ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/17
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 2021 ᠣᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠤᠯᠠᠨ ᠤ ᠤᠶᠤᠨ ᠤᠬᠠᠭᠠᠨ ᠢ ᠨᠢᠭᠲᠠᠷᠠᠭᠤᠯᠵᠤ ᠪᠠᠶᠢᠭᠠᠳ ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ᠠᠵᠤ ᠦᠢᠯᠡᠳᠪᠦᠷᠢ ᠶᠢᠨ ᠠᠵᠤ ᠠᠬᠤᠢ ᠶᠢ ᠲᠣᠭᠲᠠᠭᠤᠨ ᠢᠶᠠᠷ ᠨᠡᠮᠡᠭᠳᠡᠭᠦᠯᠬᠦ ᠪᠠ ᠦᠢᠯᠡᠴᠢᠯᠡᠭᠡᠨ ᠤ ᠦᠢᠯᠡᠰ ᠤᠨ ᠣᠨᠴᠠᠭᠠᠢ ᠬᠦᠴᠢᠷᠳᠡᠯᠲᠡᠢ ᠠᠵᠢᠯ ᠲᠦᠷᠦᠯ ᠤᠨ ᠬᠦᠴᠢᠷᠳᠡᠯ ᠢ ᠰᠢᠢᠳᠪᠦᠷᠢᠯᠡᠵᠦ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠪᠠ᠃      ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭ᠋᠊ ‍ᠠᠷ ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ  ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 2 ᠳ᠋ᠤᠭᠠᠷ ᠰᠠᠷ᠎ᠠ ᠶᠢᠨ 14 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 2021 ᠣᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠠᠨ ᠤ ᠤᠶᠤᠨ ᠤᠬᠠᠭᠠᠨ ᠢ ᠨᠢᠭᠲᠠᠷᠠᠭᠤᠯᠵᠤ ᠪᠠᠶᠢᠭᠠᠳ ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ︔ ᠠᠵᠤ ᠦᠢᠯᠡᠳᠪᠦᠷᠢ ᠶᠢᠨ ᠠᠵᠤ ᠠᠬᠤᠢ ᠶᠢ ᠲᠣᠭᠲᠠᠭᠤᠨ ᠨᠡᠮᠡᠭᠳᠡᠭᠦᠯᠬᠦ ᠪᠠ ᠦᠢᠯᠡᠴᠢᠯᠡᠭᠡᠨ ᠤ ᠦᠢᠯᠡᠰ ᠤᠨ ᠣᠨᠴᠠᠭᠠᠶ ᠬᠦᠴᠢᠷᠳᠡᠯ ᠲᠠᠢ ᠠᠵᠢᠯ ᠲᠦᠷᠦᠯ ᠤᠨ ᠬᠦᠴᠢᠷᠳᠡᠯ ᠢ ᠰᠢᠢᠳᠪᠦᠷᠢᠯᠡᠵᠦ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠪᠠ᠃      ᠬᠤᠷᠠᠯ ᠠᠴᠠ ᠵᠢᠭᠠᠬᠤ ᠳᠤ ᠪᠠᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠰᠢᠢᠳᠪᠦᠷᠢᠯᠡᠬᠦ ᠪᠣᠯ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠶᠢᠨ ᠳᠣᠲᠣᠭᠠᠳᠤ ᠱᠠᠭᠠᠷᠳᠠᠯᠭ᠎ᠠ ᠪᠣᠯᠣᠨ᠎ᠠ᠃ ᠨᠢᠳᠤᠨᠤᠨ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠳ ᠲᠥᠯᠥᠭᠡᠯᠡᠭᠴᠢᠳ ᠤᠨ ᠰᠠᠨᠠᠭᠤᠯᠭ᠎ᠠ ᠶᠢ ᠨᠡᠶᠢᠳᠡ 8666 ᠬᠤᠪᠢ᠂ ᠭᠡᠰᠢᠭᠦᠳ ᠤᠨ ᠰᠠᠨᠠᠯ ᠵᠥᠪᠯᠡᠯᠭᠡ ᠶᠢ 5718 ᠬᠤᠪᠢ ᠰᠢᠢᠳᠪᠦᠷᠢᠯᠡᠵᠦ᠂ ᠲᠤᠰ ᠲᠤᠰ ᠰᠠᠨᠠᠭᠤᠯᠭ᠎ᠠ᠂ ᠰᠠᠨᠠᠯ ᠵᠥᠪᠯᠡᠯᠭᠡ ᠶᠢᠨ ᠶᠡᠷᠦᠩᠬᠡᠢ ᠲᠣᠭᠠᠨ ᠤ 96.4% ᠪᠠ 93.4%  ᠶᠢ ᠡᠵᠡᠯᠡᠵᠦ᠂ ᠲᠥᠯᠥᠭᠡᠯᠡᠭᠴᠢ ᠭᠡᠰᠢᠭᠦᠳ ᠤᠨ ᠰᠠᠨᠠᠯ ᠰᠠᠨᠠᠭᠤᠯᠭ᠎ᠠ ᠶᠢ 4300 ᠭᠠᠷᠤᠢ ᠵᠤᠷᠪᠤᠰ ᠰᠢᠩᠭᠡᠬᠡᠨ ᠠᠪᠴᠤ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ 1600 ᠭᠠᠷᠤᠢ ᠵᠦᠢᠯ ᠨᠡᠶᠢᠲᠡᠯᠡᠵᠦ᠂ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠠᠬᠢᠭᠤᠯᠪᠠ ᠭᠡᠵᠡᠢ᠃ ᠬᠤᠷᠠᠯ ᠠᠴᠠ ᠱᠠᠭᠠᠷᠳᠠᠬᠤ ᠳᠤ ᠪᠠᠨ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠳᠠᠯ ᠦᠭᠡᠢ ᠬᠤᠷᠠᠯᠳᠤᠬᠤ ᠪᠠᠷ ᠪᠠᠶᠢᠨ᠎ᠠ᠂ ᠰᠦᠯᠵᠢᠶᠡᠨ ᠤ ᠸᠢᠳᠢᠤ᠋᠂ ᠬᠠᠯᠠᠮᠰᠢᠯ ᠤᠲᠠᠰᠤ᠂ ᠲᠣᠪᠴᠢ ᠮᠡᠳᠡᠭᠡ᠂ ᠰᠦᠯᠵᠢᠶ᠎ᠡ ᠪᠠᠷ ᠦᠭᠡ ᠦᠯᠡᠳᠡᠭᠡᠬᠦ ᠵᠡᠷᠭᠡ ᠠᠷᠭ᠎ᠠ ᠬᠡᠯᠪᠡᠷᠢ ᠪᠠᠷ ᠲᠥᠯᠥᠭᠡᠯᠡᠭᠴᠢ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ ᠶᠢᠨ ᠬᠠᠮᠲᠤ ᠨᠢᠭᠡᠳ ᠨᠢᠭᠡ ᠪᠠᠷ ᠬᠠᠷᠢᠭᠤᠯᠲᠠ ᠥᠭᠴᠦ᠂ ᠰᠠᠨᠠᠭᠤᠯᠭ᠎ᠠ ᠳᠤᠷᠠᠳᠤᠯᠭ᠎ᠠ ᠶᠢ ᠨᠡᠩ ᠥᠨᠳᠥᠷ ᠪᠠᠷᠢᠮᠵᠢᠶ᠎ᠠ ᠪᠠᠷ ᠰᠠᠶᠢᠲᠤᠷ ᠰᠢᠢᠳᠪᠦᠷᠢᠯᠡᠵᠦ᠂ ᠲᠥᠯᠥᠭᠡᠯᠡᠭᠴᠢ ᠭᠡᠰᠢᠭᠦᠳ ᠤᠨ ᠦᠨᠡᠨ ᠮᠡᠳᠡᠯᠭᠡ ᠨᠡᠪᠲᠡᠷᠬᠡᠢ ᠦᠵᠡᠯᠲᠡ ᠶᠢ ᠵᠠᠰᠠᠭ ᠤᠨ ᠣᠷᠳᠣᠨ ᠤ ᠠᠵᠢᠯ ᠳᠤ ᠨᠡᠩ ᠰᠠᠶᠢᠲᠤᠷ ᠢᠯᠡᠷᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤ ᠨᠢ ᠬᠠᠷᠢᠭᠤᠯᠲᠠ ᠥᠭᠴᠦ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠠᠵᠤ ᠦᠢᠯᠡᠳᠪᠦᠷᠢ ᠪᠣᠯᠣᠨ ᠦᠢᠯᠡᠴᠢᠯᠡᠭᠡᠨ ᠤ ᠦᠢᠯᠡᠰ ᠨᠢ ᠠᠵᠤ ᠠᠬᠤᠢ ᠶᠢᠨ ᠬᠥᠭᠵᠢᠯᠲᠡ ᠪᠣᠯᠣᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤᠮᠳᠠ ᠭᠤᠣᠯᠯᠠᠭᠴᠢ ᠲᠤᠯᠭᠠᠭᠤᠷᠢᠯᠠᠯ ᠤᠨ ᠦᠢᠯᠡᠳᠦᠯ ᠦᠵᠡᠭᠦᠯᠵᠦ ᠪᠤᠢ᠃ ᠣᠳᠣᠬᠠᠨ ᠳᠤ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢᠶᠠᠷ ᠰᠡᠷᠭᠦᠬᠦ ᠪᠠᠶᠢᠳᠠᠯ ᠮᠥᠨ ᠬᠦ ᠲᠣᠭᠲᠠᠪᠤᠷᠢ ᠦᠭᠡᠢ ᠪᠠᠶᠢᠵᠤ᠂ ᠦᠢᠯᠡᠴᠢᠯᠡᠭᠡᠨ ᠤ ᠦᠢᠯᠡᠰ ᠨᠢ ᠬᠢᠵᠢᠭ ᠤᠨ ᠪᠠᠶᠢᠳᠠᠯ ᠵᠡᠷᠭᠡ ᠶᠢᠨ ᠨᠥᠯᠥᠭᠡ ᠠᠴᠠ ᠪᠣᠯᠵᠤ ᠵᠠᠷᠢᠮ ᠣᠨᠴᠠᠭᠠᠶ ᠬᠦᠴᠢᠷᠳᠡᠯ ᠲᠠᠢ ᠠᠵᠢᠯ ᠲᠦᠷᠦᠯ ᠣᠷᠣᠰᠢᠵᠤ ᠪᠠᠶᠢᠭ᠎ᠠ ᠪᠣᠯᠬᠤᠷ ᠣᠶᠢᠷ᠎ᠠ ᠶᠢᠨ ᠬᠤᠭᠤᠴᠠᠭᠠᠨ ᠳᠤ ᠠᠷᠭ᠎ᠠ ᠬᠡᠮᠵᠢᠶ᠎ᠡ ᠶᠢ ᠱᠠᠯᠠᠪᠳᠠᠨ ᠨᠡᠶᠢᠲᠡᠯᠡᠵᠦ᠂ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠭᠦᠨ ᠳᠤ ᠨᠢᠭᠡ ᠳᠤ᠂ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠤᠨ ᠠᠰᠢᠭ ᠣᠷᠣᠯᠭ᠎ᠠ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠡᠷᠴᠢᠮ ᠢ ᠴᠢᠩᠭᠠᠷᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠰᠢᠨ