ 10 ᠲᠦᠮᠡᠨ ᠲᠣᠨ ᠤ ᠬᠡᠦᠷᠡᠰᠦᠨ | ᠵᠤᠤᠬ᠎ᠠ ᠶᠢᠨ ᠰᠡᠭᠦᠯ ᠤᠨ ᠬᠡᠢ ᠪᠠᠷ ᠮᠧᠲ᠋ᠢᠯ ᠠᠯᠺᠣᠣᠯ ᠬᠢᠬᠦ ᠲᠦᠷᠦᠯ ᠵᠦᠢᠯ ᠢ ᠡᠨᠡ ᠵᠢᠯ ᠤᠨ ᠳᠣᠲᠣᠷ᠎ᠠ | ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠬᠤᠤ ᠲᠦᠩ ᠰᠢᠨ᠎ᠡ ᠡᠨᠧᠷᠭᠢ ᠶᠢᠨ ᠰᠤᠷᠪᠤᠯᠵᠢ ᠶᠢᠨ 10 ᠲᠦᠮᠡᠨ | ᠲᠣᠨ ᠥᠨᠳᠥᠷ ᠴᠡᠪᠡᠷ ᠠᠵᠤ ᠦᠢᠯᠡᠳᠪᠦᠷᠢ ᠶᠢᠨ ᠴᠠᠬᠢᠭᠤᠷ ᠤᠨ ᠲᠥᠷᠥᠯ ᠵᠦᠢᠯ ᠢ ᠳᠡᠭᠡᠷ᠎ᠡ ᠬᠠᠭᠠᠰ ᠵᠢᠯ ᠳᠤ | ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠳᠡᠮᠵᠢᠵᠦ᠂ ᠰᠢᠨ ᠶᠤᠸᠠᠨ ᠤ 10 ᠲᠦᠮᠡᠨ ᠲᠣᠨ ᠬᠤᠪᠣᠷ | ᠰᠢᠷᠣᠢ ᠶᠢᠨ ᠬᠠᠶᠢᠯᠤᠰᠢ ᠶᠢ ᠨᠠᠷᠢᠯᠢᠭ ᠴᠢᠳᠬᠤᠨ ᠦᠶᠯᠡᠳᠬᠦ ᠶᠢ ᠠᠬᠢᠭᠤᠯᠵᠤ᠂ ᠱᠠᠨᠳᠦ᠋ᠩ ᠤᠨ ᠲᠢᠶᠠᠨ ᠭᠦᠩ ᠤᠨ | 10 ᠲᠦᠮᠡᠨ ᠲᠣᠨ ᠮᠠᠰᠢᠨ ᠲᠡᠷᠭᠡᠨ ᠤ ᠲᠣᠷᠣᠮᠰᠤᠯᠠᠬᠤ ᠲᠠᠪᠠᠭ ᠤᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ | ᠦᠭᠡᠢ ᠤᠷᠲᠤᠳᠬᠠᠵᠤ᠂ ᠲᠡᠷᠢᠭᠦᠨ ᠤ ᠪᠣᠯᠣᠳ ᠲᠡᠮᠦᠷ ᠤᠨ ᠮᠠᠲ᠋ᠧᠷᠢᠶᠠᠯ᠂ ᠲᠡᠷᠢᠭᠦᠨ ᠤ ᠬᠢᠮᠢ ᠶᠢᠨ ᠠᠵᠤ | ᠦᠢᠯᠡᠳᠪᠦᠷᠢ ᠶᠢᠨ ᠰᠢᠨ᠎ᠡ ᠮᠠᠲ᠋ᠧᠷᠢᠶᠠᠯ᠂ ᠲᠡᠷᠢᠭᠦᠨ ᠤ ᠨᠡᠭᠦᠷᠡᠰᠦᠲᠥ᠋ᠷᠥᠭᠴᠢ ᠶᠢᠨ ᠮᠠᠲ᠋ᠧᠷᠢᠶᠠᠯ ᠵᠡᠷᠭᠡ ᠰᠢᠨ᠎ᠡ ᠪᠠᠷ ᠪᠣᠶ | ᠪᠣᠯᠤᠭᠰᠠᠨ ᠠᠵᠤ ᠦᠢᠯᠡᠰ ᠢ ᠭᠤᠣᠯᠳᠠᠯᠭ᠎ᠠ ᠲᠠᠢ ᠪᠣᠶᠢᠵᠢᠭᠤᠯᠤᠨ ᠬᠥᠭᠵᠢᠭᠦᠯᠵᠦ᠂ ᠬᠠᠶᠠᠭᠳᠠᠮᠠᠯ ᠪᠣᠯᠣᠳ᠂ | ᠨᠡᠭᠦᠷᠡᠰᠦᠨ ᠴᠢᠯᠠᠭᠤ᠂ ᠲᠡᠮᠦᠷᠯᠢᠭ ᠤᠨ ᠰᠢᠭᠠᠷᠤ ᠵᠡᠷᠭᠡ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠣᠷᠴᠢᠨ | ᠲᠣᠭᠤᠷᠢᠨ ᠢ ᠬᠠᠮᠠᠭᠠᠯᠠᠬᠤ ᠠᠵᠤ ᠦᠢᠯᠡᠰ ᠢ ᠲᠣᠭᠲᠠᠭᠤᠨ ᠢᠶᠠᠷ ᠬᠥᠭᠵᠢᠭᠦᠯᠦᠨ᠎ᠡ᠃ᠮᠢᠩᠶᠠᠩ ᠤᠨ 5 ︱ | 10MW ᠰᠢᠨ᠎ᠡ ᠡᠨᠧᠷᠭᠢ ᠶᠢᠨ ᠬᠡᠲᠦ ᠲᠣᠮᠣ ᠬᠡᠯᠪᠡᠷᠢ ᠶᠢᠨ ᠬᠠᠭᠤᠷᠠᠢ ᠳᠡᠭᠡᠷᠡᠬᠢ ᠰᠠᠯᠬᠢᠨ ᠬᠦᠴᠦᠨ ᠤ ᠮᠠᠰᠢᠨ ᠤ | ᠪᠦᠬᠦᠯᠢ ᠮᠠᠰᠢᠨ ᠵᠢᠴᠢ ᠵᠠᠩᠭᠢᠯᠠᠭ᠎ᠠ ᠶᠢᠨ ᠭᠤᠣᠯ ᠲᠣᠨᠣᠭᠯᠠᠭᠠᠰᠤ ᠶᠢᠨ ᠳᠡᠭᠡᠳᠦ ᠲᠠᠰ ᠤᠨ ᠣᠶᠤᠨᠴᠢ ᠦᠶᠯᠡᠳᠬᠦ | ᠲᠥᠷᠥᠯ ᠵᠦᠢᠯ ᠢ ᠵᠢᠱᠢᠭᠰᠡᠨ ᠠᠬᠢᠴᠠ ᠳᠤ ᠬᠦᠷᠦᠭᠦᠯᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ | ᠰᠢᠨ᠎ᠡ ᠡᠨᠧᠷᠭᠢ ᠶᠢᠨ ᠲᠣᠨᠣᠭᠯᠠᠯ ᠤᠨ ᠦᠶᠯᠡᠳᠬᠦ ᠦᠢᠯᠡᠰ ᠵᠡᠷᠭᠡ ᠠᠵᠤ ᠦᠢᠯᠡᠰ ᠤᠨ ᠬᠡᠯᠬᠢᠶ᠎ᠡ ᠶᠢ ᠪᠣᠶᠢᠵᠢᠭᠤᠯᠤᠨ | ᠪᠣᠳᠠᠲᠠᠶᠢᠵᠢᠭᠤᠯᠵᠤ᠂ ᠠᠽᠢᠶ᠎ᠠ ᠶᠢᠨ ᠰᠢᠨ ᠯᠦᠩ ᠱᠦᠨ ᠥᠨᠳᠥᠷ ᠵᠤᠤᠬ᠎ᠠ ᠶᠢᠨ ᠦᠢᠯᠡᠳᠪᠦᠷᠢᠯᠡᠬᠦ ᠴᠢᠳᠠᠪᠤᠷᠢ ᠶᠢ | ᠰᠣᠯᠢᠬᠤ ᠮᠡᠷᠭᠡᠵᠢᠯ ᠤᠨ ᠥᠭᠡᠷᠡᠴᠢᠯᠡᠯᠲᠡ᠂ 50MW ᠨᠡᠭᠦᠷᠡᠰᠦᠨ ᠬᠡᠢ ᠶᠢᠨ ᠴᠠᠬᠢᠯᠭᠠᠨ ᠭᠠᠷᠭᠠᠯᠲᠠ ᠶᠢᠨ ᠡᠨᠧᠷᠭᠢ | ᠠᠷᠪᠢᠯᠠᠵᠤ ᠶᠡᠷᠦᠩᠬᠡᠶᠢᠯᠡᠨ ᠠᠰᠢᠭᠯᠠᠬᠤ᠂ ᠠᠵᠤ ᠠᠬᠤᠢ ᠶᠢᠨ ᠥᠷᠭᠡᠷᠢᠭ ᠤᠨ ᠡᠨᠧᠷᠭᠢ ᠶᠢᠨ ᠬᠢᠮᠢ ᠶᠢᠨ ᠬᠠᠭᠤᠷᠠᠢ | ᠬᠡᠦᠷᠡᠰᠦ ᠤᠨᠲᠠᠷᠠᠭᠠᠬᠤ ᠮᠡᠷᠭᠡᠵᠢᠯ ᠤᠨ ᠥᠭᠡᠷᠡᠴᠢᠯᠡᠯᠲᠡ ᠵᠡᠷᠭᠡ ᠴᠡᠪᠡᠷᠵᠢᠭᠦᠯᠦᠯᠲᠡ᠂ ᠡᠷᠬᠢᠯᠳᠡᠵᠢᠬᠦᠯᠦᠯᠳᠡ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠤᠯᠠᠮᠵᠢᠯᠠᠯᠲᠤ | ᠠᠵᠤ ᠦᠢᠯᠡᠰ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠪᠥᠬᠦ ᠲᠠᠯ᠎ᠠ ᠪᠠᠷ ᠲᠦᠷᠭᠡᠳᠬᠡᠬᠦ ᠶᠢ ᠪᠡᠶᠡᠯᠡᠭᠦᠯᠦᠨ᠎ᠡ᠃ | ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ ᠥᠷᠭᠡᠳᠬᠡᠨ᠎ᠡ᠃ᠪᠤᠭᠤᠲᠤ ᠬᠤᠲᠠ ᠶᠢᠨ | ᠬᠤᠲᠠ ᠶᠢᠨ ᠬᠠᠮᠲᠤ ᠪᠠᠷ ᠲᠣᠬᠢᠷᠠᠭᠤᠯᠤᠨ ᠬᠦᠷᠭᠡᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠠᠵᠤ | ᠦᠢᠯᠡᠰ ᠤᠨ ᠲᠠᠰ ᠳᠡᠪᠰᠢᠬᠦ ᠶᠢ ᠪᠥᠬᠦ ᠲᠠᠯ᠎ᠠ ᠪᠠᠷ ᠠᠬᠢᠭᠤᠯᠵᠤ᠂ ᠱᠦᠨ ᠹᠧᠩ᠂ ᠵᠢᠩ ᠳ᠋ᠦᠩ᠂ ᠳ᠋ᠧ ᠪᠠᠩ ᠵᠡᠷᠭᠡ | ᠳᠠᠮᠵᠢᠭᠤᠯᠬᠤ ᠬᠥᠮᠥᠷᠭᠡ ᠶᠢᠨ ᠲᠥᠪᠯᠡᠷᠡᠩᠭᠦᠢ ᠳᠠᠪᠠᠭᠤᠯᠢᠭ ᠢ ᠠᠰᠢᠭᠯᠠᠨ᠂ ᠬᠠᠩᠭᠠᠯᠭ᠎ᠠ ᠶᠢᠨ ᠬᠡᠯᠬᠢᠶ᠎ᠡ ᠶᠢᠨ | ᠡᠵᠡᠩᠨᠡᠯᠲᠡ᠂ ᠡᠭᠦᠯᠡᠨ ︵ᠬᠤᠯᠪᠣᠭᠠᠲᠤ︶ ᠬᠥᠮᠥᠷᠭᠡ ᠶᠢᠨ ᠲᠣᠬᠢᠷᠠᠭᠤᠯᠤᠯᠲᠠ᠂ ᠲᠠᠪᠴᠠᠩ ᠤᠨ ᠬᠡᠯᠪᠡᠷᠢ ᠶᠢᠨ | ᠡᠵᠡᠩᠨᠡᠯᠲᠡ᠂ ᠨᠠᠷᠠᠲᠤ ᠲᠡᠮᠳᠡᠭᠲᠦ ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠵᠡᠷᠭᠡ ᠲᠥᠷᠥᠯ ᠵᠦᠢᠯ ᠢ | ᠲᠡᠳᠡᠨ ᠣᠷᠣᠭᠤᠯᠵᠤ ᠰᠠᠭᠤᠯᠭᠠᠵᠤ᠂ ︽ᠠᠷᠠᠯᠵᠢᠶ᠎ᠠ ᠬᠤᠳᠠᠯᠳᠤᠭ᠎ᠠ + ᠪᠠᠷᠠᠭᠠᠨ ᠤ ᠭᠦᠢᠯᠭᠡᠭᠡᠨ︾ ᠤ ᠴᠢᠳᠠᠮᠵᠢ ᠶᠢᠨ | ᠬᠠᠷᠢᠯᠴᠠᠨ ᠨᠥᠬᠦᠪᠦᠷᠢᠯᠡᠬᠦ᠂ ᠠᠵᠤ ᠦᠢᠯᠡᠰ ᠤᠨ ᠲᠥᠪᠯᠡᠷᠡᠯ ᠢ ᠪᠣᠶ ᠪᠣᠯᠭᠠᠵᠤ᠂ ᠪᠥᠬᠦ ᠤᠯᠤᠰ ᠤᠨ ᠪᠣᠬᠢᠷᠳᠤᠯ | ᠦᠭᠡᠢ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠵᠢᠱᠢᠶ᠎ᠡ ᠦᠵᠡᠭᠦᠯᠬᠦ ᠢᠨᠵᠧᠨᠧᠷᠢᠩ ᠢ ᠢᠳᠡᠪᠬᠢᠲᠡᠢ ᠪᠠᠷ | ᠪᠣᠶ ᠪᠣᠯᠭᠠᠨ᠎ᠠ᠃ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ | ᠦᠢᠯᠡᠰ ᠤᠨ ᠬᠦᠷᠢᠶᠡᠯᠡᠩ ᠳᠤ ᠲᠦᠰᠢᠭᠯᠡᠨ᠂ ᠨᠤᠲᠤᠭ ᠪᠡᠯᠴᠢᠭᠡᠷ ᠢ ᠰᠢᠨ᠎ᠡ ᠪᠠᠷ ᠪᠠᠶᠢᠭᠤᠯᠬᠤ᠂ ᠴᠢ ᠮᠢᠩ ᠬᠢᠲᠠᠳ | ᠬᠡᠷᠴᠢᠮ ᠡᠮ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠢᠨᠲ᠋ᠧᠷ | ᠰᠦᠯᠵᠢᠶ᠎ᠡ + ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ︾ ᠢ ᠶᠡᠬᠡᠪᠡᠷ ᠬᠥᠭᠵᠢᠭᠦᠯᠵᠦ᠂ ᠠᠷᠠᠳ | ᠣᠯᠠᠨ ᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ︽ᠲᠥᠪ ᠲᠣᠭᠤᠭᠠᠨ ᠭᠡᠷ︾ ᠤᠨ APP ᠶᠢ ᠨᠡᠭᠡᠭᠡᠨ | ᠬᠥᠭᠵᠢᠭᠦᠯᠦᠨ᠎ᠡ᠃ᠶᠡᠷᠦᠩᠬᠡᠢ ᠬᠡᠯᠲᠡᠰ ᠤᠨ ᠠᠵᠤ ᠠᠬᠤᠢ᠂ ᠲᠠᠪᠴᠠᠩ ᠤᠨ ᠠᠵᠤ ᠠᠬᠤᠢ᠂ ᠣᠳᠣ ᠦᠶ᠎ᠡ ᠶᠢᠨ | ᠮᠥᠩᠭᠦᠨ ᠭᠦᠢᠯᠭᠡᠭᠡ ᠵᠡᠷᠭᠡ ᠰᠢᠨ᠎ᠡ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠨᠡᠶᠢᠳᠡᠮ ᠤᠨ ᠬᠡᠷᠡᠭᠯᠡᠭᠡᠨ ᠤ | ᠠᠭᠠᠷ ᠤᠨ ᠠᠶᠠᠯᠠᠯ᠂ ᠰᠣᠶᠣᠯ ᠵᠢᠭᠤᠯᠴᠢᠯᠠᠯ ᠤᠨ ᠥᠩᠭᠡᠷᠡᠯᠲᠡ᠂ ᠰᠡᠯᠡᠭᠦᠴᠡᠯ ᠡᠷᠡᠭᠦᠯᠵᠢᠯ ᠰᠤᠪᠢᠯᠠᠯᠲᠠ᠂ ᠰᠤᠷᠭᠠᠨ | ᠬᠥᠮᠦᠵᠢᠯ ᠪᠣᠯᠪᠠᠰᠤᠷᠠᠭᠤᠯᠤᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠳᠬᠡᠨ ᠬᠥᠭᠵᠢᠭᠦᠯᠵᠦ᠂ | ᠣᠳᠣᠨ ᠲᠠᠰ ᠤᠨ ᠪᠠᠭᠤᠳᠠᠯ᠂ ᠲᠣᠮᠣ ᠬᠡᠯᠪᠡᠷᠢ ᠶᠢᠨ ᠬᠤᠳᠠᠯᠳᠤᠭ᠎ᠠ ᠬᠡᠲᠦ ᠳᠡᠯᠭᠡᠭᠦᠷ ᠵᠡᠷᠭᠡ ᠠᠷᠠᠯᠵᠢᠶ᠎ᠠ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠤᠰᠬᠠᠶᠢᠵᠢᠯᠲᠠ ᠪᠠ ᠥᠷᠲᠡᠭ ᠤᠨ ᠬᠡᠯᠬᠢᠶᠡᠨ ᠤ | ᠳᠡᠭᠡᠳᠦ ᠦᠵᠦᠭᠦᠷ ᠳᠠᠰᠢ ᠤᠷᠲᠤᠳᠬᠠᠬᠤ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠥᠨᠳᠥᠷ | ᠶᠠᠰᠤ ᠴᠢᠨᠠᠷ ᠪᠠ ᠣᠯᠠᠨ ᠶᠠᠩᠵᠤᠴᠢᠯᠠᠯᠳᠠ ᠳᠠᠰᠢ ᠲᠠᠰ ᠳᠡᠪᠰᠢᠭᠦᠯᠬᠦ ᠶᠢ ᠠᠬᠢᠭᠤᠯᠵᠤ᠂ 2022 ᠣᠨ ᠤ ᠡᠴᠦᠰ | ᠪᠣᠯᠬᠤ ᠳᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠤᠨ GDP ᠳᠤ ᠡᠵᠡᠯᠡᠬᠦ ᠬᠤᠪᠢ ᠶᠢᠨ ᠵᠢᠩ ᠢ | 26% ᠳᠤ ᠬᠦᠷᠦᠭᠦᠯᠬᠦ ᠪᠠᠷ ᠴᠢᠷᠮᠠᠶᠢᠨ᠎ᠠ᠃ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠨᠠᠷᠢᠯᠢᠭ ᠪᠥᠭᠡᠳ ᠨᠠᠷᠢᠯᠢᠭ ᠬᠢᠨ᠎ᠡ᠃ | ᠨᠠᠷᠢᠯᠢᠭᠵᠢᠭᠤᠯᠬᠤ ᠣᠶᠢᠯᠠᠭᠠᠭᠳᠠᠬᠤᠨ ᠢ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ | ᠪᠦᠬᠦ ︽ᠨᠠᠷᠢᠯᠢᠭ ᠣᠨᠣᠴᠠᠲᠠᠢ ᠪᠠᠷ ᠣᠷᠣᠨ ᠪᠠᠶᠢᠷᠢ ᠲᠣᠭᠲᠠᠭᠠᠬᠤ᠂ ᠨᠠᠷᠢᠯᠢᠭ ᠦᠢᠯᠡᠳᠪᠦᠷᠢᠯᠡᠬᠦ᠂ ᠨᠠᠷᠢᠯᠢᠭ | ᠡᠳ᠋ᠰᠢᠭᠦᠯᠬᠦ︾ ᠱᠠᠭᠠᠷᠳᠠᠯᠭ᠎ᠠ ᠶᠣᠰᠣᠭᠠᠷ᠂ ᠳᠡᠭᠡᠳᠦ ᠳᠣᠣᠷᠠᠳᠤ ᠤᠷᠤᠰᠬᠠᠯ ᠤᠨ ᠣᠲᠣ ᠦᠶ᠎ᠡ ᠶᠢᠨ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠪᠠᠶᠢᠷᠢᠰᠢᠭᠤᠯᠬᠤ ᠶᠢ ᠲᠦᠷᠭᠡᠳᠬᠡᠵᠦ᠂ ᠳ᠋ᠧ ᠺᠠᠩ | ᠂ ᠯᠢᠦᠢ ᠪᠢᠶᠠᠨ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠢ ᠬᠥᠭᠵᠢᠭᠦᠯᠦᠨ | ᠪᠤᠵᠠᠭᠠᠶᠢᠷᠠᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠡᠪᠴᠢᠶᠡᠵᠢᠭᠦᠯᠦᠭᠰᠡᠨ | ᠪᠣᠬᠢᠷᠳᠤᠯ ᠦᠭᠡᠢ ᠡᠷᠭᠢᠯᠲᠡᠲᠦ ᠭᠠᠭ᠋ᠠᠢ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ᠂ ᠵᠢᠯ ᠤᠨ ᠭᠠᠷᠭᠠᠯᠲᠠ ᠶᠢ 10 | ᠲᠦᠮᠡᠨ ᠲᠣᠯᠣᠭᠠᠢ ᠳᠤ ᠲᠣᠭᠲᠠᠪᠤᠷᠢᠵᠢᠭᠤᠯᠵᠤ᠂ ᠠᠮᠤ ᠪᠤᠳᠠᠭ᠎ᠠ ᠳᠠᠷᠢᠬᠤ ᠲᠠᠯᠠᠪᠠᠶ ᠶᠢ 2 ᠲᠦᠮᠡᠨ ᠮᠦ ᠠᠴᠠ | ᠳᠡᠭᠡᠭᠰᠢ ᠳᠤ ᠲᠣᠭᠲᠠᠪᠤᠷᠢᠵᠢᠭᠤᠯᠤᠨ᠎ᠠ᠃ᠡᠭᠦᠯᠳᠡᠷ ᠢ ᠪᠣᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ | ᠲᠥᠷᠥᠯ ᠲᠡᠮᠳᠡᠭᠲᠦ ᠶᠢ ᠪᠣᠶ ᠪᠣᠯᠭᠠᠬᠤ ᠪᠠᠷ ᠭᠠᠷᠳᠠᠴᠠ ᠪᠣᠯᠭᠠᠵᠤ᠂ ︽ᠲᠠᠪᠤᠨ ᠵᠦᠢᠯ ᠤᠨ ᠠᠮᠤ ᠪᠤᠳᠠᠭᠠᠨ ᠤ | ᠪᠦᠲᠦᠭᠡᠭᠳᠡᠬᠦᠨ︾ ︽ᠬᠢᠭᠤᠷᠤᠨᠳᠤ︾ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢ ᠰᠢᠯᠢᠳᠡᠭᠵᠢᠭᠦᠯᠦᠨ | ᠬᠦᠴᠦᠷᠬᠡᠭᠵᠢᠭᠦᠯᠵᠦ᠂ ᠣᠨᠴᠠᠯᠢᠭᠲᠤ ᠬᠤᠨᠢᠨ ᠤ ᠴᠦᠨᠳᠦᠭᠦᠷ ᠪᠠᠺᠲ᠋ᠧᠷᠢ᠂ ᠭᠠᠩ ᠭᠡᠷ ᠭᠠᠵᠠᠷ ᠤᠨ ᠴᠡᠪᠡᠷ | ᠤᠰᠤᠨ ᠤ ᠢᠳᠡᠰᠢᠨ ᠨᠣᠭᠤᠭ᠎ᠠ ᠵᠡᠷᠭᠡ ︽ᠭᠤᠷᠪᠠᠨ ᠵᠦᠢᠯ ᠤᠨ ᠪᠦᠲᠦᠭᠡᠭᠳᠡᠬᠦᠨ ᠨᠢᠭᠡ ᠲᠡᠮᠳᠡᠭ︾ ᠢ ᠭᠡᠷᠡᠴᠢᠯᠡᠬᠦ | ᠪᠠ ᠣᠨᠴᠠᠯᠢᠭᠲᠤ ᠪᠦᠲᠦᠭᠡᠭᠳᠡᠬᠦᠨ ᠤ ᠲᠠᠸᠠᠷ ᠤᠨ ᠲᠡᠮᠳᠡᠭ ᠢ ᠳᠠᠩᠰᠠᠯᠠᠬᠤ ᠶᠢ ᠠᠬᠢᠭᠤᠯᠵᠤ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠬᠢᠷᠳᠤᠯ ᠦᠭᠡᠢ ᠴᠢᠨᠠᠷ ᠰᠠᠶᠢᠲᠠᠢ ᠠᠮᠤᠷ ᠲᠦᠪᠰᠢᠨ ᠢᠶᠠᠷ ᠬᠥᠭᠵᠢᠬᠦ ᠶᠢ | ᠪᠡᠶᠡᠯᠡᠭᠦᠯᠦᠨ᠎ᠡ᠃1.8 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠶᠢᠨ ᠪᠣᠬᠢᠷᠳᠤᠯ ᠦᠭᠡᠢ | ᠲᠠᠷᠢᠶᠠᠯᠠᠩ ᠤᠨ ᠪᠦᠲᠦᠭᠡᠭᠳᠡᠬᠦᠨ ᠤ ᠲᠠᠷᠢᠮᠠᠯ ᠤᠨ ᠰᠠᠭᠤᠷᠢᠨ ᠭᠠᠵᠠᠷ᠂ ᠴᠡᠴᠡᠭ ᠪᠥᠵᠢᠭ ᠬᠥᠮᠥᠨ ᠤ ᠶᠢᠷᠲᠢᠨᠴᠦ ᠶᠢᠨ | ᠪᠦᠲᠦᠭᠡᠯᠴᠢ ᠲᠠᠷᠢᠶᠠᠯᠠᠩ ᠤᠨ ᠲᠡᠭᠦᠵᠦ ᠲᠡᠭᠦᠬᠦ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠦ ᠱᠢ ᠶᠢᠨ ᠨᠢᠭᠡᠳᠦᠭᠡᠷ ᠳᠡᠰ ᠤᠨ ᠵᠠᠰᠠᠮᠠᠯ ᠵᠠᠮ ᠵᠢᠴᠢ | ᠱᠠ ᠮᠢᠩ ᠵᠠᠰᠠᠮᠠᠯ ᠵᠠᠮ ᠳᠠᠭᠠᠤ ᠶᠢᠨ ︽ᠲᠠᠷᠢᠶᠠᠯᠠᠩ +︾ ᠶᠢ ᠬᠥᠭᠵᠢᠭᠦᠯᠬᠦ ᠶᠢᠨ ᠲᠣᠭᠤᠷᠢᠨ ᠳᠤ᠂ ᠰᠡᠯᠡᠭᠦᠴᠡᠯ ᠤᠨ | ᠲᠠᠷᠢᠶᠠᠯᠠᠩ᠂ ᠬᠥᠳᠡᠭᠡ ᠲᠣᠰᠬᠤᠨ ᠤ ᠵᠤᠭᠠᠴᠠᠨ ᠲᠣᠭᠤᠷᠢᠬᠤ ᠵᠡᠷᠭᠡ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠪᠣᠶᠢᠵᠢᠭᠤᠯᠵᠤ᠂ ᠣᠲᠣ ᠦᠶ᠎ᠡ ᠶᠢᠨ ᠪᠣᠬᠢᠷᠳᠤᠯ ᠦᠭᠡᠢ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠳᠠᠷᠢᠵᠤ ᠲᠡᠵᠢᠭᠡᠨ | ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ᠂ ᠪᠣᠬᠢᠷᠳᠤᠯ ᠦᠭᠡᠢ ᠠᠮᠢ ᠠᠬᠤᠢ ᠶᠢᠨ ᠲᠠᠷᠢᠶᠠᠯᠠᠩ ᠮᠠᠯ ᠠᠵᠤ | ᠠᠬᠤᠢ ᠶᠢᠨ ᠴᠤᠭᠯᠠᠷᠠᠯ ᠤᠨ ᠬᠦᠷᠢᠶᠡᠯᠡᠩ ᠢ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ | ᠪᠠ ᠣᠯᠠᠨ ᠡᠰᠢᠵᠢᠭᠰᠡᠨ ᠬᠥᠭᠵᠢᠯᠲᠡ ᠶᠢ ᠠᠬᠢᠭᠤᠯᠤᠨ᠎ᠠ᠃ | ᠰᠣᠶᠣᠯ ᠪᠠ ᠵᠤᠭᠠᠴᠠᠯ ᠤᠨ ᠦᠢᠯᠡᠰ ᠢ ᠠᠮᠢᠳᠤᠯᠢᠭᠵᠢᠭᠤᠯᠤᠨ ᠬᠥᠭᠵᠢᠭᠦᠯᠦᠨ᠎ᠡ | ᠰᠣᠶᠣᠯ ᠢᠶᠠᠷ ᠪᠠᠷᠢᠭᠠᠳᠠ ᠶᠢ ᠱᠤᠭᠤᠵᠤ᠂ ᠪᠠᠷᠢᠭᠠᠳᠠ ᠪᠠᠷ ᠰᠣᠶᠣᠯ ᠢ ᠳᠣᠪᠤᠶᠢᠯᠭᠠᠬᠤ ᠶᠢ ᠪᠠᠷᠢᠮᠲᠠᠯᠠᠵᠤ᠂ | ᠠᠭᠤᠷᠬᠠᠢ ᠶᠢᠨ ᠰᠣᠶᠣᠯ᠂ ᠬᠤᠪᠢᠰᠬᠠᠯ ᠤᠨ ᠰᠣᠶᠣᠯ᠂ ᠤᠷᠲᠤ ᠴᠠᠭᠠᠨ ᠬᠡᠷᠡᠮ ᠤᠨ ᠰᠣᠶᠣᠯ ᠵᠡᠷᠭᠡ ᠲᠡᠦᠬᠡ | ᠰᠣᠶᠣᠯ ᠤᠨ ᠡᠬᠢ ᠪᠠᠶᠠᠯᠢᠭ ᠢ ᠠᠭᠤᠳᠠᠯᠵᠤ᠂ 3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠴᠡᠴᠡᠭᠲᠦ | ᠪᠥᠵᠢᠭ ᠬᠥᠮᠥᠨ ᠤ ᠶᠢᠷᠲᠢᠨᠴᠦ ᠶᠢᠨ ︽ᠳᠥᠷᠪᠡᠨ ᠤᠯᠠᠷᠢᠯ ᠤᠨ ᠴᠡᠴᠡᠭᠲᠦ ᠬᠥᠨᠳᠡᠢ︾ ᠶᠢᠨ ᠲᠥᠷᠥᠯ ᠵᠦᠢᠯ ᠪᠠ | ᠬᠤ ᠲᠧᠦ ᠱᠠᠨ ᠤ ᠵᠠᠯᠠᠭᠤᠴᠤᠳ ᠪᠠᠭᠠᠴᠤᠳ ᠤᠨ ᠠᠮᠢ ᠠᠬᠤᠢ ᠶᠢᠨ ᠪᠣᠯᠪᠠᠰᠤᠨ ᠤ ᠰᠤᠳᠤᠯᠤᠨ ᠰᠤᠷᠤᠯᠴᠠᠬᠤ | ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠷᠬᠢᠨ | ᠲᠣᠭᠤᠷᠢᠨ ᠤ ᠪᠠᠨ ︽ᠡᠭᠦᠯᠡᠨ ᠣᠷᠣᠢ ᠲᠠᠢ ᠣᠳᠣᠨ ᠲᠡᠯᠡᠶ︾ ︽ᠣᠶᠢᠷ᠎ᠠ ᠲᠥᠷᠥᠯ ᠤᠨ ᠲᠠᠷᠢᠶᠠᠯᠠᠩ ᠤᠨ ᠲᠠᠯᠠᠪᠠᠶ︾ | ︽ᠬᠤᠸᠠ ᠰᠢ ᠲᠠᠷᠢᠶᠠᠯᠠᠩ ᠤᠨ ᠲᠠᠯᠠᠪᠠᠶ︾ ᠵᠡᠷᠭᠡ ᠰᠡᠯᠡᠭᠦᠴᠡᠯ ᠤᠨ ᠭᠤᠣᠯ ᠰᠡᠳᠦᠪᠲᠦ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠶᠢ ᠳᠠᠶᠢᠴᠢᠯᠠᠨ᠂ ᠦ᠋ ᠳ᠋ᠠᠩ ᠵᠣᠣ ᠤᠯᠤᠰ ᠤᠨ ᠲᠠᠰ ᠤᠨ ᠣᠶ ᠰᠢᠭᠤᠢ ᠶᠢᠨ ᠴᠡᠴᠡᠷᠯᠢᠭ᠂ | ᠴᠡᠴᠡᠭᠲᠦ ᠪᠥᠵᠢᠭᠲᠦ ᠬᠥᠮᠥᠨ ᠤ ᠶᠢᠷᠲᠢᠨᠴᠦ᠂ ᠪᠤᠭᠤᠲᠤ ᠶᠢᠨ ᠡᠷᠲᠡᠨ ᠤ ᠬᠤᠲᠠ᠂ ᠬᠠᠭᠤᠴᠢᠨ ᠠᠭᠤᠷᠬᠠᠢ ᠶᠢᠨ | ᠣᠷᠣᠨ ᠤ ᠠᠵᠤ ᠦᠢᠯᠡᠳᠪᠦᠷᠢ ᠶᠢᠨ ᠪᠠᠭᠤᠷᠢ ᠵᠡᠷᠭᠡ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠢ | ᠠᠭᠤᠰᠤᠯᠴᠠᠭᠤᠯᠤᠨ᠂ ︽ᠵᠠᠭᠤᠨ ᠵᠢᠯ ᠢ ᠲᠤᠭᠤᠯᠵᠤ᠂ ᠬᠠᠭᠤᠴᠢᠨ ᠢᠶᠠᠨ ᠳᠤᠷᠠᠰᠬᠤ ᠠᠭᠤᠯᠠᠨ ᠬᠤᠲᠠ︾ ᠭᠡᠬᠦ | ᠭᠤᠣᠯ ᠰᠡᠳᠦᠪᠲᠦ ᠰᠣᠶᠣᠯ ᠤᠨ ᠵᠢᠭᠤᠯᠴᠢᠯᠠᠯ ᠤᠨ ᠴᠤᠭᠯᠠᠷᠠᠯ ᠤᠨ ᠭᠠᠵᠠᠷ ᠢ ᠪᠣᠶ ᠪᠣᠯᠭᠠᠵᠤ᠂ ᠬᠡᠰᠡᠭ ᠣᠷᠣᠨ ᠢ | ᠨᠡᠭᠡᠭᠡᠨ ᠬᠥᠭᠵᠢᠭᠦᠯᠬᠦ᠂ ᠣᠯᠠᠨ ᠴᠢᠭ᠋ ᠲᠤ ᠬᠤᠯᠪᠤᠭᠠᠯᠠᠨ ᠬᠥᠳᠡᠯᠦᠯᠴᠡᠬᠦ᠂ ᠪᠥᠬᠦ ᠴᠠᠷᠠᠭ᠎ᠠ ᠪᠠᠷ ᠢᠶᠠᠨ ᠬᠠᠷᠢᠯᠴᠠᠨ | ᠬᠥᠳᠡᠯᠦᠯᠴᠡᠬᠦ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠣᠶ ᠪᠣᠯᠭᠠᠨ᠎ᠠ᠃︽ᠪᠠᠶᠠᠷ ᠪᠠᠶᠠᠰᠬᠤᠯᠠᠩᠲᠠᠢ ᠭᠠᠪᠢᠷ᠎ᠠ ᠶᠢᠨ | ᠵᠢᠷᠤᠭ︾ ᠤᠨ ᠰᠣᠶᠣᠯ ᠵᠢᠭᠤᠯᠴᠢᠯᠠᠯ ᠤᠨ ᠤᠯᠠᠷᠢᠯ ᠪᠠ ︽ᠡᠭᠦᠯᠡᠨ ᠦᠵᠦᠭᠦᠷ ᠠᠴᠠ ᠦᠵᠡᠰᠬᠦᠯᠡᠩ ᠰᠠᠶᠢᠬᠠᠨ | ᠦᠵᠡᠮᠵᠢ ᠡᠷᠢᠵᠦ᠂ ᠭᠠᠪᠢᠷ᠎ᠠ ᠶᠢᠨ ᠵᠢᠷᠤᠭ ᠲᠤ ᠲᠣᠬᠢᠶᠠᠯᠳᠤᠬᠤ︾ ᠰᠢᠷᠢᠰ ︽ᠡᠭᠦᠯᠡ︾ ᠶᠢᠨ ᠠᠵᠢᠯᠯᠠᠭ᠎ᠠ ᠶᠢ | ᠦᠷᠭᠦᠯᠵᠢᠯᠡᠨ ᠪᠡᠯᠡᠳᠬᠡᠨ ᠡᠷᠬᠢᠯᠡᠵᠤ᠂ ︽ᠠᠭᠤᠯᠠ ᠶᠢ ᠣᠯᠵᠤ ᠬᠠᠷᠠᠬᠤ᠂ ᠤᠰᠤ ᠶᠢ ᠣᠯᠵᠤ ᠬᠠᠷᠠᠬᠤ᠂ ᠨᠤᠲᠤᠭ ᠤᠨ | ᠮᠥᠷᠥᠭᠡᠳᠦᠯ ᠢ ᠴᠡᠭᠡᠵᠢᠯᠡᠵᠦ ᠳᠡᠶᠢᠯᠬᠦ︾ ᠶᠠᠪᠤᠳᠠᠯ ᠢ ᠠᠯᠬᠤᠮ ᠠᠯᠬᠤᠮ ᠢᠶᠠᠷ ᠭᠠᠵᠠᠷ ᠣᠷᠣᠨ ᠤ ᠰᠢᠨ᠎ᠡ ᠲᠡᠮᠳᠡᠭ | ᠪᠣᠯᠭᠠᠨ᠎ᠠ᠃ᠣᠯᠠᠨ ᠠᠷᠭ᠎ᠠ ᠵᠠᠮ᠂ ᠣᠯᠠᠨ ᠬᠡᠯᠪᠡᠷᠢ ᠮᠠᠶ᠋ᠢᠭ ᠤᠨ ᠰᠣᠶᠣᠯ ᠤᠨ ᠰᠣᠯᠢᠯᠴᠠᠭ᠎ᠠ ᠪᠠ ᠤᠬᠠᠭᠤᠯᠭ᠎ᠠ ᠶᠢ | ᠥᠷᠨᠢᠭᠦᠯᠵᠦ᠂ ᠵᠣᠣ ᠴᠠᠩ ᠴᠧᠩ ᠴᠡᠴᠡᠷᠯᠢᠭ ᠪᠠ ᠤᠯᠠᠭᠠᠨ ᠥᠩᠭᠡᠲᠦ ᠵᠢᠵᠢᠭ ᠪᠠᠯᠭᠠᠰᠤᠨ ᠤ ᠰᠣᠩᠭᠤᠳᠠᠭ | ᠵᠢᠭᠤᠯᠴᠢᠯᠠᠯ ᠤᠨ ᠵᠠᠮ ᠱᠤᠭᠤᠮ ᠢ ᠬᠦᠴᠦᠯᠡᠨ ᠪᠣᠶ ᠪᠣᠯᠭᠠᠵᠤ᠂ ᠴᠢᠯᠠᠭᠤᠨ ᠭᠤᠳᠤᠮᠵᠢ ᠶᠢᠨ ᠬᠥᠭᠵᠢᠯᠲᠡ ᠶᠢᠨ ᠷᠢᠳᠢ | ᠰᠢᠳᠢ ᠶᠢ ᠭᠦᠢᠴᠡᠳ ᠢᠯᠡᠷᠡᠭᠦᠯᠵᠦ᠂ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠢ ᠥᠪᠡᠷᠲᠡᠭᠡᠨ ᠵᠠᠰᠠᠬᠤ | ᠣᠷᠣᠨ ᠤ ᠠᠯᠳᠠᠷᠰᠢᠯ ᠪᠠ ᠨᠥᠯᠥᠭᠡᠯᠡᠬᠦ ᠬᠦᠴᠦᠨ ᠳᠡᠭᠡᠭᠰᠢᠯᠡᠭᠦᠯᠦᠨ᠎ᠡ᠃ | ︵ᠬᠤᠶᠠᠷ︶ ᠣᠷᠣᠨ ᠪᠦᠰᠡ ᠶᠢᠨ ᠥᠷᠢᠰᠦᠯᠳᠦᠭᠡᠨ ᠤ ᠲᠠᠯᠳᠠ ᠬᠦᠴᠦᠨ ᠢ ᠨᠡᠮᠡᠭᠳᠡᠭᠦᠯᠬᠦ ᠲᠠᠢ ᠤᠶᠠᠯᠳᠤᠭᠤᠯᠤᠨ᠂ ᠴᠢᠨᠠᠷ | ᠰᠠᠶᠢᠲᠠᠢ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠲᠥᠪᠯᠡᠷᠡᠭᠦᠯᠬᠦ ᠲᠠᠯ᠎ᠠ ᠪᠠᠷ ᠨᠡᠩ ᠴᠢᠩᠭ᠎ᠠ ᠲᠤᠯᠭᠠᠭᠤᠷᠢᠯᠠᠯ ᠢ | ᠪᠤᠢ ᠪᠣᠯᠭᠠᠨ᠎ᠠ᠃ | ᠲᠣᠭᠠᠴᠢᠯᠠᠭᠰᠠᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ᠪᠤᠭᠤᠲᠤ | ᠬᠤᠲᠠ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠲᠦᠰᠢᠭᠯᠡᠨ᠂ ᠪᠤᠭᠤᠲᠤ | ᠬᠤᠲᠠ ᠶᠢᠨ ᠣᠶᠤᠨᠲᠤ ᠬᠤᠲᠠ ᠶᠢᠨ ᠡᠵᠡᠩᠨᠡᠯᠲᠡ ᠶᠢᠨ ᠵᠢᠯᠤᠭᠤᠳᠬᠤ ᠲᠥᠪ ᠲᠤ ᠱᠢ ᠭᠤᠤ ᠳᠤ ᠡᠷᠦᠬᠡ ᠠᠮᠠ | ᠣᠷᠣᠭᠤᠯᠬᠤ ᠪᠠᠷ ᠲᠣᠬᠢᠶᠠᠯ ᠪᠣᠯᠭᠠᠵᠤ᠂ ᠥᠪᠥᠷ ᠮᠣᠩᠭᠤᠯ ᠤᠨ ᠳᠡᠭᠡᠳᠦ ᠢᠯᠭᠠᠮᠵᠢ ᠪᠠᠷ ᠭᠠᠵᠠᠷ ᠤᠨ ᠪᠥᠮᠪᠥᠷᠴᠡᠭ ᠢ | ᠠᠵᠢᠭᠯᠠᠨ ᠬᠡᠮᠵᠢᠬᠦ ᠳᠠᠭᠠᠭᠤᠯᠢ ᠣᠳᠣᠨ ᠤ ᠲᠤᠭ᠎ᠠ ᠪᠠᠷᠢᠮᠲᠠ ᠬᠢᠭᠡᠳ ᠬᠡᠷᠡᠭᠯᠡᠭᠡᠨ ᠤ ᠪᠤᠭᠤᠲᠤ ᠶᠢᠨ ᠬᠤᠪᠢᠶᠠᠷᠢ | ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ 1300 ᠮᠦ ᠲᠣᠭᠠᠴᠢᠯᠠᠭᠰᠠᠨ ᠠᠵᠤ ᠠᠬᠤᠢ ᠶᠢᠨ ᠠᠵᠤ | ᠦᠢᠯᠡᠰ ᠤᠨ ᠪᠦᠰᠡ ᠶᠢ ᠬᠦᠴᠦᠯᠡᠨ ᠪᠣᠶ ᠪᠣᠯᠭᠠᠵᠤ᠂ ᠵᠢᠯ ᠤᠨ ᠦᠢᠯᠡᠳᠬᠦᠨ ᠤ ᠥᠷᠲᠡᠭ ᠢ 2 ᠳ᠋ᠦᠩᠰᠢᠭᠤᠷ | ᠲᠥᠭᠦᠷᠢᠭ ᠠᠴᠠ ᠳᠡᠭᠡᠭᠰᠢ ᠴᠢᠷᠮᠠᠶᠢᠨ᠂ ︽1+1+2︾ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ | ᠬᠥᠭᠵᠢᠯᠲᠡ ᠶᠢᠨ ᠪᠠᠶᠢᠷᠢᠰᠢᠯ ᠢ ᠢᠳᠡᠪᠬᠢᠲᠡᠢ ᠪᠠᠶᠢᠭᠤᠯᠤᠨ᠎ᠠ᠃ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ | ᠡᠭᠦᠯᠡᠨ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠵᠦ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠲᠣᠭᠠᠵᠢᠭᠤᠯᠬᠤ ᠥᠭᠡᠷᠡᠴᠢᠯᠡᠯᠲᠡ ᠶᠢ ᠠᠬᠢᠭᠤᠯᠵᠤ᠂ ᠲᠣᠮᠣ ᠳ᠋ᠠᠶᠢᠲ᠋ᠠ ᠶᠢᠨ ᠡᠭᠦᠯᠡᠨ ᠦᠢᠯᠡᠴᠢᠯᠡᠭᠡ ᠶᠢ | ᠠᠭᠤᠰᠤᠯᠴᠠᠭᠤᠯᠬᠤ᠂ ᠣᠶᠤᠨᠴᠢᠯᠠᠭᠰᠠᠨ ᠬᠡᠷᠡᠭᠯᠡᠭᠡᠨ ᠪᠠ ᠵᠣᠬᠢᠶᠠᠮᠠᠯ ᠣᠶᠤᠨᠴᠢ ᠴᠢᠳᠠᠪᠤᠷᠢ ᠵᠡᠷᠭᠡ ᠠᠵᠤ | ᠠᠬᠤᠶᠢᠯᠠᠯ ᠤᠨ ᠲᠦᠷᠭᠡᠨ ᠴᠤᠭᠯᠠᠷᠠᠬᠤ ᠶᠢ ᠬᠥᠲᠥᠯᠥᠨ ᠵᠢᠯᠤᠭᠤᠳᠴᠤ᠂ ᠡᠯ᠎ᠡ ᠲᠥᠷᠥᠯ ᠤᠨ ︽ᠣᠶᠤᠨᠲᠤ ᠴᠢᠯᠠᠭᠤᠨ | ᠲᠠᠶᠠᠭ︾ ᠤᠨ ᠬᠡᠷᠡᠭᠯᠡᠭᠡᠨ ᠤ ᠲᠠᠪᠴᠠᠩ ᠢ ᠰᠢᠨᠵᠢᠯᠡᠬᠦ ᠤᠬᠠᠭᠠᠨᠴᠢ ᠪᠠᠷ ᠡᠮᠬᠢᠯᠡᠨ ᠨᠡᠶᠢᠯᠡᠭᠦᠯᠵᠦ᠂ ᠬᠤᠲᠠ ᠶᠢᠨ | ᠬᠠᠮᠢᠶᠠᠷᠤᠯᠲᠠ ᠶᠢᠨ ᠦᠢᠯᠡᠴᠢᠯᠡᠭᠡᠨ ᠤ ᠲᠣᠭᠠᠵᠢᠭᠤᠯᠬᠤ ᠴᠢᠳᠠᠪᠤᠷᠢ ᠶᠢ ᠠᠬᠢᠭᠤᠯᠤᠨ᠂ ᠪᠤᠭᠤᠲᠤ ᠬᠤᠲᠠ ᠶᠢᠨ | ᠠᠩᠬᠠᠳᠠᠭᠴᠢ ᠲᠣᠮᠣ ᠳ᠋ᠠᠶᠢᠲ᠋ᠠ ᠶᠢᠨ ︽ᠨᠡᠭᠦᠷᠡᠰᠦᠲᠥ᠋ᠷᠥᠭᠴᠢ ᠦᠭᠡᠢ︾ ᠣᠶᠤᠨᠲᠤ ᠠᠵᠤ ᠦᠢᠯᠡᠰ ᠤᠨ ᠬᠦᠷᠢᠶᠡᠯᠡᠩ ᠢ | ᠬᠦᠴᠦᠯᠡᠨ ᠪᠠᠶᠢᠭᠤᠯᠵᠤ᠂ ︽ᠣᠶᠤᠨᠲᠤ ᠪᠤᠭᠤᠲᠤ︾ ᠶᠢᠨ ᠲᠣᠭᠠᠵᠢᠭᠤᠯᠬᠤ ᠰᠠᠭᠤᠷᠢ ᠶᠢ ᠪᠠᠬᠢᠵᠢᠭᠦᠯᠦᠨ᠎ᠡ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠤᠨ᠎ᠠ᠃ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ︽ᠭᠤᠣᠯ ᠲᠡᠶᠢᠨ ᠤ ᠲᠠᠯᠠᠪᠤᠷ︾ ᠪᠣᠯᠬᠤ ᠦᠢᠯᠡᠳᠦᠯ ᠢ | ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ ᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠢᠷᠤᠮᠵᠢᠭᠰᠠᠨ ᠬᠠᠮᠢᠶᠠᠷᠤᠯᠲᠠ ᠳᠤ ᠣᠷᠣᠭᠤᠯᠤᠨ᠂ ᠰᠠᠭᠤᠷᠢ | ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠨ᠎ᠡ᠃ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠶᠯᠡᠳᠬᠦ | ᠵᠡᠷᠭᠡ ᠪᠡᠯᠡ ᠣᠷᠣᠭᠤᠯᠤᠯᠲᠠ ᠶᠢᠨ ᠡᠷᠴᠢᠮ ᠢᠶᠠᠷ ᠶᠡᠭᠡ᠂ ᠮᠦ ᠪᠦᠷᠢ ᠶᠢᠨ ᠳᠤᠮᠳᠠᠴᠢ ᠠᠰᠢᠭ ᠣᠷᠣᠯᠭ᠎ᠠ ᠪᠠᠷ ᠥᠨᠳᠥᠷ | ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ ᠲᠦᠷᠭᠡᠳᠬᠡᠨ | ᠠᠬᠢᠭᠤᠯᠵᠤ᠂ ᠵᠢᠶᠠ ᠮᠧᠩ ᠤᠨ ᠠᠵᠤ ᠦᠢᠯᠡᠰ ᠤᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ | ᠡᠭᠦᠰᠦᠯ ᠤᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃200MW | ᠬᠡᠷᠡᠯ ᠴᠡᠨᠡᠭ ᠤᠨ ᠲᠥᠪᠯᠡᠷᠡᠭᠦᠯᠦᠨ ᠥᠷᠢᠰᠦᠯᠳᠦᠭᠦᠯᠦᠨ ᠲᠣᠬᠢᠷᠠᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠶᠢ ᠠᠬᠢᠭᠤᠯᠵᠤ᠂ ᠰᠠᠭᠤᠷᠢ ᠲᠡᠮᠦᠷᠯᠢᠭ ᠪᠣᠯᠪᠠᠰᠤᠷᠠᠭᠤᠯᠬᠤ ᠠᠵᠢᠯ ᠲᠥᠷᠥᠯ ᠤᠨ ᠣᠶᠤᠨᠴᠢᠯᠠᠭᠰᠠᠨ | ᠨᠣᠭᠤᠭᠠᠨ ᠴᠠᠬᠢᠯᠭᠠᠨ ᠢᠶᠠᠷ ᠰᠢᠭᠤᠳ ᠬᠠᠩᠭᠠᠬᠤ ᠵᠠᠭᠪᠤᠷ ᠢ ᠪᠥᠬᠦ ᠲᠠᠯ᠎ᠠ ᠪᠠᠷ ᠬᠡᠷᠡᠭᠯᠡᠨ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠳᠡᠭᠡᠳᠦ ᠦᠵᠦᠭᠦᠷᠴᠢᠯᠡᠭᠰᠡᠨ᠂ ᠣᠶᠤᠨᠴᠢᠯᠠᠭᠰᠠᠨ᠂ ᠪᠣᠬᠢᠷᠳᠤᠯ ᠦᠭᠡᠢ ᠬᠥᠭᠵᠢᠯᠲᠡ ᠶᠢ | ᠪᠡᠶᠡᠯᠡᠭᠦᠯᠬᠦ ᠶᠢ ᠠᠬᠢᠭᠤᠯᠤᠨ᠎ᠠ᠃ᠬᠥᠰᠢᠮᠡᠯ ᠠᠵᠤ ᠠᠬᠤᠶᠢᠯᠠᠯ ᠢ ᠴᠡᠪᠡᠷᠯᠡᠬᠦ ᠶᠢ ᠲᠦᠷᠭᠡᠳᠬᠡᠵᠦ᠂ ᠰᠤᠯᠠ ᠪᠠᠶᠢᠭ᠎ᠠ | ᠦᠷ᠎ᠡ ᠠᠰᠢᠭ ᠢᠶᠠᠷ ᠳᠣᠣᠷ᠎ᠠ ᠭᠠᠵᠠᠷ ᠢ ᠠᠮᠢᠯᠠᠭᠤᠯᠬᠤ ᠡᠷᠴᠢᠮ ᠢ ᠴᠢᠩᠭᠠᠷᠠᠭᠤᠯᠤᠨ᠂ ᠬᠦᠷᠢᠶᠡᠯᠡᠩ ᠲᠣᠭᠤᠷᠢᠭ ᠤᠨ | ᠳᠠᠭᠠᠭᠠᠴᠠ ᠪᠠ ᠲᠥᠪᠯᠡᠷᠡᠭᠦᠯᠬᠦ ᠬᠦᠴᠦᠨ ᠢ ᠨᠠᠩ ᠥᠨᠳᠥᠷ ᠬᠢᠷᠢ ᠲᠦᠪᠰᠢᠨ ᠳᠠᠰᠢ ᠳᠠᠪᠰᠢᠭᠤᠯᠬᠤ ᠶᠢ ᠠᠬᠢᠭᠤᠯᠵᠤ᠂ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠢ ᠬᠦᠴᠦᠯᠡᠨ ᠪᠠᠶᠢᠭᠤᠯᠵᠤ᠂ ᠦᠢᠯᠡᠳᠬᠦᠨ ᠤ ᠥᠷᠲᠡᠭ ᠢ 150 ᠳ᠋ᠦᠩᠰᠢᠭᠤᠷ ᠲᠥᠭᠦᠷᠢᠭ ᠠᠴᠠ | ᠳᠡᠭᠡᠭᠰᠢ ᠪᠠᠶᠢᠯᠭᠠᠬᠤ ᠪᠠᠷ ᠴᠢᠷᠮᠠᠶᠢᠨ᠎ᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ | ᠨᠡᠭᠡᠭᠡᠨ ᠬᠥᠭᠵᠢᠭᠦᠯᠬᠦ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠥᠭᠡᠮᠨᠡᠷᠡᠯ ᠤᠨ ᠪᠦᠲᠦᠭᠡᠨ | ᠪᠠᠶᠢᠭᠤᠯᠤᠯᠲᠠ᠂ ᠬᠥᠬᠡᠬᠤᠲᠠ ᠪᠤᠭᠤᠲᠤ ᠣᠷᠳᠣᠰ ᠦ᠋ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠢ ᠨᠢᠭᠡ | ᠴᠣᠭᠴᠠᠵᠢᠭᠤᠯᠤᠭᠰᠠᠨ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠠᠯᠢ ᠣᠯᠠᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠨᠢᠭᠡ ᠠᠵᠢᠯ ᠲᠥᠷᠥᠯ ᠳᠤ ᠨᠢᠭᠡ ᠪᠣᠳᠣᠯᠭ᠎ᠠ | ᠬᠡᠷᠡᠭᠵᠢᠭᠦᠯᠬᠦ︾ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠦᠨ᠂ ︽ᠬᠠᠳᠠᠭᠠᠰᠤ | ᠬᠠᠳᠠᠬᠤ︾ ᠵᠣᠷᠢᠭ ᠰᠠᠨᠠᠭ᠎ᠠ ᠪᠠᠷ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ | ᠠᠳᠬᠤᠵᠤ᠂ 33 ᠭᠤᠣᠯᠳᠠᠯᠭ᠎ᠠ ᠲᠠᠢ ᠲᠥᠷᠥᠯ ᠵᠦᠢᠯ ᠢ 3 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ | ᠪᠦᠬᠦᠨ ᠢ ᠠᠵᠢᠯ ᠢᠶᠠᠨ ᠡᠬᠢᠯᠡᠭᠦᠯᠦᠨ ᠰᠡᠷᠭᠦᠭᠡᠬᠦ ᠶᠢ ᠪᠠᠲᠤᠯᠠᠵᠤ᠂ ᠵᠢᠯ ᠤᠨ ᠳᠣᠲᠣᠷ᠎ᠠ 30 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 14 ᠠᠴᠠ︽ᠳᠣᠯᠣᠭᠠᠨ ᠰᠦᠷᠦᠭ ᠵᠢᠷᠭᠤᠭᠠᠨ ᠬᠡᠯᠬᠢᠶ᠎ᠡ | ︾ ᠶᠢᠨ ᠲᠣᠭᠤᠷᠢᠨ ᠳᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠵᠠᠮ ᠱᠤᠭᠤᠮ ᠤᠨ | ᠵᠢᠷᠤᠭ ᠢ ᠵᠢᠷᠤᠵᠤ᠂ ᠴᠢᠨᠠᠷ ᠰᠠᠶᠢᠲᠠᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠦᠷᠭᠦᠯᠵᠢᠯᠡᠨ ᠠᠬᠢᠭᠤᠯᠵᠤ᠂ | ︽ᠭᠤᠷᠪᠠᠨ ᠲᠥᠷᠥᠯ ᠤᠨ 500 ᠬᠦᠴᠦᠷᠬᠡᠭ︾ ᠠᠵᠤ ᠠᠬᠤᠶᠢᠯᠠᠯ ᠪᠠ ᠨᠠᠷᠢᠨ ᠬᠤᠪᠢᠶᠠᠭᠰᠠᠨ ᠬᠦᠷᠢᠶᠡᠨ ᠤ | ᠲᠣᠯᠣᠭᠠᠶᠢᠯᠠᠭᠴᠢ ᠠᠵᠤ ᠠᠬᠤᠶᠢᠯᠠᠯ ᠢ ᠬᠠᠷᠠᠭᠠᠯᠠᠨ᠂ ︽ᠬᠡᠯᠬᠢᠶ᠎ᠡ ᠶᠢᠨ ᠡᠵᠡᠨ︾ ︽ᠪᠦᠯᠦᠭᠯᠡᠯ ᠤᠨ ᠡᠵᠡᠨ︾ ᠠᠵᠤ | ᠠᠬᠤᠶᠢᠯᠠᠯ᠂ ︽ᠳᠠᠯᠳᠠ ᠮᠠᠩᠯᠠᠢ︾ ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠ ᠰᠢᠨ᠎ᠡ︾ ᠠᠵᠤ | ᠠᠬᠤᠶᠢᠯᠠᠯ ᠢ ᠲᠦᠷᠭᠡᠪᠴᠢᠯᠡᠨ ᠣᠷᠣᠭᠤᠯᠵᠤ᠂ ᠱᠠᠩᠬᠠᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠨᠢᠰᠦᠭᠡ ᠭᠠᠵᠠᠷ ᠵᠡᠷᠭᠡ ᠥᠨᠳᠥᠷ ᠬᠢᠷᠢ ᠲᠦᠪᠰᠢᠨ ᠪᠦᠬᠦᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠠᠴᠢᠶᠠᠯᠠᠪᠤᠷᠢ ᠶᠢᠨ ᠲᠠᠪᠴᠠᠩ ᠢ ᠨᠠᠩ ᠣᠯᠠᠨ ᠪᠠᠶᠢᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠬᠤᠳᠠᠯᠳᠤᠭᠠᠴᠢᠨ | ᠤᠷᠢᠬᠤ ᠲᠠᠨᠢᠯᠴᠠᠭᠤᠯᠭ᠎ᠠ ᠶᠢᠨ ᠬᠤᠷᠠᠯ ᠳᠤ ᠪᠥᠬᠦ ᠲᠠᠯ᠎ᠠ ᠪᠠᠷ ᠣᠷᠣᠯᠴᠠᠵᠤ᠂ ᠪᠥᠬᠦ ᠵᠢᠯ ᠳᠤ ᠭᠡᠷ᠎ᠡ ᠲᠣᠭᠲᠠᠭᠰᠠᠨ | ᠲᠥᠷᠥᠯ ᠵᠦᠢᠯ ᠢ 60᠂ ᠪᠣᠳᠠᠲᠠᠶᠢᠵᠢᠭᠤᠯᠤᠭᠰᠠᠨ ᠲᠥᠷᠥᠯ ᠵᠦᠢᠯ ᠢ 40᠂ ᠬᠡᠯᠡᠯᠴᠡᠭᠡᠷ ᠤᠨ ᠪᠡᠯᠡ | ᠣᠷᠣᠭᠤᠯᠤᠯᠲᠠ ᠶᠢᠨ ᠲᠤᠭ᠎ᠠ ᠶᠢ 300 ᠳ᠋ᠦᠩᠰᠢᠭᠤᠷ ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠪᠣᠳᠠᠲᠠᠢ | ᠪᠡᠯᠡ ᠣᠷᠣᠭᠤᠯᠤᠯᠲᠠ ᠶᠢᠨ ᠲᠤᠭ᠎ᠠ ᠶᠢ 30 ᠳ᠋ᠦᠩᠰᠢᠭᠤᠷ ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ | ᠳᠡᠯᠡᠬᠡᠢ ᠶᠢᠨ ︵ᠳᠤᠮᠳᠠᠳᠤ ᠤᠯᠤᠰ︶ ᠤᠨ 500 ᠬᠦᠴᠦᠷᠬᠡᠭ ᠠᠵᠤ ᠠᠬᠤᠶᠢᠯᠠᠯ ᠢ 2 ᠠᠴᠠ ᠳᠣᠣᠷ᠎ᠠ | ᠪᠠᠶᠢᠯᠭᠠᠬᠤ ᠦᠭᠡᠢ ᠪᠠᠶᠢᠬᠤ ᠪᠠᠷ ᠴᠢᠷᠮᠠᠶᠢᠨ᠎ᠠ᠃︽ᠮᠢᠩᠭᠠᠨ ᠠᠭᠤᠯᠠ ᠲᠦᠮᠡᠨ ᠤᠰᠤᠨ ᠤ ᠴᠢᠯᠠᠭᠤᠨ ᠤ ᠮᠡᠬᠡᠯᠡᠯ ᠤᠨ | ᠪᠠᠶᠢᠳᠠᠯ︾︾ ᠤᠨ ᠠᠵᠢᠯᠯᠠᠭ᠎ᠠ ᠶᠢ ᠰᠠᠶᠢᠲᠤᠷ ᠤᠬᠠᠭᠠᠯᠠᠨ ᠬᠡᠷᠡᠭᠵᠢᠭᠦᠯᠵᠦ᠂ ᠴᠢᠯᠠᠭᠤᠨ ᠤ ᠮᠡᠬᠡᠯᠡᠯ ᠤᠨ ᠲᠣᠭᠤᠷᠢᠭ ᠠᠴᠠ | ᠭᠠᠷᠴᠤ ᠶᠠᠪᠤᠭᠰᠠᠨ ᠡᠯ᠎ᠡ ᠡᠲᠡᠭᠡᠳ ᠤᠨ ᠭᠠᠷᠮᠠᠭᠠᠢ ᠲᠥᠯᠥᠭᠡᠯᠡᠭᠴᠢ ᠪᠣᠯᠣᠨ ᠳᠠᠭᠠᠭᠤᠯᠤᠭᠴᠢ ᠬᠥᠮᠥᠰ ᠢ | ᠴᠤᠭᠯᠠᠷᠠᠭᠤᠯᠵᠤ᠂ ᠨᠤᠲᠤᠭ ᠤᠰᠤ ᠲᠠᠢ ᠪᠠᠨ ᠰᠡᠳᠬᠢᠯᠭᠡ ᠪᠠᠨ ᠬᠤᠯᠪᠣᠵᠤ᠂ ᠬᠥᠭᠵᠢᠯᠲᠡ ᠶᠢ ᠬᠠᠮᠲᠤᠪᠠᠷ | ᠰᠦᠪᠡᠭᠴᠢᠯᠡᠵᠦ᠂ ᠴᠢᠨᠠᠷ ᠰᠠᠶᠢᠲᠠᠢ ᠬᠥᠭᠵᠢᠯᠲᠡ ᠳᠤ ᠨᠥᠭᠡᠴᠡ ᠬᠦᠴᠦᠨ ᠢ ᠬᠤᠷᠠᠮᠳᠤᠭᠤᠯᠵᠤ ᠥᠭᠭᠦᠨ᠎ᠡ᠃ | ︵ᠭᠤᠷᠪᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢᠨ | ᠲᠣᠭᠤᠷᠢᠨ ᠳᠤ᠂ ᠬᠥᠭᠵᠢᠯᠲᠡ ᠶᠢᠨ ᠬᠥᠳᠡᠯᠭᠡᠭᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠬᠦ ᠲᠠᠯ᠎ᠠ ᠪᠠᠷ ᠨᠡᠩ | ᠶᠡᠭᠡ ᠰᠢᠪᠲᠤᠯᠤᠯᠲᠠ ᠭᠠᠷᠭᠠᠨ᠎ᠠ | ᠥᠭᠡᠷᠡᠴᠢᠯᠡᠯᠲᠡ ᠬᠢᠵᠦ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠎ᠠ᠃ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠭᠦᠨᠵᠡᠭᠡᠶᠢᠷᠡᠭᠦᠯᠵᠦ᠂ | ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠤᠨ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠲᠣᠮᠣ ᠤᠯᠤᠰ ᠤᠨ ᠥᠮᠴᠢᠯᠡᠯ ᠤᠨ | ᠬᠥᠷᠥᠩᠭᠡᠥᠨᠳᠥᠷ ᠳᠠᠪᠲᠠᠮᠵᠢ ᠪᠠᠷ᠂ ᠣᠯᠠᠨ ᠬᠦᠷᠢᠶᠡᠨ ᠳᠤ ᠲᠥᠷᠥᠯ ᠵᠦᠢᠯ ᠤᠨ ᠬᠥᠷᠥᠩᠭᠡ ᠲᠠᠨᠢᠯᠴᠠᠭᠤᠯᠬᠤ | ᠬᠤᠷᠠᠯ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠵᠥᠪᠳᠡᠯᠴᠡᠭᠡᠨ ᠤ ᠬᠤᠷᠠᠯ ᠡᠷᠭᠢᠯᠡᠵᠦ᠂ 10 | ᠳ᠋ᠦᠩᠰᠢᠭᠤᠷ ᠲᠥᠭᠦᠷᠢᠭ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠥᠲᠥᠯᠥᠨ ᠵᠢᠯᠤᠭᠤᠳᠬᠤ ᠰᠠᠭᠤᠷᠢ | ᠮᠥᠩᠭᠦ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠶᠡᠷᠦᠩᠬᠡᠢ ᠬᠡᠮᠵᠢᠶ᠎ᠡ ᠶᠢ 60 ᠳ᠋ᠦᠩᠰᠢᠭᠤᠷ ᠲᠥᠭᠦᠷᠢᠭ ᠠᠴᠠ ᠳᠡᠭᠡᠭᠰᠢ ᠶᠢ ᠪᠡᠶᠡᠯᠡᠭᠦᠯᠵᠦ᠂ 1 ︱ 2 ᠰᠢᠨ᠎ᠡ | ᠭᠤᠷᠪᠠᠳᠤᠭᠠᠷ ᠰᠠᠮᠪᠠᠷ᠎ᠠ ᠶᠢᠨ ᠫᠠᠶᠢᠰᠠ ᠡᠯᠭᠦᠭᠰᠡᠨ ᠠᠵᠤ ᠠᠬᠤᠶᠢᠯᠠᠯ ᠢ ᠴᠢᠷᠮᠠᠶᠢᠨ ᠪᠣᠶᠢᠵᠢᠭᠤᠯᠵᠤ᠂ ᠵᠠᠰᠠᠭ ᠤᠨ | ᠣᠷᠳᠣᠨ᠂ ᠠᠵᠤ ᠦᠢᠯᠡᠰ᠂ ᠬᠥᠷᠥᠩᠭᠡ ᠭᠤᠷᠪᠠᠨ ᠲᠠᠯ᠎ᠠ ᠶᠢᠨ ᠬᠠᠷᠢᠯᠴᠠᠨ ᠬᠥᠳᠡᠯᠦᠯᠴᠡᠬᠦ ᠲᠠᠪᠴᠠᠩ ᠢ ᠪᠣᠶ | ᠪᠣᠯᠭᠠᠵᠤ᠂ ᠠᠵᠤ ᠦᠢᠯᠡᠰ ᠤᠨ ᠵᠣᠬᠢᠴᠠᠯᠳᠤᠬᠤ ᠬᠡᠮᠵᠢᠶ᠎ᠡ ᠪᠠᠷ ᠥᠨᠳᠥᠷ᠂ ᠰᠢᠨᠵᠢᠯᠡᠬᠦ ᠤᠬᠠᠭᠠᠨ ᠮᠡᠷᠭᠡᠵᠢᠯ ᠤᠨ | ᠠᠭᠤᠯᠤᠭᠳᠠᠴᠠ ᠪᠠᠷ ᠭᠦᠢᠴᠡᠳ᠂ ᠪᠤᠶᠢᠵᠢᠯᠲᠠ ᠶᠢᠨ ᠳᠠᠯᠳᠠ ᠬᠦᠴᠦᠨ ᠢᠶᠠᠷ ᠶᠡᠭᠡ ᠰᠢᠯᠢᠳᠡᠭ ᠲᠥᠷᠥᠯ ᠵᠦᠢᠯ ᠢ | ᠲᠦᠷᠭᠡᠳᠬᠡᠨ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠦᠢᠯᠡᠴᠢᠯᠡᠭᠡ ᠪᠠᠷ ᠲᠦᠯᠬᠢᠨ ᠠᠬᠢᠭᠤᠯᠤᠨ᠎ᠠ᠃ | ᠥᠮᠴᠢᠯᠡᠯ ᠤᠨ ᠡᠷᠬᠡ ᠶᠢᠨ ᠳᠦᠷᠢᠮ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠮᠠᠯᠵᠢᠬᠤ ᠲᠠᠷᠢᠶᠠᠯᠠᠬᠤ | ᠣᠷᠣᠨ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ | ᠬᠦᠴᠦᠯᠡᠨ ᠭᠦᠨᠵᠡᠭᠡᠶᠢᠷᠡᠭᠦᠯᠵᠦ᠂ ᠨᠢᠭᠡ ᠪᠦᠯᠦᠭ ᠥᠭᠡᠷᠡᠴᠢᠯᠡᠯᠲᠡ ᠶᠢᠨ ᠣᠨᠴᠠᠯᠢᠭ ᠲᠠᠢ ᠬᠢᠯᠠᠰ ᠴᠡᠭ ᠢ ᠪᠣᠶ | ᠪᠣᠯᠭᠠᠵᠤ᠂ ᠥᠭᠡᠷᠡᠴᠢᠯᠡᠯᠲᠡ ᠶᠢᠨ ᠠᠰᠢᠭ ᠢ ᠦᠷᠭᠦᠯᠵᠢᠯᠡᠨ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ᠂ ᠴᠢᠨᠠᠷ | ᠰᠠᠶᠢᠲᠠᠢ ᠠᠮᠢᠳᠤᠷᠠᠯ ᠢ ᠬᠢᠵᠠᠭᠠᠷᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ | ᠥᠭᠡᠷᠡᠴᠢᠯᠡᠯᠲᠡ ᠶᠢ ᠴᠢᠩᠭᠠᠳᠬᠠᠬᠤ ᠳᠤᠮᠳᠠ ᠬᠥᠭᠵᠢᠯᠲᠡ ᠶᠢᠨ ᠬᠦᠴᠦᠨ ᠵᠦᠢᠯ ᠢ ᠬᠤᠷᠠᠮᠳᠤᠭᠤᠯᠤᠨ᠂ | ᠬᠥᠭᠵᠢᠯᠲᠡ ᠶᠢᠨ ᠬᠥᠳᠡᠯᠭᠡᠭᠦ ᠬᠦᠴᠦᠨ ᠢ ᠦᠷᠭᠦᠯᠵᠢᠯᠡᠨ ᠴᠢᠩᠭᠠᠷᠠᠭᠤᠯᠤᠨ᠎ᠠ᠃ | ᠰᠢᠨ᠎ᠡ ᠶᠢ ᠡᠭᠦᠳᠬᠦ ᠪᠠᠷ ᠬᠥᠭᠵᠢᠯᠲᠡ ᠶᠢ ᠠᠬᠢᠭᠤᠯᠬᠤ ᠪᠠᠷ ᠠᠷᠭᠠᠠᠵᠤ ᠠᠬᠤᠶᠢᠯᠠᠯ ᠤᠨ ᠰᠢᠨ᠎ᠡ ᠶᠢ ᠡᠭᠦᠳᠬᠦ | ᠭᠤᠣᠯ ᠴᠣᠭᠴᠠ ᠶᠢᠨ ᠳᠤᠮᠳᠠᠬᠢ ᠭᠤᠣᠯ ᠬᠦᠴᠦᠨ ᠤ ᠦᠢᠯᠡᠳᠦᠯ ᠢ ᠴᠢᠩᠭᠠᠳᠬᠠᠵᠤ᠂ ᠴᠠᠩ ᠴᠧᠩ᠂ ᠬᠤᠸᠠ ᠢᠦᠢ | ᠬᠡᠮᠵᠢᠨ ᠵᠢᠷᠤᠬᠤ ᠵᠡᠷᠭᠡ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠣᠷᠣᠭᠤᠯᠤᠯᠲᠠ ᠪᠠᠨ | ᠨᠡᠮᠡᠭᠳᠡᠭᠦᠯᠬᠦ ᠶᠢ ᠵᠣᠷᠢᠭᠵᠢᠭᠤᠯᠵᠤ᠂ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠲᠦᠷᠦᠭᠦᠯᠡᠨ ᠵᠣᠬᠢᠶᠠᠨ | ᠪᠠᠶᠢᠭᠤᠯᠵᠤ᠂ ᠠᠺᠠᠳᠧᠮᠢᠴᠢ ᠶᠢᠨ ᠠᠵᠢᠯ ᠤᠨ ᠥᠷᠲᠡᠭᠡ᠂ ᠢᠨᠵᠧᠨᠧᠷᠢᠩ ᠤᠨ ᠲᠤᠷᠰᠢᠯᠲᠠ ᠶᠢᠨ ᠲᠠᠰᠤᠭ ᠤᠨ | ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥᠯ ᠵᠦᠢᠯ ᠢ ᠢᠳᠡᠪᠬᠢᠲᠡᠢ ᠪᠠᠷ ᠲᠡᠮᠡᠴᠡᠨ ᠣᠯᠵᠤ᠂ ᠲᠤᠰᠬᠠᠢ ᠠᠰᠢᠭ ᠤᠨ ᠮᠡᠷᠭᠡᠵᠢᠯ ᠤᠨ | ᠰᠤᠳᠤᠯᠤᠨ ᠨᠡᠭᠡᠭᠡᠬᠦ ᠶᠢ ᠴᠢᠩᠭᠠᠷᠠᠭᠤᠯᠤᠨ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠲᠠᠢ ᠰᠢᠨ᠎ᠡ ᠮᠡᠷᠭᠡᠵᠢᠯ ᠪᠠ ᠰᠢᠨ᠎ᠡ ᠦᠢᠯᠡᠳᠬᠦᠨ ᠲᠠᠢ | ᠪᠣᠯᠬᠤ ᠪᠠᠷ ᠴᠢᠷᠮᠠᠶᠢᠨ᠎ᠠ᠃ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠲᠠᠢ ᠨᠢᠭᠲᠠ ᠤᠶᠠᠯᠳᠤᠭᠤᠯᠤᠨ | ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ | ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠵᠡᠷᠭᠡ ᠳᠡᠭᠡᠳᠦ ᠲᠡᠰ ᠤᠨ ᠤᠶᠤᠨ ᠤ ᠬᠥᠮᠥᠷᠭᠡ ᠪᠠ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠵᠤ | ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠢ | ᠠᠭᠤᠰᠤᠯᠴᠠᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠣᠯᠣᠳ ᠲᠡᠮᠦᠷ᠂ ᠬᠡᠦᠷᠡᠰᠦ ᠵᠡᠷᠭᠡ ᠤᠯᠠᠮᠵᠢᠯᠠᠯᠲᠤ ᠠᠵᠤ | ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠬᠤᠪᠢᠷᠠᠭᠤᠯᠬᠤ | ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠠᠵᠤ ᠦᠢᠯᠡᠰ ᠤᠨ ᠲᠡᠰ ᠳᠡᠪᠰᠢᠬᠦ ᠶᠢ ᠲᠠᠶᠢᠴᠢᠯᠠᠨ᠎ᠠ᠃ | ᠣᠷᠴᠢᠨ ᠠᠬᠤᠢ ᠶᠢ ᠰᠠᠶᠢᠵᠢᠷᠠᠭᠤᠯᠤᠨ ᠬᠥᠭᠵᠢᠯᠲᠡ ᠶᠢ ᠠᠬᠢᠭᠤᠯᠤᠨ᠎ᠠ᠃ᠬᠠᠮᠤᠭ ᠤᠨ ᠥᠨᠳᠥᠷ ᠪᠠᠷᠢᠮᠵᠢᠶ᠎ᠠ᠂ | ᠬᠠᠮᠤᠭ ᠤᠨ ᠰᠠᠶᠢᠨ ᠬᠢᠷᠢ ᠬᠡᠮᠵᠢᠶ᠎ᠡ ᠶᠢ ᠦᠷᠭᠦᠯᠵᠢᠯᠡᠨ ᠪᠠᠷᠢᠮᠵᠢᠶᠠᠯᠠᠵᠤ᠂ ᠲᠡᠷᠢᠭᠦᠨ ᠤ ᠵᠠᠰᠠᠭ ᠤᠨ ᠶᠠᠪᠤᠳᠠᠯ ᠤᠨ | ᠣᠷᠴᠢᠨ ᠲᠣᠭᠤᠷᠢᠨ᠂ ᠬᠠᠤᠯᠢ ᠪᠠᠷ ᠵᠠᠰᠠᠬᠤ ᠣᠷᠴᠢᠨ ᠲᠣᠭᠤᠷᠢᠨ᠂ ᠠᠵᠤ ᠦᠢᠯᠡᠰ ᠤᠨ ᠣᠷᠴᠢᠨ ᠲᠣᠭᠤᠷᠢᠨ᠂ | ᠬᠤᠲᠠ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ | ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ | ᠪᠥᠬᠦ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠨᠠᠩ ᠶᠡᠭᠡ ᠳᠡᠭᠡᠭᠰᠢᠯᠡᠯᠲᠡ ᠲᠠᠢ ᠪᠣᠯᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃ᠵᠠᠰᠠᠭ ᠠᠵᠤ ᠠᠬᠤᠶᠢᠯᠠᠯ ᠤᠨ ︽ᠬᠤᠯᠪᠣᠯᠳᠤᠭᠰᠠᠨ ᠬᠥᠭᠦᠷᠭᠡ︾ ᠶᠢᠨ | ᠠᠵᠢᠯᠯᠠᠭ᠎ᠠ ᠶᠢ ᠣᠯᠠᠨ ᠬᠡᠯᠪᠡᠷᠢ ᠪᠠᠷ᠂ ᠪᠠᠶᠢᠩᠭᠤᠵᠢᠭᠤᠯᠤᠨ ᠥᠷᠨᠢᠭᠦᠯᠵᠦ᠂ ᠨᠢᠭᠤᠷᠲᠠᠨ ᠰᠣᠯᠢᠯᠴᠠᠬᠤ ᠲᠠᠪᠴᠠᠩ ᠢ | ᠪᠠᠶᠢᠭᠤᠯᠤᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ | ᠃︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠨᠠᠩ ᠶᠡᠭᠡ ᠡᠷᠴᠢᠮ ᠢᠶᠠᠷ ᠭᠦᠨᠵᠡᠭᠡᠶᠢᠷᠡᠭᠦᠯᠵᠦ᠂ | ︽ᠳᠥᠷᠪᠡ ᠶᠢ ᠡᠷᠭᠢᠯᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠤᠨ᠂ ᠰᠦᠯᠵᠢᠶᠡᠨ ᠳᠡᠭᠡᠷᠡᠬᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠥᠬᠦ ᠠᠮᠢ | ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃︽ | ᠨᠡᠶᠢᠯᠡᠭᠦᠯᠦᠨ ᠬᠢᠨᠠᠨ ᠵᠥᠪᠰᠢᠶᠡᠷᠡᠬᠦ︾ ︽ᠳᠤᠲᠠᠭᠤ ᠶᠢ ᠪᠠᠭᠲᠠᠭᠠᠵᠤ ᠬᠢᠨᠠᠨ ᠵᠥᠪᠰᠢᠶᠡᠷᠡᠬᠦ︾ ᠶᠢ ᠶᠡᠬᠡᠪᠡᠷ | ᠬᠡᠷᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠶᠤᠨ | ᠴᠢᠳᠠᠯ ᠢᠶᠠᠨ ᠲᠥᠪᠯᠡᠷᠡᠭᠦᠯᠦᠨ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠬᠠᠲᠠᠭᠤ ᠣᠷᠴᠢᠨ | ᠲᠣᠭᠤᠷᠢᠨ᠂ ᠵᠥᠭᠡᠯᠡᠨ ᠣᠷᠴᠢᠨ ᠲᠣᠭᠤᠷᠢᠨ ᠢ ᠡᠭᠦᠳᠦᠨ ᠥᠭᠴᠦ᠂ ᠱᠠᠭᠠᠷᠳᠠᠯᠭ᠎ᠠ ᠪᠠᠶᠢᠪᠠᠯ ᠵᠠᠪᠠᠯ ᠭᠦᠢᠴᠡᠳᠬᠡᠵᠦ᠂ | ᠶᠠᠪᠤᠳᠠᠯ ᠦᠭᠡᠢ ᠪᠣᠯ ᠬᠠᠷᠰᠢᠯᠠᠬᠤ ᠦᠭᠡᠢ ᠪᠠᠶᠢᠬᠤ ᠶᠢ ᠪᠡᠶᠡᠯᠡᠭᠦᠯᠦᠨ᠂ ︽ᠦᠨᠡᠨᠴᠢ ᠰᠢᠳᠤᠷᠭᠤ︾ ᠨᠠᠷᠠᠲᠤ ᠲᠥᠷᠥᠯ | ᠲᠡᠮᠳᠡᠭᠲᠦ ᠶᠢᠨ ᠢᠷᠠᠭᠤ ᠠᠯᠳᠠᠷ ᠤᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︵ᠳᠥᠷᠪᠡ︶ ᠣᠷᠣᠨ ᠪᠦᠰᠡ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠶᠢᠨ ᠲᠣᠭᠤᠷᠢᠨ ᠳᠤ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠨᠡᠩ ᠬᠦᠴᠦᠷᠬᠡᠭ ᠳᠠᠪᠠᠭᠤᠯᠢᠭ ᠢ | ᠲᠤᠪᠤᠶᠢᠯᠭᠠᠨ᠎ᠠ | ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠦᠷᠭᠦᠯᠵᠢᠯᠡᠨ ᠰᠠᠶᠢᠲᠤᠷ | ᠬᠢᠨ᠎ᠡ᠃ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ | ᠪᠦᠲᠦᠴᠡ ᠶᠢᠨ ᠴᠢᠨᠠᠷᠲᠠᠢ ᠪᠠᠷ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠷᠴᠢᠮ ᠢᠶᠠᠨ | ᠴᠢᠩᠭᠠᠷᠠᠭᠤᠯᠵᠤ᠂ ᠠᠽᠢᠶ᠎ᠠ ᠶᠢᠨ ᠰᠢᠨ᠎ᠡ ᠽᠧᠯᠡᠨᠳ᠋ ᠤᠨ ᠯᠦᠩ ᠱᠦᠨ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ | ᠠᠵᠤ ᠠᠬᠤᠶᠢᠯᠠᠯ ᠤᠨ ᠬᠡᠳᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠪᠡᠶᠡᠯᠡᠭᠦᠯᠵᠦ᠂ ︽ᠵᠠᠰᠠᠮᠠᠯ ᠵᠠᠮ ᠢ ᠲᠡᠮᠦᠷ ᠵᠠᠮ ᠪᠣᠯᠭᠠᠬᠤ︾ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠲᠦᠯᠬᠢᠨ ᠠᠬᠢᠭᠤᠯᠤᠨ᠎ᠠ᠃ᠪᠠᠷᠢᠯᠭ᠎ᠠ ᠶᠢᠨ ᠭᠠᠵᠠᠷ ᠤᠨ ᠲᠣᠭᠤᠰᠣ ᠳᠡᠭᠳᠡᠬᠦ᠂ ᠢᠳᠡᠭᠡᠨ ᠤᠮᠳᠠᠭᠠᠨ ᠤ | ᠲᠤᠰᠤᠨ ᠤᠳᠤᠭ᠎ᠠ᠂ ᠵᠠᠮ ᠬᠠᠷᠢᠯᠴᠠᠭᠠᠨ ᠤ ᠲᠣᠭᠤᠰᠣ ᠳᠡᠭᠳᠡᠬᠦ ᠶᠢ ᠬᠠᠮᠢᠶᠠᠷᠤᠨ ᠡᠵᠡᠮᠳᠡᠵᠦ ᠵᠠᠰᠠᠬᠤ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠠᠭᠠᠷ ᠤᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠤᠨ᠎ᠠ᠃ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ | ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯ ᠮᠥᠷᠡᠨ | ᠨᠠᠭᠤᠷ ᠴᠥᠭᠦᠷᠥᠮ ᠤᠨ ︽ᠳᠦᠷᠪᠡᠨ ᠳᠤᠷ᠎ᠠ ᠪᠠᠷ ᠢᠶᠠᠨ ᠰᠠᠮᠠᠭᠤᠷᠠᠬᠤ︾ ᠶᠢ ᠪᠠᠶᠢᠩᠭᠤᠵᠢᠭᠤᠯᠬᠤ ᠶᠢ ᠲᠦᠯᠬᠢᠨ | ᠠᠬᠢᠭᠤᠯᠵᠤ᠂ ᠭᠤᠣᠯ ᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠨ ᠲᠡᠰ ᠳᠡᠪᠰᠢᠭᠦᠯᠬᠦ ᠪᠠ | ᠵᠢᠷᠤᠮᠵᠢᠭᠤᠯᠤᠨ ᠬᠠᠮᠢᠶᠠᠷᠬᠤ ᠶᠢ ᠲᠦᠯᠬᠢᠨ ᠠᠬᠢᠭᠤᠯᠵᠤ᠂ ᠪᠣᠬᠢᠷ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠶᠢ ᠠᠬᠢᠭᠤᠯᠤᠨ᠎ᠠ᠃ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ | ᠲᠦᠯᠬᠢᠨ ᠠᠬᠢᠭᠤᠯᠵᠤ᠂ ︽ᠬᠠᠶᠠᠭᠳᠠᠮᠠᠯ ᠪᠣᠳᠠᠰ ᠦᠭᠡᠢ ᠬᠤᠳᠠ︾ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠤᠨ᠎ᠠ᠃ | ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠨ᠎ᠠ᠃ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠨᠣᠯᠵᠢᠬᠤᠨ ᠢ ᠪᠠᠲᠤ | ᠪᠠᠬᠢ ᠪᠣᠶ ᠪᠣᠯᠭᠠᠵᠤ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ | ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ | ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠠᠬᠢᠴᠠ ᠶᠢ ᠲᠦᠷᠭᠡᠳᠬᠡᠵᠦ᠂ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠢ | ᠶᠡᠷᠦᠩᠬᠡᠶᠢᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃︽ᠱᠢ ᠭᠤᠸᠠᠢ ᠲᠣᠭᠤᠷᠢᠭ ᠤᠨ ᠣᠶ | ᠰᠢᠭᠤᠢ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠢᠯ ᠢ ᠭᠦᠨᠵᠡᠭᠡᠢ ᠠᠬᠢᠭᠤᠯᠬᠤ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ︵2021 ︱ 2023︶︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ᠂ ᠣᠶ ᠰᠢᠭᠤᠢ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ | ᠠᠬᠢᠭᠤᠯᠵᠤ᠂ 2 ᠳ᠋ᠦᠩᠰᠢᠭᠤᠷ ᠲᠥᠭᠦᠷᠢᠭ ᠪᠡᠯᠡ ᠣᠷᠣᠭᠤᠯᠤᠨ ᠣᠶ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ | ᠰᠡᠷᠭᠦᠭᠡᠨ ᠪᠣᠶᠢᠵᠢᠭᠤᠯᠬᠤ ᠵᠡᠷᠭᠡ ᠲᠥᠷᠥᠯ ᠵᠦᠢᠯ ᠢ 4.1 ᠲᠦᠮᠡᠨ ᠮᠦ ᠬᠡᠷᠡᠭᠵᠢᠭᠦᠯᠵᠦ᠂ ︽ | ᠨᠡᠭᠦᠷᠡᠰᠦᠲᠥ᠋ᠷᠥᠭᠴᠢ ᠶᠢ ᠬᠤᠷᠠᠭᠤᠯᠬᠤ︾ ᠵᠢᠱᠢᠶ᠎ᠡ ᠦᠵᠡᠭᠦᠯᠬᠦ ᠣᠶ ᠶᠢ 500 ᠮᠦ ᠠᠴᠠ ᠳᠤᠲᠠᠭᠤ ᠦᠭᠡᠢ | ᠪᠠᠶᠢᠭᠤᠯᠵᠤ᠂ ᠶᠠᠰᠤ ᠴᠢᠨᠠᠷ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ᠠᠮᠢ ᠠᠬᠤᠢ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ᠂ ᠤᠷᠳᠤ | ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠪᠠᠶᠢᠭᠠᠯᠢ ᠶᠢᠨ ᠠᠮᠢ | ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠲᠠᠰᠤᠷᠠᠯᠳᠠ ᠦᠭᠡᠢ | ᠳᠡᠭᠡᠭᠰᠢᠯᠡᠭᠦᠯᠦᠨ᠎ᠡ᠃ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ ᠠᠮᠢᠳᠤᠷᠠᠯ ᠤᠨ ᠠᠷᠭ᠎ᠠ | ᠮᠠᠶ᠋ᠢᠭ ᠢ ᠪᠠᠶᠢᠭᠤᠯᠤᠨ᠎ᠠ᠃ᠤᠯᠤᠰ ᠤᠨ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠡᠨᠧᠷᠭᠢ ᠶᠢᠨ | ᠬᠤᠷᠣᠭᠳᠠᠯ ᠤᠨ ᠲᠥᠰᠥᠪ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠤᠴᠤᠷᠤᠩᠭᠤᠢ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠭᠡᠭᠡᠭᠳᠡᠭᠦᠯᠵᠦ᠂ ᠪᠣᠯᠣᠳ ᠲᠡᠮᠦᠷ᠂ ᠲᠡᠮᠦᠷ ᠤᠨ | ᠬᠠᠶᠢᠯᠤᠰᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠪᠣᠬᠢᠷᠳᠤᠯ ᠦᠭᠡᠢ ᠪᠣᠯᠭᠠᠬᠤ ᠥᠭᠡᠷᠡᠴᠢᠯᠡᠯᠲᠡ ᠶᠢ | ᠲᠦᠷᠭᠡᠳᠬᠡᠨ᠂ ᠨᠡᠭᠦᠷᠡᠰᠦᠨ ᠳᠠᠪᠬᠤᠷᠭ᠎ᠠ ᠶᠢᠨ ᠬᠡᠢ᠂ ᠤᠰᠤᠲᠥ᠋ᠷᠥᠭᠴᠢ ᠡᠨᠧᠷᠭᠢ᠂ ᠭᠡᠷᠡᠯ ᠸᠣᠯᠲ ᠵᠡᠷᠭᠡ ᠰᠢᠨ᠎ᠡ | ᠡᠨᠧᠷᠭᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠡᠷᠴᠢᠮ ᠢ ᠴᠢᠩᠭᠠᠷᠠᠭᠤᠯᠵᠤ᠂ ᠡᠨᠧᠷᠭᠢ ᠶᠢᠨ ᠰᠤᠷᠪᠤᠯᠵᠢ ᠶᠢᠨ | ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠲᠦᠯᠬᠢᠨ ᠠᠬᠢᠭᠤᠯᠤᠨ᠎ᠠ᠃ᠠᠵᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠲᠡᠭᠡᠭᠡᠪᠦᠷᠢᠯᠡᠵᠦ ᠬᠠᠳᠠᠭᠠᠯᠠᠬᠤ ᠶᠢ ᠵᠢᠷᠤᠮᠵᠢᠭᠤᠯᠤᠨ ᠬᠠᠮᠢᠶᠠᠷᠬᠤ ᠶᠢ ᠲᠦᠯᠬᠢᠨ | ᠠᠬᠢᠭᠤᠯᠵᠤ᠂ ᠵᠢᠩ ᠽᠢ ᠭᠧᠦ ᠶᠢᠨ ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠶᠢ | ᠲᠦᠷᠭᠡᠪᠴᠢᠯᠡᠨ ᠬᠡᠷᠡᠭᠵᠢᠭᠦᠯᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠦᠯᠡᠳᠡᠭᠳᠡᠯ ᠬᠥᠮᠥᠷᠭᠡ ᠶᠢᠨ | ᠠᠭᠤᠷᠬᠠᠢ ᠶᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠵᠢᠱᠢᠶ᠎ᠡ ᠦᠵᠡᠭᠦᠯᠬᠦ ᠴᠢᠨᠠᠷᠲᠠᠢ ᠰᠠᠭᠤᠷᠢᠨ ᠭᠠᠵᠠᠷ ᠢ ᠪᠤᠢ ᠪᠣᠯᠭᠠᠨ᠎ᠠ᠃ᠺᠠᠩ ᠨᠢᠩ ᠵᠠᠮ᠂ ᠵᠢᠢ ᠰᠢᠶᠠᠨ | ᠵᠠᠮ ᠵᠡᠷᠭᠡ ᠵᠠᠮ ᠢ ᠨᠣᠭᠤᠭᠠᠷᠠᠭᠤᠯᠵᠤ ᠳᠠᠷᠢᠬᠤ ᠪᠠ ᠳᠡᠰ ᠳᠡᠪᠰᠢᠭᠦᠯᠬᠦ ᠢᠨᠵᠧᠨᠧᠷᠢᠩ ᠢ ᠭᠤᠣᠯᠳᠠᠯᠭ᠎ᠠ ᠲᠠᠢ | ᠬᠡᠷᠡᠭᠵᠢᠭᠦᠯᠵᠦ᠂ ᠪᠣᠬᠢᠷᠳᠤᠯ ᠦᠭᠡᠢ ᠪᠠᠷᠢᠯᠭ᠎ᠠ᠂ ᠡᠨᠧᠷᠭᠢ ᠶᠢᠨ ᠬᠤᠷᠣᠭᠳᠠᠯ ᠢᠶᠠᠷ ᠬᠡᠳᠦ ᠪᠠᠭ᠎ᠠ ᠪᠠᠷᠢᠯᠭ᠎ᠠ ᠪᠠ | ᠤᠭᠰᠠᠷᠠᠮᠠᠯ ᠪᠠᠷᠢᠯᠭ᠎ᠠ ᠶᠢ ᠶᠡᠬᠡᠪᠡᠷ ᠬᠥᠭᠵᠢᠭᠦᠯᠵᠦ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠤᠯᠭ᠎ᠠ ᠪᠠ ᠪᠣᠬᠢᠷᠳᠤᠯ | ᠦᠭᠡᠢ ᠬᠦᠷᠢᠶᠡᠯᠡᠩ ᠲᠣᠭᠤᠷᠢᠭ᠂ ᠪᠣᠬᠢᠷᠳᠤᠯ ᠦᠭᠡᠢ ᠠᠵᠤ ᠠᠬᠤᠶᠢᠯᠠᠯ᠂ ᠪᠣᠬᠢᠷᠳᠤᠯ ᠦᠭᠡᠢ ᠨᠡᠶᠢᠭᠡᠮ ᠲᠣᠭᠤᠷᠢᠭ᠂ | ᠪᠣᠬᠢᠷᠳᠤᠯ ᠦᠭᠡᠢ ᠰᠤᠷᠭᠠᠭᠤᠯᠢ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠠᠮᠢᠳᠤᠷᠠᠯ ᠤᠨ | ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠨ᠂ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ | ᠪᠣᠬᠢᠷᠳᠤᠯ ᠦᠭᠡᠢ ᠣᠯᠠᠨ ᠨᠡᠶᠢᠲᠡ ᠶᠢᠨ ᠣᠷᠣᠨ ᠵᠠᠢ ᠶᠢ ᠴᠢᠷᠮᠠᠶᠢᠨ ᠥᠷᠭᠡᠳᠬᠡᠵᠦ᠂ ᠡᠬᠢ ᠪᠠᠶᠠᠯᠢᠭ ᠰᠢᠪᠬᠠᠷᠤᠭᠰᠠᠨ | ᠭᠠᠵᠠᠷ ᠣᠷᠣᠨ ᠤ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ | ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠪᠠᠶᠢᠭᠤᠯᠤᠨ᠎ᠠ᠃ | ︵ᠲᠠᠪᠤ︶ ᠬᠤᠲᠠ ᠶᠢᠨ ᠲᠣᠭᠤᠷᠢᠭ ᠤᠨ ᠶᠠᠰᠤ ᠴᠢᠨᠠᠷ ᠳᠦᠷᠢ ᠲᠥᠷᠬᠦ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ | ᠬᠤᠲᠠ ᠬᠥᠳᠡᠭᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠲᠠᠯ᠎ᠠ ᠪᠠᠷ ᠨᠠᠩ ᠶᠡᠭᠡ ᠵᠢᠳᠬᠦᠯ ᠴᠢᠷᠮᠠᠶᠢᠯᠭ᠎ᠠ | ᠭᠠᠷᠭᠠᠬᠤ ᠶᠢ ᠪᠡᠶᠡᠯᠡᠭᠦᠯᠦᠨ᠎ᠡ | ᠰᠢᠭᠤᠶᠢᠲᠤ ᠳᠤ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠪᠤᠭᠤᠲᠤ ᠬᠤᠳᠠ ᠶᠢᠨ ᠭᠤᠣᠯ ᠬᠤᠳᠠ ᠶᠢᠨ ᠲᠣᠭᠤᠷᠢᠭ ᠲᠤ ᠭᠦᠨᠵᠡᠭᠡᠢ ᠠᠭᠤᠰᠤᠯᠴᠠᠵᠤ᠂ ᠰᠢ ᠬᠦᠢᠳᠤ ᠰᠢᠨ᠎ᠡ | ᠲᠣᠭᠤᠷᠢᠭ ᠤᠨ ᠵᠡᠭᠦᠨ ᠭᠠᠳᠠᠷ ᠲᠣᠭᠤᠷᠢᠯ ᠵᠠᠰᠠᠮᠠᠯ ᠵᠠᠮ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠡᠮᠦᠨ᠎ᠡ | ᠤᠮᠠᠷ᠎ᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠨᠡᠪᠲᠡᠷᠡᠬᠦ ᠵᠠᠮ ᠢ ᠨᠠᠪᠲᠠᠷᠡᠭᠦᠯᠵᠦ᠂ ᠵᠠᠮ ᠤᠨ ᠲᠣᠣᠷ ᠤᠨ ᠪᠦᠲᠦᠭᠡᠨ | ᠪᠠᠶᠢᠭᠤᠯᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ᠬᠤᠲᠠ ᠶᠢ ᠰᠢᠨᠡᠳᠬᠡᠬᠦ ᠠᠵᠢᠯᠯᠠᠭ᠎ᠠ ᠶᠢ | ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ ᠠᠮᠢ ᠠᠬᠤᠢ ᠶᠢ ᠰᠡᠷᠭᠦᠭᠡᠬᠦ ᠪᠠ ᠨᠣᠭᠤᠭᠠᠷᠠᠭᠤᠯᠵᠤ ᠭᠤᠶᠣᠵᠢᠭᠤᠯᠬᠤ | ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠶᠢᠩ ᠪᠢᠨ ᠵᠠᠮ ᠤᠨ ︽ᠤᠭᠤᠲᠠ︾ ᠶᠢᠨ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠪᠠ ᠬᠤᠲᠠ ᠶᠢᠨ ᠲᠣᠭᠤᠷᠢᠭ ᠤᠨ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ | ᠪᠡᠶᠡᠯᠡᠭᠦᠯᠵᠦ᠂ ︽ᠡᠭᠦᠳᠡ ᠪᠠᠨ ᠨᠡᠭᠡᠭᠡᠵᠦ ᠨᠣᠭᠤᠭᠠᠷᠠᠭᠤᠯᠬᠤ᠂ ᠴᠣᠩᠬᠤ ᠪᠠᠷ ᠢᠶᠠᠨ ᠦᠵᠡᠮᠵᠢ ᠦᠵᠡᠭᠦᠯᠬᠦ︾ | ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ᠰᠢᠨ᠎ᠡ ᠲᠣᠭᠤᠷᠢᠭ ᠤᠨ | ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠣᠶᠤᠨᠴᠢᠯᠠᠭᠰᠠᠨ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ | ᠠᠬᠢᠭᠤᠯᠵᠤ᠂ ᠪᠠᠭᠰᠢ ᠶᠢᠨ ᠳᠡᠭᠡᠳᠦ ᠰᠤᠷᠭᠠᠭᠤᠯᠢ ᠶᠢᠨ ᠰᠢ ᠬᠦᠢᠳᠤ ᠰᠤᠷᠭᠠᠭᠤᠯᠢ ᠶᠢᠨ ᠲᠣᠭᠤᠷᠢᠭ ᠪᠠ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠢᠵᠢ ᠪᠦᠷᠢᠳᠦᠭᠦᠯᠬᠦ ᠵᠠᠮ ᠢ ᠡᠬᠢᠯᠡᠨ ᠪᠠᠶᠢᠭᠤᠯᠵᠤ᠂ | ᠨᠡᠶᠢᠲᠡ ᠶᠢᠨ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠦᠷᠳᠡᠭᠡ ᠪᠠ ᠬᠤᠳᠠ ᠶᠢᠨ ᠤᠯᠠᠨ | ᠨᠡᠶᠢᠲᠡ ᠶᠢᠨ ᠲᠡᠷᠭᠡᠨ ᠵᠣᠭᠰᠣᠭᠠᠯ ᠤᠨ ᠲᠡᠰ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ | ︽ᠨᠢᠭᠡ ᠮᠥᠴᠡ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠬᠦᠷᠢᠶ᠎ᠡ︾ ᠶᠢ ᠪᠠᠶᠢᠭᠤᠯᠤᠨ᠎ᠠ᠃ᠬᠤᠲᠠ | ᠬᠥᠳᠡᠭᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠲᠣᠥᠷᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠦᠢᠯᠡᠴᠢᠯᠡᠭᠡᠨ ᠤ ᠬᠢᠷᠢ ᠬᠡᠮᠵᠢᠶ᠎ᠡ ᠶᠢ | ᠨᠠᠷᠢᠯᠢᠭᠵᠢᠭᠤᠯᠵᠤ᠂ ᠬᠤᠲᠠ ᠶᠢ ᠡᠭᠦᠳᠦᠨ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠵᠢᠯ ᠤᠨ ᠦᠷ᠎ᠡ | ᠪᠦᠲᠦᠭᠡᠯ ᠢ ᠪᠠᠬᠢᠵᠢᠭᠦᠯᠵᠦ᠂ ᠬᠤᠲᠠ ᠶᠢᠨ ᠲᠣᠭᠤᠷᠢᠭ ᠢ ᠴᠢᠨᠠᠷ ᠴᠢᠨᠰᠠᠭ᠎ᠠ ᠲᠠᠢ᠂ ᠴᠢᠨᠠᠷ ᠴᠢᠨᠰᠠᠭ᠎ᠠ ᠲᠠᠢ᠂ ᠦᠨ᠎ᠡ | ᠥᠷᠲᠡᠭ ᠲᠠᠢ ᠪᠣᠯᠭᠠᠨ᠎ᠠ᠃ | ᠰᠢᠭᠤᠶᠢᠲᠤ ᠶᠢᠨ ᠡᠷᠲᠡ ᠴᠢᠯᠦᠭᠡᠯᠡᠭᠳᠡᠭᠰᠡᠨ ᠣᠷᠣᠨ ᠢ ᠥᠭᠡᠷᠡᠴᠢᠯᠡᠨ ᠳᠡᠭᠡᠭᠰᠢᠯᠡᠭᠦᠯᠬᠦ ᠶᠢ ᠲᠦᠯᠬᠢᠨ | ᠠᠬᠢᠭᠤᠯᠤᠨ᠎ᠠ᠃ ᠰᠢᠭᠤᠶᠢᠲᠤ ᠡᠷᠲᠡ ᠴᠢᠯᠦᠭᠡᠯᠡᠭᠳᠡᠭᠰᠡᠨ ᠣᠷᠣᠨ ᠤ ᠥᠭᠡᠷᠡᠴᠢᠯᠡᠯᠲᠡ ᠶᠢᠨ ︽ᠬᠢᠴᠢᠶᠡᠯ ᠨᠥᠬᠦᠪᠦᠷᠢᠯᠡᠬᠦ | ︾ ᠠᠵᠢᠯᠯᠠᠭ᠎ᠠ ᠶᠢ ᠥᠷᠨᠢᠭᠦᠯᠵᠦ᠂ ᠲᠥᠯᠥᠪᠵᠢᠭᠦᠯᠦᠨ ᠲᠣᠬᠢᠷᠠᠭᠤᠯᠬᠤ᠂ ᠪᠡᠯᠡᠳᠬᠡᠮᠵᠢ ᠶᠢ ᠰᠡᠯᠪᠢᠨ ᠵᠠᠰᠠᠬᠤ᠂ ᠳᠦᠷᠢ | ᠲᠥᠷᠬᠦ ᠶᠢ ᠱᠤᠭᠤᠬᠤ ᠵᠡᠷᠭᠡ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠬᠦ ᠪᠠᠷ ᠳᠡᠮᠵᠢᠨ᠂ ᠡᠷᠲᠡ | ᠴᠢᠯᠦᠭᠡᠯᠡᠭᠳᠡᠭᠰᠡᠨ ᠣᠷᠣᠨ ᠤ ᠪᠦᠲᠦᠴᠡ ᠶᠢ ᠰᠢᠯᠢᠳᠡᠭᠵᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ | ᠃ᠬᠠᠭᠤᠴᠢᠨ ᠪᠠ ᠬᠠᠭᠤᠴᠢᠷᠠᠭᠰᠠᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠰᠢᠨᠵᠢᠯᠡᠬᠦ ᠤᠬᠠᠭᠠᠨᠴᠢ ᠪᠥᠭᠡᠳ | ᠵᠦᠢ ᠵᠣᠬᠢᠰᠲᠠᠢ᠂ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠬᠠᠭᠤᠴᠢᠨ ᠪᠠ ᠬᠠᠭᠤᠴᠢᠨ ᠲᠣᠭᠤᠷᠢᠭ ᠤᠨ | ᠤᠰᠤ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠦᠨ᠂ ᠭᠠᠳᠠᠷ | ᠬᠡᠷᠡᠮ ᠤᠨ ᠳᠤᠯᠠᠭᠠᠨ ᠢ ᠬᠠᠮᠠᠭᠠᠯᠠᠬᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠵᠡᠷᠭᠡ ᠠᠭᠤᠯᠭ᠎ᠠ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠣᠷᠮ᠎ᠠ ᠶᠢ | ᠳᠡᠭᠡᠭᠰᠢᠯᠡᠭᠦᠯᠦᠨ᠂ ᠰᠠᠭᠤᠷᠢ ᠲᠥᠷᠥᠯ ᠢ ᠪᠠᠲᠤᠯᠠᠭ᠎ᠠ ᠲᠠᠢ ᠪᠠᠶᠢᠯᠭᠠᠬᠤ᠂ ᠲᠥᠷᠥᠯ ᠵᠦᠢᠯ ᠢ ᠨᠡᠮᠡᠭᠳᠡᠭᠦᠯᠬᠦ ᠴᠢᠳᠠᠮᠵᠢ ᠶᠢ | ᠲᠡᠭᠦᠯᠳᠡᠷᠵᠢᠭᠦᠯᠬᠦ᠂ ᠳᠡᠭᠡᠭᠰᠢᠯᠡᠭᠦᠯᠬᠦ ᠲᠥᠷᠥᠯ ᠢ ᠨᠠᠩ ᠣᠷᠣᠰᠢᠨ ᠰᠠᠭᠤᠬᠤ ᠳᠤ ᠲᠣᠬᠢᠷᠠᠮᠵᠢᠲᠠᠢ ᠪᠣᠯᠭᠠᠬᠤ ᠶᠢ | ᠪᠡᠶᠡᠯᠡᠭᠦᠯᠦᠨ᠎ᠡ᠃ᠲᠥᠪᠯᠡᠷᠡᠭᠦᠯᠦᠨ ᠳᠡᠭᠡᠭᠰᠢᠯᠡᠭᠦᠯᠬᠦ᠂ ᠬᠤᠲᠠ ᠪᠠᠯᠭᠠᠰᠤ ᠳᠤ ᠠᠭᠤᠰᠤᠯᠴᠠᠭᠤᠯᠬᠤ᠂ ᠣᠨᠴᠠᠯᠢᠭᠲᠤ | ᠬᠠᠮᠠᠭᠠᠯᠠᠯᠲᠠ ᠶᠢᠨ ᠰᠡᠳᠬᠢᠴᠡ ᠶᠣᠰᠣᠭᠠᠷ᠂ ᠡᠷᠲᠡ ᠴᠢᠯᠦᠭᠡᠯᠡᠭᠳᠡᠭᠰᠡᠨ ᠣᠷᠣᠨ ᠤ ᠡᠯ᠎ᠡ ᠲᠥᠷᠥᠯ ᠤᠨ ᠡᠬᠢ | ᠪᠠᠶᠠᠯᠢᠭ ᠤᠨ ᠬᠦᠴᠦᠨ ᠵᠦᠢᠯ ᠢ ᠪᠦᠲᠦᠮᠵᠢᠲᠡᠶ ᠠᠮᠢᠳᠤᠯᠢᠭ ᠪᠣᠯᠭᠠᠵᠤ᠂ ᠳ᠋ᠠ ᠹᠠ ᠬᠠᠭᠤᠴᠢᠨ ᠵᠡᠭᠡᠯᠢ ᠵᠡᠷᠭᠡ ᠲᠡᠦᠬᠡ | ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠨ ᠰᠡᠷᠭᠦᠭᠡᠬᠦ ᠪᠠ ᠠᠰᠢᠭᠯᠠᠬᠤ ᠶᠢ ᠴᠢᠩᠭᠠᠳᠬᠠᠨ᠂ ᠨᠢᠭᠡ ᠪᠦᠯᠦᠭ | ᠰᠣᠶᠣᠯ ᠤᠨ ᠵᠢᠭᠤᠯᠴᠢᠯᠠᠯ᠂ ᠣᠨᠴᠠᠯᠢᠭᠲᠤ ᠢᠳᠡᠭᠡᠨ ᠤᠮᠳᠠᠭᠠᠨ ᠵᠡᠷᠭᠡ ᠲᠥᠷᠥᠯ ᠵᠦᠢᠯ ᠤᠨ ᠣᠷᠣᠵᠤ ᠰᠠᠭᠤᠬᠤ ᠶᠢ | ᠠᠬᠢᠭᠤᠯᠵᠤ᠂ ᠱᠢ ᠭᠤᠤ ᠶᠢᠨ ᠡᠷᠲᠡ ᠴᠢᠯᠦᠭᠡᠯᠡᠭᠳᠡᠭᠰᠡᠨ ᠣᠷᠣᠨ ᠬᠢᠭᠡᠳ ᠰᠢ ᠬᠦᠶ ᠳᠤ ᠰᠢᠨ᠎ᠡ ᠲᠣᠭᠤᠷᠢᠭ ᠤᠨ | ᠴᠢᠳᠠᠮᠵᠢ ᠶᠢᠨ ᠬᠠᠷᠢᠯᠴᠠᠨ ᠨᠥᠬᠦᠪᠦᠷᠢᠯᠡᠬᠦ᠂ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠬᠥᠳᠡᠭᠡ | ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ | ᠵᠠᠰᠠᠯᠲᠠ ᠶᠢᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠣᠷᠣᠨ ᠢ ᠴᠢᠨᠠᠷ ᠰᠠᠶᠢᠲᠠᠢ ᠴᠣᠭᠴᠠᠯᠠᠨ ᠪᠠᠶᠢᠭᠤᠯᠵᠤ | ᠂ ᠪᠤᠭᠤᠲᠤ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ 2 ᠲᠣᠰᠬᠤᠨ᠂ | ᠪᠥᠬᠦ ᠤᠯᠤᠰ ᠤᠨ ᠭᠤᠣᠯᠳᠠᠯᠭ᠎ᠠ ᠲᠠᠢ ᠵᠢᠭᠤᠯᠴᠢᠯᠠᠯ ᠤᠨ 1 ᠲᠣᠰᠬᠤᠨ ᠢ ᠴᠢᠷᠮᠠᠶᠢᠨ ᠪᠠᠶᠢᠭᠤᠯᠤᠨ᠎ᠠ᠃ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠬᠢᠨᠠᠨ ᠬᠡᠮᠵᠢᠵᠦ ᠬᠠᠪᠰᠤᠷᠤᠨ ᠲᠡᠳᠬᠦᠬᠦ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠢ ᠪᠤᠵᠠᠭᠠᠶᠢᠷᠠᠭᠤᠯᠤᠨ᠂ | ᠠᠵᠤ ᠠᠬᠤᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠭᠠᠴᠠᠭ᠎ᠠ ᠲᠣᠰᠬᠤᠨ ᠨᠢᠭᠡᠪᠦᠷᠢ ᠶᠢᠨ | ᠬᠠᠮᠲᠤ ᠶᠢᠨ ᠠᠵᠤ ᠠᠬᠤᠢ ᠶᠢᠨ ᠵᠢᠯ ᠤᠨ ᠣᠷᠣᠯᠭ᠎ᠠ ᠶᠢ 50 ᠲᠦᠮᠡᠨ ᠲᠥᠭᠦᠷᠢᠭ ᠠᠴᠠ ᠳᠣᠣᠷ᠎ᠠ ᠪᠠᠶᠢᠯᠭᠠᠬᠤ | ᠦᠭᠡᠢᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠲᠠᠪᠤᠨ ᠵᠢᠯ ᠤᠨ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠣᠷᠯᠣᠩ ᠤᠨ ᠬᠤᠪᠢᠰᠬᠠᠯ | ᠂ ᠪᠣᠬᠢᠷ ᠤᠰᠤ ᠶᠢ ᠰᠢᠢᠳᠪᠦᠷᠢᠯᠡᠬᠦ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ᠂ ᠲᠣᠰᠬᠤᠨ ᠤ | ᠳᠦᠷᠰᠦ ᠪᠠᠶᠢᠳᠠᠯ ᠢ ᠳᠡᠭᠡᠭᠰᠢᠯᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠠᠬᠢᠭᠤᠯᠤᠨ᠎ᠠ᠃︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ ᠢ ᠠᠶᠢᠯ ᠲᠣᠰᠬᠤᠨ ᠳᠠᠰᠢ | ᠤᠷᠲᠤᠳᠬᠠᠬᠤ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠡᠬᠢ ᠪᠠᠶᠠᠯᠢᠭ ᠤᠨ ᠵᠠᠮ᠂ ᠠᠵᠤ ᠦᠢᠯᠡᠰ ᠤᠨ | ᠵᠠᠮ᠂ ᠵᠢᠭᠤᠯᠴᠢᠯᠠᠯ ᠤᠨ ᠵᠠᠮ ᠪᠠ ᠲᠣᠰᠬᠤᠨ ᠤ ᠳᠣᠲᠣᠷᠠᠬᠢ ᠭᠤᠣᠯ ᠵᠠᠮ ᠢ ᠰᠠᠭᠠᠳ ᠦᠭᠡᠢ ᠨᠠᠪᠲᠠᠷᠡᠭᠦᠯᠵᠦ᠂ | ᠬᠥᠳᠡᠭᠡ ᠲᠣᠰᠬᠤᠨ ᠤ ᠨᠢᠭᠡ ᠪᠦᠯᠦᠭ ᠰᠣᠳᠣᠨ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ ᠭᠠᠷᠭᠠᠵᠤ᠂ ︽ᠨᠢᠭᠡ | ᠡᠷᠦᠬᠡ ᠨᠢᠭᠡ ᠭᠠᠵᠠᠷ ᠤᠨ ᠦᠵᠡᠮᠵᠢ᠂ ᠨᠢᠭᠡ ᠲᠣᠰᠬᠤᠨ ᠨᠢᠭᠡ ᠵᠢᠷᠤᠭ᠂ ᠨᠢᠭᠡ ᠱᠤᠭᠤᠮ ᠨᠢᠭᠡ ᠥᠩᠭᠡ | ᠦᠵᠡᠮᠵᠢ ᠲᠠᠢ︾ ᠬᠥᠳᠡᠭᠡ ᠲᠣᠰᠬᠤᠨ ᠤ ᠰᠢᠨ᠎ᠡ ᠳᠦᠷᠢ ᠲᠥᠷᠬᠦ ᠶᠢ ᠬᠦᠴᠦᠯᠡᠨ ᠪᠣᠶ ᠪᠣᠯᠭᠠᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠬᠤ ᠲᠠᠢ ᠤᠶᠠᠯᠳᠤᠭᠤᠯᠤᠨ᠂ | ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠨᠡᠩ ᠥᠨᠳᠥᠷ ᠲᠦᠪᠰᠢᠨ ᠳᠤ | ᠬᠦᠷᠭᠡᠨ᠎ᠡ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ᠠᠵᠢᠯ ᠣᠯᠭᠤᠯᠲᠠ ᠶᠢᠨ | ᠨᠠᠩ ᠢᠳᠡᠪᠬᠢᠲᠡᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠠᠵᠤ ᠠᠬᠤᠶᠢᠯᠠᠯ ᠤᠨ | ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢᠨ | ᠪᠣᠯᠪᠠᠰᠤᠷᠠᠭᠤᠯᠤᠯ ᠥᠷᠨᠢᠭᠦᠯᠬᠦ ᠵᠡᠷᠭᠡ ᠠᠵᠢᠯ ᠢ ᠲᠦᠯᠬᠢᠨ ᠠᠬᠢᠭᠤᠯᠬᠤ ᠶᠢ ᠴᠢᠩᠭ᠎ᠠ ᠠᠩᠬᠠᠷᠴᠤ᠂ ᠳᠡᠭᠡᠳᠦ | ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ | ᠭᠤᠣᠯᠳᠠᠯᠭ᠎ᠠ ᠲᠠᠢ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠦᠨ᠂ ᠠᠵᠢᠯ ᠣᠯᠭᠤᠯᠲᠠ ᠶᠢ ᠥᠷᠭᠡᠳᠬᠡᠬᠦ ᠪᠠ | ᠠᠷᠠᠳ ᠤᠨ ᠠᠮᠢᠳᠤᠷᠠᠯ ᠢ ᠪᠠᠲᠤᠯᠠᠬᠤ ᠶᠢ ᠵᠡᠷᠭᠡ ᠪᠠᠷ ᠴᠢᠬᠤᠯᠠᠴᠢᠯᠠᠵᠤ᠂ ᠲᠣᠮᠣ ᠬᠡᠯᠪᠡᠷᠢ ᠶᠢᠨ ᠭᠤᠣᠯ ᠰᠡᠳᠦᠪᠲᠦ | ᠤᠷᠢᠬᠤ ᠠᠵᠢᠯᠯᠠᠭ᠎ᠠ ᠡᠷᠭᠢᠯᠡᠨ᠂ ︽ᠨᠢᠭᠡ ᠴᠦ ᠠᠵᠢᠯ ᠣᠯᠣᠭᠰᠠᠨ ᠦᠭᠡᠢ ᠭᠡᠷ ᠪᠦᠯᠢ︾ ᠶᠢ ᠬᠥᠳᠡᠯᠦᠩᠭᠦᠢ ᠪᠠᠷ | ᠴᠡᠪᠡᠷᠯᠡᠬᠦ ᠶᠢ ᠦᠨᠡᠨ ᠬᠦ ᠪᠠᠲᠤᠯᠠᠵᠤ᠂ ᠬᠤᠲᠠ ᠪᠠᠯᠭᠠᠰᠤᠨ ᠳᠤ 300 ᠭᠠᠷᠤᠢ ᠬᠥᠮᠥᠨ ᠳᠤ ᠰᠢᠨ᠎ᠡ ᠪᠠᠷ ᠠᠵᠢᠯ | ᠣᠯᠭᠤᠨ᠎ᠠ᠃ᠪᠦᠬᠦ ᠠᠷᠠᠳ ᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠯ᠎ᠡ ᠲᠦᠷᠦᠯ ᠤᠨ ᠨᠡᠶᠢᠭᠡᠮ ᠤᠨ ᠳᠠᠭᠠᠳᠬᠠᠯ ᠤᠨ ᠬᠠᠮᠤᠷᠬᠤ | ᠬᠡᠪᠴᠢᠶ᠎ᠡ ᠶᠢ ᠪᠠᠬᠢᠵᠢᠭᠦᠯᠵᠦ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠬᠤ ᠶᠢ ᠪᠦᠬᠦᠣᠷᠣᠯᠭᠠ ᠪᠠᠭᠠᠲᠠᠢ | ᠬᠠᠮᠲᠤᠯᠢᠭ ᠤᠨ ︽ᠬᠠᠶᠢᠷ᠎ᠠ ᠬᠠᠯᠠᠮᠵᠢ ᠶᠢ ᠬᠠᠪᠰᠤᠷᠤᠨ ᠲᠡᠳᠬᠦᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠨᠡᠶᠢᠭᠡᠮ ᠤᠨ ᠠᠪᠤᠷᠠᠨ ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠨᠠᠭᠠᠲᠤ ᠵᠠᠬ᠎ᠠ ᠶᠢᠨ ᠪᠠᠲᠤᠯᠠᠭ᠎ᠠ | ᠬᠦᠷᠲᠡᠭᠰᠡᠳ᠂ ᠣᠨᠴᠠ ᠬᠦᠴᠢᠷᠳᠡᠯ ᠲᠠᠢ ᠠᠰᠠᠷᠠᠨ ᠲᠡᠵᠢᠭᠡᠭᠳᠡᠭᠰᠡᠳ᠂ ᠠᠰᠠᠷᠠᠨ ᠬᠠᠷᠠᠭᠠᠯᠵᠠᠬᠤ ᠡᠲᠡᠭᠡᠳ ᠢ | ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠵᠤ᠂ ᠬᠤᠳᠠ ᠶᠢᠨ ᠬᠦᠴᠢᠷᠳᠡᠯ ᠲᠠᠢ ᠤᠯᠠᠨ | ᠲᠦᠮᠡᠨ ᠤ ᠦᠨᠳᠦᠰᠦᠨ ᠠᠮᠢᠳᠤᠷᠠᠯ ᠤᠨ ᠠᠰᠠᠭᠤᠳᠠᠯ ᠢ ᠱᠠᠲᠤ ᠬᠤᠪᠢᠶᠠᠨ ᠲᠦᠷᠦᠯ ᠬᠤᠪᠢᠶᠠᠨ ᠰᠠᠶᠢᠲᠤᠷ | ᠰᠢᠢᠳᠪᠦᠷᠢᠯᠡᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠨᠡᠶᠢᠭᠡᠮ ᠤᠨ | ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ᠨᠡᠶᠢᠭᠡᠮ ᠤᠨ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠲᠦᠯᠬᠢᠨᠤᠯᠠᠨ ᠲᠦᠮᠡᠨ ᠤ ᠲᠤᠰᠬᠠᠭᠰᠠᠨ | ᠪᠠᠴᠢᠮ ᠪᠡᠷᠬᠡ ᠵᠣᠪᠠᠨᠢᠯ ᠬᠦᠰᠡᠯ ᠤᠨ ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠠᠷᠠᠳ ᠤᠨ | ᠠᠮᠢᠳᠤᠷᠠᠯ ᠤᠨ ᠡᠯ᠎ᠡ ᠲᠦᠷᠦᠯ ᠤᠨ ᠰᠠᠶᠢᠨ ᠶᠠᠪᠤᠳᠠᠯ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ 80% ᠠᠴᠠ ᠳᠡᠭᠡᠭᠰᠢᠬᠢ ᠶᠢ ᠡᠵᠡᠯᠡᠬᠦ ᠶᠠᠪᠤᠳᠠᠯ ᠢ ᠪᠠᠲᠤᠯᠠᠨ᠎ᠠ᠃ | ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠵᠦ᠂ ︽ᠬᠤᠶᠠᠷ ᠢ ᠪᠠᠭᠠᠰᠬᠠᠬᠤ︾ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠰᠢ | ᠬᠦᠶ ᠳᠤ ᠰᠤᠷᠭᠠᠭᠤᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ | ᠥᠪᠥᠷ ᠮᠣᠩᠭᠤᠯ ᠤᠨ ᠲᠡᠮᠦᠷ ᠵᠠᠮ ᠤᠨ ᠠᠵᠢᠯ ᠮᠡᠷᠭᠡᠵᠢᠯ ᠤᠨ ᠰᠤᠷᠭᠠᠭᠤᠯᠢ ᠶᠢ ᠢᠳᠡᠪᠬᠢᠲᠡᠢ ᠪᠠᠷ ᠣᠷᠣᠭᠤᠯᠤᠨ | ᠠᠪᠴᠢᠷᠠᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠪᠯᠡᠷᠡᠭᠰᠡᠨ ᠣᠷᠣᠨ ᠢ ᠪᠠᠶᠢᠭᠤᠯᠤᠨ᠎ᠠ᠃ | ᠡᠷᠡᠭᠦᠯ ᠮᠡᠨᠳᠦ ᠶᠢᠨ ᠴᠢᠯᠠᠭᠤᠲᠤ ᠶᠢ ᠮᠡᠬᠡᠯᠡᠨ ᠬᠤᠳᠠᠯᠳᠤᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ | ᠪᠥᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ᠡᠮᠴᠢᠯᠡᠭᠡᠨ ᠤ ᠶᠠᠰᠤ ᠴᠢᠨᠠᠷ ᠢ | ᠭᠤᠷᠪᠠᠨ ᠵᠢᠯ ᠳᠡᠭᠡᠭᠰᠢᠯᠡᠭᠦᠯᠬᠦ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠱᠢ ᠭᠤᠸᠠᠢ ᠲᠣᠭᠤᠷᠢᠭ ᠤᠨ | ᠡᠮᠨᠡᠯᠭᠡ ᠶᠢᠨ ᠬᠤᠷᠢᠶ᠎ᠠ ᠶᠢ ᠵᠣᠯᠭᠠᠭᠤᠯᠵᠤ ᠲᠡᠷᠢᠭᠦᠨ ᠤ ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ ᠠᠪᠴᠢᠷᠠᠬᠤ ᠶᠢ | ᠠᠬᠢᠭᠤᠯᠤᠨ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠳᠤ | ᠣᠶᠢᠷ᠎ᠠ ᠬᠠᠪᠢ ᠳᠠᠭᠠᠨ ᠡᠷᠬᠡ ᠲᠡᠭᠰᠢ᠂ ᠰᠢᠰᠲ᠋ᠧᠮ ᠲᠠᠢ ᠦᠷᠭᠦᠯᠵᠢᠯᠡᠭᠰᠡᠨ ᠡᠷᠡᠭᠦᠯ ᠮᠡᠨᠳᠦ ᠶᠢᠨ ᠦᠢᠯᠡᠴᠢᠯᠡᠭᠡ ᠶᠢ | ᠬᠦᠷᠲᠡᠭᠡᠨ᠎ᠡ᠃ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠡᠮᠴᠢᠯᠡᠭᠡ ᠰᠤᠪᠢᠯᠠᠯᠲᠠ ᠡᠷᠡᠭᠦᠯᠵᠢᠯ | ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠪᠥᠬᠦ ᠲᠠᠯ᠎ᠠ ᠪᠠᠷ ᠲᠦᠯᠬᠢᠨ | ᠠᠬᠢᠭᠤᠯᠵᠤ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ︽ᠨᠢᠭᠡ ᠨᠠᠰᠤᠲᠠᠨ ᠨᠢᠭᠡ ᠪᠠᠭ᠎ᠠ︾ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ | ᠂ ᠰᠠᠭᠤᠭᠠᠯᠢ ᠠᠷᠠᠳ ᠤᠨ ᠠᠮᠢᠳᠤᠷᠠᠯ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠎ᠡ᠃ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠦᠬᠦᠬᠢᠵᠢᠭ ᠤᠨ ᠪᠠᠶᠢᠳᠠᠯ ᠢ ᠭᠠᠳᠠᠨ᠎ᠠ ᠠᠴᠠ | ᠰᠡᠷᠭᠡᠶᠢᠯᠡᠨ ᠣᠷᠣᠭᠤᠯᠬᠤ ᠶᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠢ ᠬᠠᠷᠢᠯᠴᠠᠨ ᠵᠣᠯᠭᠠᠯᠳᠤᠭᠤᠯᠬᠤ ᠬᠥᠳᠡᠯᠦᠩᠭᠦᠢ | ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠠᠵᠠᠷ ᠣᠷᠣᠨ ᠤ ᠠᠷᠠᠳ ᠤᠯᠠᠨ ᠤ ᠠᠮᠢ | ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃︽ᠢᠯᠡ ᠲᠣᠳᠣ ᠵᠠᠬᠢᠳᠠᠯ | ᠰᠣᠷᠪᠤᠯᠵᠢᠯᠠᠭ᠎ᠠ᠂ ᠬᠠᠷᠢᠭᠤᠴᠠᠯᠭᠠᠲᠤ ᠵᠠᠬᠢᠳᠠᠯ ᠰᠣᠷᠪᠤᠯᠵᠢᠯᠠᠭ᠎ᠠ᠂ ᠬᠠᠤᠯᠢ ᠪᠠᠷ ᠵᠠᠰᠠᠬᠤ ᠵᠠᠬᠢᠳᠠᠯ ᠰᠣᠷᠪᠤᠯᠵᠢᠯᠠᠭ᠎ᠠ︾ ᠶᠢ | ᠭᠦᠨᠵᠡᠭᠡᠢ ᠲᠦᠯᠬᠢᠨ ᠠᠬᠢᠭᠤᠯᠵᠤ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ | ᠠᠵᠢᠯ ᠢ ᠴᠢᠩᠭᠠᠳᠬᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠣᠷᠣᠨ ᠢ | ᠢᠳᠡᠪᠬᠢᠲᠡᠢ ᠪᠠᠷ ᠴᠢᠷᠮᠠᠶᠢᠨ ᠪᠠᠶᠢᠭᠤᠯᠤᠨ᠎ᠠ᠃︽ᠨᠡᠷᠡᠨ ᠬᠡᠷᠡᠯᠳᠦ ᠢᠳᠡᠭᠡᠨ ᠤ ᠠᠮᠤᠷ ᠲᠦᠪᠰᠢᠨ + ᠰᠦᠯᠵᠢᠶᠡᠨ ᠤ | ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠯᠲᠡ ᠳᠡᠯᠭᠡᠷᠡᠭᠦᠯᠦᠯᠲᠡ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ᠃ᠤᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠵᠤ᠂ ᠣᠷᠣᠨ ᠪᠦᠰᠡ ᠶᠢᠨ ᠴᠢᠨᠠᠷᠲᠠᠢ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠡᠷᠡᠰ ᠪᠠᠲᠤ ᠰᠠᠬᠢᠨ᠎ᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠣᠯᠠᠨ ᠠᠨᠠᠷ ᠤᠨ ᠦᠷ᠎ᠡ ᠶᠢᠨ ᠭᠡᠷ ᠣᠷᠣᠨ ᠢ ᠴᠣᠭᠴᠠᠯᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠡᠭᠦᠳᠦᠨ ᠪᠠᠶᠢᠭᠤᠯᠤᠨ᠎ᠠ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠ ᠪᠦᠬᠦ ᠠᠷᠠᠳ ᠢᠶᠠᠷ ᠢᠶᠠᠨ ᠴᠠᠬᠢᠯᠭᠠᠨ ᠬᠤᠯᠪᠣᠭ᠎ᠠ | ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠣᠰᠤᠭ᠎ᠠ ᠴᠣᠭᠴᠠᠲᠤ ᠮᠡᠳᠡᠭᠡ | ᠵᠠᠩᠭᠢᠵᠢᠯᠲᠠ ᠶᠢᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠥᠮ ᠤᠨ ᠪᠠᠶᠢᠭᠤᠯᠤᠯᠲᠠ ᠶᠢ | ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ | ᠦᠷᠭᠦᠯᠵᠢᠯᠡᠨ ᠬᠦᠴᠦᠲᠡᠢ ᠠᠬᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ | ᠨᠡᠩ ᠥᠨᠳᠥᠷ ᠲᠦᠪᠰᠢᠨ ᠲᠠᠢ ᠠᠮᠤᠷ ᠲᠦᠪᠰᠢᠨ ᠴᠢᠯᠠᠭᠤᠨ ᠲᠠᠶᠠᠭ ᠢ ᠪᠠᠶᠢᠭᠤᠯᠤᠨ᠎ᠠ᠃ | ︵ᠳᠣᠯᠤᠭ᠎ᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠢ ᠤᠶᠠᠯᠳᠤᠭᠤᠯᠤᠨ᠂ | ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠬᠤ ᠲᠠᠯ᠎ᠠ ᠪᠠᠷ ᠨᠠᠩ ᠶᠡᠭᠡ | ᠡᠭᠦᠷᠭᠡᠯᠡᠯ ᠢ ᠢᠯᠡᠷᠡᠭᠦᠯᠦᠨ᠎ᠡ | ᠦᠨᠡᠨᠴᠢ ᠰᠢᠳᠤᠷᠭᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠦᠨᠡᠨᠬᠦ ᠬᠡᠷᠡᠭᠯᠡᠵᠦ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ᠭᠤᠣᠯ ᠰᠡᠳᠦᠪᠲᠦ ᠬᠥᠮᠦᠵᠢᠯ ᠪᠣᠯᠣᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾︾ ᠶᠢ ᠪᠡᠶᠡᠯᠡᠭᠦᠯᠬᠦ ᠬᠡᠷᠡᠭᠲᠡᠢ᠃ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠢᠭᠡᠳᠦᠯᠲᠡᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ | ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠵᠢᠴᠢ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ | ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠣᠯᠠᠨ ᠲᠦᠮᠡᠨ ᠤ ᠠᠰᠢᠭ ᠲᠤᠰᠠ ᠶᠢ ᠪᠠᠲᠤᠯᠠᠬᠤ | ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠬᠤ ᠪᠠᠷ ᠪᠠᠷᠢᠮᠵᠢᠶ᠎ᠠ ᠪᠣᠯᠭᠠᠵᠤ᠂ ᠠᠵᠢᠯ | ᠦᠢᠯᠡᠰ ᠲᠡᠭᠡᠨ ᠬᠠᠷᠢᠭᠤᠴᠠᠬᠤ᠂ ᠠᠷᠠᠳ ᠲᠦᠮᠡᠨ ᠳᠤ ᠬᠠᠷᠢᠭᠤᠴᠠᠬᠤ᠂ ᠲᠡᠦᠬᠡ ᠳᠤ ᠬᠠᠷᠢᠭᠤᠴᠠᠬᠤ ᠶᠢ ᠦᠨᠡᠨᠬᠦ | ᠪᠡᠶᠡᠯᠡᠭᠦᠯᠦᠨ᠎ᠡ᠃ | ᠰᠤᠷᠤᠯᠴᠠᠬᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠳᠠᠪᠤᠷᠢ ᠶᠢᠨ ᠬᠢᠷᠢ | ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠵᠦ᠂ ᠶᠠᠭᠤ ᠬᠢᠪᠡᠯ ᠲᠡᠭᠦᠨ ᠢ ᠰᠤᠷᠬᠤ᠂ ᠶᠠᠭᠤ ᠳᠤᠲᠠᠭᠳᠠᠪᠠᠯ ᠲᠡᠭᠦᠨ ᠢ | ᠨᠥᠬᠦᠪᠦᠷᠢᠯᠡᠬᠦ ᠶᠢ ᠪᠠᠷᠢᠮᠲᠠᠯᠠᠵᠤ᠂ ᠠᠮᠢ ᠠᠬᠤᠢ᠂ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠵᠡᠷᠭᠡ ᠡᠯ᠎ᠡ | ᠲᠠᠯ᠎ᠠ ᠶᠢᠨ ᠮᠡᠳᠡᠯᠭᠡ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ | ᠴᠢᠯᠦᠭᠡᠯᠡᠨ᠂ ᠦᠵᠡᠯᠲᠡ ᠪᠠᠨ ᠤᠯᠠᠮ ᠨᠢᠭᠡ ᠠᠯᠬᠤᠮ ᠰᠢᠨᠡᠳᠬᠡᠵᠦ᠂ ᠬᠠᠷᠠᠭ᠎ᠠ ᠪᠠᠨ ᠥᠷᠭᠡᠳᠬᠡᠵᠦ᠂ ᠠᠬᠤᠢ | ᠪᠠᠶᠢᠳᠠᠯ ᠢᠶᠠᠨ ᠳᠡᠭᠡᠭᠰᠢᠯᠡᠭᠦᠯᠦᠨ᠎ᠡ᠃ᠪᠢᠳᠡ ᠡᠷᠬᠡᠪᠰᠢ ᠰᠤᠷᠤᠯᠴᠠᠯᠭ᠎ᠠ ᠶᠢ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢᠨ ᠤᠷᠢᠲᠠᠯ ᠨᠥᠬᠦᠴᠡᠯ ᠪᠣᠯᠭᠠᠨ ᠴᠢᠩᠭ᠎ᠠ ᠠᠳᠬᠤᠵᠤ᠂ ᠬᠤᠷᠣᠮᠬᠠᠨ ᠵᠠᠭᠤᠷ᠎ᠠ ᠴᠤ ᠣᠷᠣᠯᠠᠭᠤᠯᠵᠤ | ᠪᠣᠯᠣᠰᠢ ᠦᠭᠡᠢ ᠪᠠᠶᠢᠬᠤ ᠬᠡᠷᠡᠭᠲᠡᠢ᠃ | | ᠬᠠᠷᠢᠭᠤᠴᠠᠯᠭᠠᠲᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ᠺᠠᠳ᠋ᠷᠴᠤᠳ ᠤᠨ ᠠᠵᠢᠯ ᠬᠢᠵᠦ | ᠦᠢᠯᠡᠰ ᠪᠣᠰᠬᠠᠬᠤ᠂ ᠬᠠᠷᠢᠭᠤᠴᠠᠯᠭ᠎ᠠ ᠡᠭᠦᠷᠭᠡᠯᠡᠵᠦ ᠠᠵᠢᠯ ᠬᠢᠬᠦ ᠴᠤᠭ ᠰᠦᠯᠳᠡ ᠶᠢ ᠬᠥᠪᠴᠢᠯᠡᠵᠦ᠂ ᠬᠠᠷᠢᠭᠤᠴᠠᠯᠭ᠎ᠠ | ᠡᠭᠦᠷᠭᠡᠯᠡᠬᠦ ᠰᠥᠰᠥ ᠵᠣᠷᠢᠭ᠂ ᠨᠠᠶᠢᠳᠠᠪᠤᠷᠢᠵᠢᠭᠤᠯᠬᠤ ᠡᠷᠴᠢ ᠵᠣᠷᠢᠭ᠂ ᠪᠣᠳᠠᠲᠠᠢ ᠠᠵᠢᠯᠯᠠᠬᠤ ᠠᠵᠢᠯᠯᠠᠭ᠎ᠠ᠂ ᠬᠢᠬᠦ | ᠶᠣᠰᠣᠲᠠᠢ ᠶᠠᠪᠤᠳᠠᠯ ᠢ ᠬᠦᠨᠳᠦ ᠶᠢ ᠮᠡᠳᠡᠵᠤ ᠬᠦᠨᠳᠦ ᠶᠢ ᠡᠭᠦᠷᠭᠡᠯᠡᠵᠦ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ | ᠳᠠᠷᠤᠯᠲᠠ ᠶᠢ ᠲᠤᠯᠵᠤ ᠪᠠᠶᠢᠭᠠᠳ ᠴᠤ ᠬᠢᠬᠦ ᠬᠡᠷᠡᠭᠲᠡᠢ︔ ᠡᠭᠦᠨ ᠳᠤ ᠺᠠᠳ᠋ᠷᠴᠤᠳ ᠤᠨ ᠠᠵᠢᠯ ᠬᠢᠵᠦ ᠦᠢᠯᠡᠰ | ᠪᠦᠲᠦᠭᠡᠬᠦ ᠴᠤᠭ ᠰᠦᠯᠳᠡ ᠶᠢ ᠬᠥᠪᠴᠢᠯᠡᠵᠦ᠂ ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠢ ᠲᠤᠭᠤᠯᠤᠨ ᠬᠦᠴᠢᠷ ᠢ | ᠳᠠᠪᠠᠵᠤ᠂ ᠳᠠᠷᠤᠯᠲᠠ ᠶᠢ ᠲᠤᠯᠵᠤ ᠪᠠᠶᠢᠭᠠᠳ ᠴᠤ ᠬᠢᠬᠦ ᠬᠡᠷᠡᠭᠲᠡᠢ︔ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠶᠢ ᠪᠣᠯ | ᠴᠡᠭᠡᠵᠢ ᠲᠦᠷᠢᠨ ᠭᠠᠷᠴᠤ᠂ ᠡᠮᠦᠨ᠎ᠡ ᠨᠢ ᠭᠠᠪᠰᠢᠭᠠᠶᠢᠯᠠᠨ ᠤᠷᠤᠭᠰᠢᠯᠠᠵᠤ᠂ ᠠᠶᠤᠯ ᠲᠦᠭᠰᠢᠭᠦᠷᠢ ᠶᠢ ᠬᠠᠶᠢᠬᠤᠷᠤᠯ | ᠦᠭᠡᠢ ᠪᠠᠷ ᠴᠦ ᠡᠭᠦᠷᠭᠡᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ᠂ ᠲᠡᠮᠦᠷ ᠢ ᠠᠳᠬᠤᠪᠠᠯ ᠤᠷᠤᠮ ᠲᠠᠢ᠂ | ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ ᠪᠠᠶᠢᠬᠤ ᠪᠣᠳᠠᠲᠤ ᠠᠵᠢᠯᠯᠠᠭ᠎ᠠ ᠪᠠᠷ ᠢᠶᠠᠨ ᠡᠯ᠎ᠡ ᠵᠦᠢᠯ ᠤᠨ ᠠᠵᠢᠯ ᠢ | ᠴᠢᠩᠭ᠎ᠠ ᠠᠳᠬᠤᠨ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠵᠤ᠂ ᠨᠠᠮ ᠳᠠᠭᠠᠨ ᠦᠨᠡᠨᠴᠢ ᠰᠢᠳᠤᠷᠭᠤ᠂ ᠠᠷᠠᠳ | ᠲᠦᠮᠡᠨ ᠳᠡᠭᠡᠨ ᠦᠨᠡᠨᠴᠢ ᠰᠢᠳᠤᠷᠭᠤ ᠪᠠᠶᠢᠬᠤ ᠶᠢ ᠲᠠᠶᠢᠯᠪᠤᠷᠢᠯᠠᠵᠤ᠂ ᠲᠡᠦᠬᠡ ᠪᠠ ᠦᠢᠯᠡᠳᠦᠯᠭᠡ ᠶᠢᠨ ᠰᠢᠯᠭᠠᠯᠲᠠ ᠶᠢ | ᠳᠠᠭᠠᠭᠠᠵᠤ ᠳᠡᠶᠢᠯᠬᠦ ᠠᠮᠵᠢᠯᠲᠠ ᠪᠦᠲᠦᠮᠵᠢ ᠶᠢ ᠡᠭᠦᠳᠬᠦ ᠬᠡᠷᠡᠭᠲᠡᠢ᠃ | ᠬᠠᠤᠯᠢ ᠪᠠᠷ ᠵᠠᠰᠠᠬᠤ ᠬᠡᠯᠪᠡᠷᠢ ᠶᠢᠨ ᠵᠠᠰᠠᠭ ᠤᠨ ᠣᠷᠳᠣᠨ ᠢᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠶᠢᠨ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠬᠡᠷᠡᠭᠵᠢᠭᠦᠯᠵᠦ᠂ ︽ᠬᠠᠤᠯᠢ ᠴᠠᠭᠠᠵᠠ ᠶᠢᠨ ᠵᠥᠪᠯᠡᠯᠭᠡ | ᠥᠭᠬᠦ ᠵᠦᠢᠯᠡᠰ ᠢ ᠬᠠᠮᠲᠤᠷᠠᠨ ᠬᠢᠨᠠᠬᠤ ᠬᠠᠮᠲᠤᠷᠠᠭᠰᠠᠨ ᠬᠤᠷᠠᠯᠳᠤᠭᠠᠨ ᠤ ᠳᠦᠷᠢᠮ︾ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠳᠦᠷᠢᠮ ᠤᠨ ᠬᠡᠷᠡᠭᠵᠢᠭᠦᠯᠬᠦ ᠬᠦᠴᠦᠨ ᠢ ᠴᠢᠩᠭᠠᠷᠠᠭᠤᠯᠤᠨ᠎ᠠ᠃ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠶᠣᠰᠣᠨ ᠤ ᠬᠢᠨᠠᠯᠲᠠ᠂ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠬᠠᠤᠯᠢᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ | ᠶᠣᠰᠣᠭᠠᠷ ᠬᠢᠭᠰᠡᠨ ᠠᠮᠠᠯᠠᠯᠲᠠ ᠪᠠᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠦᠨᠡᠨᠴᠢ | ᠢᠲᠡᠭᠡᠮᠵᠢ ᠪᠠᠷ ᠨᠡᠶᠢᠭᠡᠮ ᠤᠨ ᠦᠨᠡᠨᠴᠢ ᠢᠲᠡᠭᠡᠮᠵᠢ ᠶᠢ ᠬᠥᠲᠥᠯᠥᠨ ᠳᠠᠭᠠᠭᠤᠯᠤᠨ᠎ᠠ᠃ | ᠠᠷᠢᠭᠤᠨ ᠴᠢᠬᠡᠴᠢ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ | ᠴᠢᠩᠭ᠎ᠠ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠡᠭᠦᠷᠢᠳᠡ ᠵᠣᠭᠰᠣᠰᠢ ᠦᠭᠡᠢ ᠬᠠᠳᠠᠨ ᠵᠣᠷᠢᠭ ᠢ | ᠪᠠᠷᠢᠮᠲᠠᠯᠠᠵᠤ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠢᠯᠢᠳᠡᠭ | ᠤᠯᠠᠮᠵᠢᠯᠠᠯ ᠢ ᠪᠠᠳᠠᠷᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠬᠠᠮᠢᠶ᠎ᠠ ᠪᠦᠬᠦᠢ ᠢᠵᠢ ᠪᠦᠷᠢᠳᠦᠭᠰᠡᠨ | ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠤᠷᠳᠤ ᠬᠤᠭᠤᠴᠠᠭ᠎ᠠ ᠪᠠᠷ ᠠᠷᠪᠢᠯᠠᠨ ᠭᠠᠮᠨᠠᠬᠤ ᠦᠵᠡᠯ ᠰᠠᠨᠠᠭ᠎ᠠ ᠶᠢ | ᠪᠠᠲᠤᠳᠬᠠᠵᠤ᠂ ︽ᠲᠦᠷᠪᠡᠨ ᠰᠤᠷᠲᠠᠯ︾ ᠢ ᠡᠷᠡᠰ ᠵᠠᠯᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ | ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ᠪᠡᠶ᠎ᠡ ᠪᠠᠨ ᠴᠢᠩᠭ᠎ᠠ ᠱᠠᠭᠠᠷᠳᠠᠬᠤ᠂ ᠡᠭᠦᠷᠭᠡ ᠲᠤᠰᠢᠶᠠᠯ ᠢᠶᠠᠨ | ᠬᠢᠴᠢᠶᠡᠩᠭᠦᠶᠢᠯᠡᠨ ᠭᠦᠢᠴᠡᠳᠬᠡᠬᠦ᠂ ᠠᠷᠢᠭᠤᠨ ᠴᠢᠬᠡᠴᠢ ᠪᠠᠷ ᠠᠵᠢᠯ ᠶᠠᠪᠤᠳᠠᠯ ᠬᠢᠬᠦ᠂ ᠠᠷᠢᠭᠤᠨ ᠴᠢᠬᠡᠴᠢ ᠪᠠᠷ ᠬᠥᠮᠥᠨ | ᠪᠣᠯᠬᠤ ᠶᠢ ᠪᠠᠷᠢᠮᠲᠠᠯᠠᠵᠤ᠂ ᠠᠷᠠᠳ ᠤᠨ ᠲᠥᠯᠥᠭᠡ ᠪᠣᠳᠠᠲᠤ ᠠᠵᠢᠯᠯᠠᠭ᠎ᠠ ᠶᠢ ᠡᠷᠬᠢᠮᠯᠡᠨ ᠠᠷᠢᠭᠤᠨ ᠴᠢᠬᠡᠴᠢ ᠪᠠᠶᠢᠬᠤ | ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ | ᠲᠥᠯᠥᠭᠡᠯᠡᠭᠴᠢᠳ ᠠ᠋︕ ᠰᠠᠯᠬᠢᠨ ᠤ ᠬᠦᠴᠦᠲᠦ ᠳᠠᠪᠠᠯᠭᠠᠨ ᠳᠠᠪᠠᠯᠭᠠᠯᠠᠵᠤ᠂ ᠳᠠᠷᠪᠠᠭᠤᠯ ᠬᠡᠶᠢᠰᠬᠡᠨ | ᠳᠠᠪᠠᠯᠭᠠᠨ ᠢ ᠵᠦᠰᠦᠨ ᠤᠷᠤᠭᠰᠢᠯᠠᠨ᠎ᠠ︔ᠡᠭᠦᠷᠭᠡ ᠬᠦᠨᠳᠦ ᠵᠠᠮ ᠬᠤᠯᠠ ᠲᠤᠯᠠ ᠨᠡᠩ ᠴᠤ ᠬᠤᠷᠳᠤᠨ ᠮᠣᠷᠢᠨ ᠳᠤ | ᠲᠠᠰᠢᠭᠤᠷ ᠨᠡᠮᠡᠬᠦ ᠬᠡᠷᠡᠭᠲᠡᠢ!ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ | ᠪᠣᠯᠣᠨ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠭᠠᠪᠰᠢᠭᠠᠶᠢᠯᠠᠬᠤ︾ᠡᠷᠴᠢ | ᠵᠣᠷᠢᠭ ᠢᠶᠠᠨ ᠪᠠᠳᠠᠷᠠᠭᠤᠯᠵᠤ᠂︽ᠪᠤᠯᠢᠶᠠᠯᠳᠤᠬᠤ︾ᠪᠠᠶᠢᠳᠠᠯ ᠢ ᠢᠯᠡᠷᠡᠭᠦᠯᠵᠦ᠂︽ᠰᠢᠨ᠎ᠡ︾ᠳᠦᠷᠰᠦ ᠪᠠᠶᠢᠳᠠᠯ ᠢ ᠢᠯᠡᠷᠡᠭᠦᠯᠵᠦ᠂ | ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠡᠩ ᠠᠭᠤᠤ ᠶᠡᠭᠡ ᠢᠯᠠᠯᠲᠠ ᠪᠠ ᠢᠷᠠᠭᠤ ᠠᠯᠳᠠᠷ ᠢ ᠣᠯᠵᠤ᠂ ᠰᠢᠯᠢᠳᠡᠭ | ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠠᠭᠠᠶ᠎ᠠ︕ | | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠡᠷ᠎ᠡ | 1.︽ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ︾᠄ ᠡᠨᠡ ᠨᠢ ᠨᠡᠶᠢᠲᠡ ᠳᠤ ᠬᠤᠣᠷᠳᠠᠭᠳᠠᠯ ᠦᠭᠡᠢ ᠲᠠᠷᠢᠶᠠᠯᠠᠩ ᠤᠨ | ᠪᠦᠲᠦᠭᠡᠭᠳᠡᠬᠦᠨ᠂ ᠪᠣᠬᠢᠷᠳᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ | ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠲᠡᠮᠳᠡᠭ ᠢ ᠵᠢᠭᠠᠵᠤ ᠪᠠᠶᠢᠨ᠎ᠠ᠃ | 2.︽1+1+2︾᠄ ᠡᠨᠡ ᠨᠢ ︽ᠨᠢᠭᠡ ᠰᠠᠭᠤᠷᠢᠨ ᠭᠠᠵᠠᠷ︾ ︵ᠪᠤᠭᠤᠲᠤ ᠶᠢᠨ ᠲᠣᠮᠣ ᠳ᠋ᠠᠶᠢᠲ᠋ᠠ ᠶᠢᠨ ᠡᠭᠦᠯᠡᠨ | ᠰᠠᠭᠤᠷᠢᠨ ᠭᠠᠵᠠᠷ︶᠂ ︽ᠨᠢᠭᠡ ᠬᠦᠷᠢᠶᠡᠯᠡᠩ ᠲᠣᠭᠤᠷᠢᠭ︾ ︵ᠪᠤᠭᠤᠲᠤ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠤᠨ | ᠬᠦᠷᠢᠶᠡᠯᠡᠩ ᠲᠣᠭᠤᠷᠢᠭ︶᠂ ᠬᠤᠶᠠᠷ ᠲᠥᠪ ︵ᠪᠤᠭᠤᠲᠤ ᠶᠢᠨ ᠣᠶᠤᠨᠲᠤ ᠬᠤᠳᠠ ᠶᠢᠨ ᠡᠵᠡᠩᠨᠡᠯᠲᠡ ᠶᠢᠨ ᠵᠢᠯᠤᠭᠤᠳᠬᠤ | ᠲᠥᠪ᠂ ᠥᠪᠥᠷ ᠮᠣᠩᠭᠤᠯ ᠤᠨ ᠥᠨᠳᠥᠷ ᠬᠤᠪᠢ ᠲᠠᠢ ᠪᠤᠭᠤᠲᠤ ᠶᠢᠨ ᠬᠤᠪᠢᠶᠠᠷᠢ ᠲᠥᠪ︶ ᠢ ᠵᠢᠭᠠᠵᠤ ᠪᠠᠶᠢᠨ᠎ᠠ᠃ | {1+1+2︶᠄ ︽ᠨᠢᠭᠡ ᠰᠠᠭᠤᠷᠢᠨ ᠭᠠᠵᠠᠷ︾ ︵ᠪᠤᠭᠤᠲᠤ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠤᠨ | ᠬᠦᠷᠢᠶᠡᠯᠡᠩ ᠲᠣᠭᠤᠷᠢᠭ︶᠂ ᠬᠤᠶᠠᠷ ᠲᠥᠪ ︵ᠪᠤᠭᠤᠲᠤ ᠶᠢᠨ ᠣᠶᠤᠨᠲᠤ ᠬᠤᠳᠠ ᠶᠢᠨ ᠡᠵᠡᠩᠨᠡᠯᠲᠡ ᠶᠢᠨ ᠵᠢᠯᠤᠭᠤᠳᠬᠤ | ᠲᠥᠪ᠂ ᠥᠪᠥᠷ ᠮᠣᠩᠭᠤᠯ ᠤᠨ ᠥᠨᠳᠥᠷ ᠬᠤᠪᠢ ᠲᠠᠢ ᠪᠤᠭᠤᠲᠤ ᠶᠢᠨ ᠬᠤᠪᠢᠶᠠᠷᠢ ᠲᠥᠪ︶ ᠢ ᠵᠢᠭᠠᠵᠤ ᠪᠠᠶᠢᠨ᠎ᠠ᠃ | 3.︽ᠨᠢᠭᠡ ᠠᠵᠢᠯ ᠲᠦᠷᠦᠯ ᠳᠤ ᠨᠢᠭᠡ ᠠᠷᠭ᠎ᠠ ᠪᠣᠳᠣᠯᠭ᠎ᠠ︾᠄ ᠡᠨᠡ ᠨᠢ ︽ᠤᠯᠤᠰ ᠠᠷᠠᠳ ᠤᠨ ᠠᠵᠤ ᠠᠬᠤᠢ ᠶᠢᠨ | ᠠᠵᠢᠯ ᠲᠦᠷᠦᠯ ᠤᠨ ᠠᠩᠭᠢᠯᠠᠯ︾ ᠤᠨ ᠲᠣᠭᠤᠷᠢᠨ ᠳᠤ ᠨᠠᠷᠢᠨ ᠬᠤᠪᠢᠶᠠᠭᠰᠠᠨ ᠠᠵᠢᠯ ᠲᠦᠷᠦᠯ ᠢ ᠰᠢᠯᠢᠨ | ᠲᠣᠭᠲᠠᠭᠠᠵᠤ᠂ ᠬᠥᠭᠵᠢᠭᠦᠯᠦᠯᠲᠡ ᠶᠢᠨ ᠠᠵᠢᠯᠯᠠᠭᠠᠨ ᠤ ᠲᠥᠯᠥᠪᠯᠡᠭᠡ ᠶᠢ ᠨᠢᠭᠡᠳ ᠨᠢᠭᠡ ᠪᠠᠷ ᠰᠤᠳᠤᠯᠤᠨ ᠲᠣᠭᠲᠠᠭᠠᠵᠤ᠂ | ᠡᠯ᠎ᠡ ᠨᠠᠷᠢᠨ ᠬᠤᠪᠢᠶᠠᠭᠰᠠᠨ ᠠᠵᠢᠯ ᠲᠦᠷᠦᠯ ᠤᠨ ᠬᠥᠭᠵᠢᠯᠲᠡ ᠶᠢᠨ ᠣᠳᠣᠬᠢ ᠪᠠᠶᠢᠳᠠᠯ᠂ ᠬᠥᠭᠵᠢᠯᠲᠡ ᠶᠢᠨ ᠬᠠᠷᠠᠯᠲᠠ᠂ | ᠪᠠᠶᠢᠯᠳᠤᠬᠤ ᠲᠥᠰᠥᠯ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠬᠤᠳᠠᠯᠳᠤᠭᠠᠴᠢᠨ ᠤᠷᠢᠬᠤ | ᠭᠤᠣᠯᠳᠠᠯᠭ᠎ᠠ ᠶᠢ ᠲᠣᠳᠣᠷᠬᠠᠶᠢᠯᠠᠵᠤ᠂ ᠡᠯ᠎ᠡ ᠠᠵᠢᠯ ᠲᠦᠷᠦᠯ ᠤᠨ ᠬᠥᠭᠵᠢᠯᠲᠡ ᠶᠢᠨ ︽ᠵᠢᠯᠤᠭᠤᠳᠬᠤ ᠭᠠᠷ ᠳᠡᠪᠲᠡᠷ︾ | ᠪᠣᠯᠭᠠᠬᠤ ᠶᠢ ᠵᠢᠭᠠᠵᠤ ᠪᠠᠶᠢᠨ᠎ᠠ᠃ | 4.︽ᠲᠤᠯᠤᠭᠠᠨ ᠰᠦᠷᠦᠭ ᠵᠢᠷᠭᠤᠭᠠᠨ ᠬᠡᠯᠬᠢᠶ᠎ᠡ︾᠄ ᠡᠨᠡ ᠨᠢ ᠰᠢᠨ᠎ᠡ ᠡᠨᠧᠷᠭᠢ ᠶᠢᠨ ᠰᠤᠷᠪᠤᠯᠵᠢ ᠵᠢᠴᠢ ᠲᠡᠭᠦᠨ ᠤ | ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ︵ᠬᠡᠯᠬᠢᠶ᠎ᠡ︶ ᠤᠨ ᠪᠥᠭᠡᠮᠨᠡᠷᠡᠯ ᠢ ᠵᠢᠭᠠᠵᠤ ᠪᠠᠶᠢᠨ᠎ᠠ;ᠨᠡᠶᠢᠳᠡᠮ ᠤᠨ | ᠬᠡᠷᠡᠭᠯᠡᠭᠡᠨ ᠤ ᠠᠭᠠᠷ ᠤᠨ ᠠᠶᠠᠯᠠᠯ ᠵᠢᠴᠢ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠪᠦᠯᠦᠭᠯᠡᠯ︔ | ᠰᠣᠶᠣᠯ ᠤᠨ ᠵᠢᠭᠤᠯᠴᠢᠯᠠᠯ ᠪᠠ ᠰᠡᠯᠡᠭᠦᠴᠡᠯ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ︵ᠬᠡᠯᠬᠢᠶ᠎ᠡ︶ ᠤᠨ | ᠪᠦᠯᠦᠭᠯᠡᠯ︔ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ︵ᠬᠡᠯᠬᠢᠶ᠎ᠡ︶︶ ᠤᠨ ᠪᠦᠯᠦᠭᠯᠡᠯ︔ᠣᠲᠣ ᠦᠶ᠎ᠡ ᠶᠢᠨ | ᠦᠢᠯᠡᠴᠢᠯᠡᠭᠡᠨ ᠤ ᠦᠢᠯᠡᠰ ︵ᠬᠡᠯᠬᠢᠶ᠎ᠡ︶ ᠪᠠ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ︵ | ᠬᠡᠯᠬᠢᠶ᠎ᠡ︶ ᠤᠨ ᠴᠤᠭᠯᠠᠷᠠᠯ︔ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ | ᠪᠦᠯᠦᠭᠯᠡᠯ︔ᠪᠣᠯᠣᠳ ᠲᠡᠮᠦᠷ ᠪᠠ ᠴᠢᠨᠠᠷ ᠰᠠᠶᠢᠲᠠᠢ ᠲᠡᠮᠦᠷ ᠤᠨ ᠬᠠᠶᠢᠯᠤᠰᠢ ᠵᠢᠴᠢ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ︵ᠬᠡᠯᠬᠢᠶ᠎ᠡ︶ ᠤᠨ ᠴᠤᠭᠯᠠᠷᠠᠯ᠃ | 5. ︽ᠨᠢᠭᠤᠴᠠᠭᠠᠢ ᠮᠠᠩᠯᠠᠢ︾᠄ ᠡᠨᠡ ᠨᠢ ᠣᠯᠠᠨ ᠨᠡᠶᠢᠲᠡ ᠳᠤ ᠲᠠᠨᠢᠭᠳᠠᠬᠤ ᠦᠭᠡᠢ ᠪᠣᠯᠪᠠᠴᠤ ᠶᠠᠮᠠᠷ ᠨᠢᠭᠡᠨ ᠨᠠᠷᠢᠨ | ᠬᠤᠪᠢᠶᠠᠭᠰᠠᠨ ᠠᠵᠢᠯ ᠲᠥᠷᠥᠯ ᠪᠤᠶᠤ ᠵᠠᠬ᠎ᠠ ᠳᠡᠯᠭᠡᠭᠦᠷ ᠲᠤ ᠲᠦᠷᠦᠭᠦᠯᠡᠬᠦ ᠪᠠᠶᠢᠷᠢ ᠶᠢ ᠡᠵᠡᠯᠡᠵᠦ᠂ ᠭᠤᠣᠯᠯᠠᠬᠤ | ᠥᠷᠢᠰᠦᠯᠳᠦᠬᠦ ᠬᠦᠴᠦᠨ ᠲᠠᠢ ᠪᠥᠭᠡᠳ ᠲᠣᠳᠣᠷᠬᠠᠢ ᠪᠠᠶᠢᠯᠳᠤᠬᠤ ᠪᠣᠳᠣᠯᠭ᠎ᠠ ᠲᠠᠢ᠂ ᠲᠡᠭᠦᠨ ᠤ ᠦᠢᠯᠡᠳᠬᠦᠨ᠂ | ᠦᠢᠯᠡᠴᠢᠯᠡᠭᠡ ᠶᠢ ᠳᠠᠪᠠᠭᠤᠯᠬᠤ ᠪᠠ ᠳᠠᠭᠤᠷᠢᠶᠠᠬᠤ ᠳᠤ ᠪᠡᠷᠬᠡ ᠳᠤᠮᠳᠠ ᠵᠢᠵᠢᠭ ᠬᠡᠯᠪᠡᠷᠢ ᠶᠢᠨ ᠠᠵᠤ ᠠᠬᠤᠶᠢᠯᠠᠯ ᠢ | ᠵᠢᠭᠠᠵᠤ ᠪᠣᠶ᠃ | 6.︽ᠲᠤᠰᠬᠠᠢ ᠨᠠᠷᠢᠯᠢᠭ ᠣᠨᠴᠠ ᠰᠢᠨ᠎ᠡ︾᠄ ᠡᠨᠡ ᠨᠢ ᠵᠠᠬ᠎ᠠ ᠳᠡᠯᠭᠡᠭᠦᠷ ᠢ ᠨᠠᠷᠢᠨ ᠬᠤᠪᠢᠶᠠᠬᠤ ᠳᠤ ᠠᠩᠬᠠᠷᠤᠯ ᠢᠶᠠᠨ | ᠲᠥᠪᠯᠡᠷᠡᠭᠦᠯᠦᠭᠰᠡᠨ᠂ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠵᠠᠬ᠎ᠠ ᠳᠡᠯᠭᠡᠭᠦᠷ ᠢ ᠡᠵᠡᠯᠡᠬᠦ ᠨᠤᠷᠮ᠎ᠠ ᠪᠠᠷ | ᠥᠨᠳᠥᠷ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠡᠵᠡᠮᠰᠢᠭᠰᠡᠨ᠂ ᠶᠠᠰᠤ ᠴᠢᠨᠠᠷ ᠦᠷ᠎ᠡ ᠠᠰᠢᠭ ᠢᠶᠠᠷ ᠰᠢᠯᠢᠳᠡᠭ | ᠳᠠᠭᠠᠭᠤᠯᠤᠭᠴᠢ ᠠᠵᠤ ᠠᠬᠤᠶᠢᠯᠠᠯ ᠢ ᠵᠢᠭᠠᠵᠤ ᠪᠠᠶᠢᠨ᠎ᠠ᠃ | 7. ︽ᠳᠥᠷᠪᠡ ᠶᠢ ᠡᠷᠬᠢᠯᠡᠬᠦ︾ ᠭᠡᠳᠡᠭ ᠪᠣᠯ ᠨᠢᠭᠡ ᠰᠦᠯᠵᠢᠶ᠎ᠡ ᠪᠠᠷ ᠡᠷᠬᠢᠯᠡᠵᠤ᠂ ᠠᠯᠠᠭᠠᠨ ᠳᠡᠭᠡᠷ᠎ᠡ ᠪᠠᠨ ᠡᠷᠬᠢᠯᠡᠵᠤ᠂ | ᠲᠠᠨ ᠢ ᠬᠠᠪᠰᠤᠷᠤᠨ ᠡᠷᠬᠢᠯᠡᠵᠤ᠂ ᠨᠢᠭᠡ ᠯᠡ ᠤᠳᠠᠭ᠎ᠠ ᠳᠤ ᠰᠢᠢᠳᠪᠦᠷᠢᠯᠡᠬᠦ ᠶᠢ ᠬᠡᠯᠡᠵᠦ ᠪᠠᠶᠢᠨ᠎ᠠ᠃ | 8. ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠬᠡᠨ ᠠᠪᠬᠤ︾᠄ ᠡᠨᠡ ᠨᠢ ᠮᠣᠳᠣ ᠲᠡᠷᠢᠵᠦ ᠣᠶᠢᠵᠢᠭᠤᠯᠬᠤ᠂ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠭᠠᠷ ᠮᠠᠨᠳᠠᠯ ᠳᠣᠲᠣᠷᠠᠬᠢ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠬᠡᠨ ᠠᠪᠴᠤ᠂ ᠡᠭᠦᠨ ᠤ ᠤᠯᠠᠮ ᠠᠴᠠ ᠬᠦᠯᠡᠮᠵᠢ ᠶᠢᠨ ᠬᠡᠢ | ᠪᠡᠶᠡᠲᠦ ᠶᠢᠨ ᠠᠭᠠᠷ ᠮᠠᠨᠳᠠᠯ ᠳᠣᠲᠣᠷᠠᠬᠢ ᠥᠳᠬᠡᠴᠡ ᠶᠢ ᠪᠠᠭᠠᠰᠬᠠᠬᠤ ᠶᠠᠪᠤᠴᠠ᠂ ᠠᠵᠢᠯᠯᠠᠭ᠎ᠠ ᠪᠤᠶᠤ ᠲᠣᠭᠲᠠᠴᠠ ᠶᠢ | ᠵᠢᠭᠠᠵᠤ ᠪᠠᠶᠢᠨ᠎ᠠ᠃ | 9.︽ᠬᠤᠶᠠᠷ ᠢ ᠬᠥᠩᠭᠡᠯᠡᠬᠦ︾᠄ ᠡᠨᠡ ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ | ᠰᠤᠷᠤᠭᠴᠢᠳ ᠤᠨ ᠬᠡᠳᠦ ᠬᠦᠨᠳᠦ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ | ᠳᠠᠷᠤᠭᠠᠰᠤ ᠶᠢ ᠬᠥᠩᠭᠡᠷᠡᠭᠦᠯᠬᠦ ᠶᠢ ᠵᠢᠭᠠᠵᠤ ᠪᠠᠶᠢᠨ᠎ᠠ᠃ | | | |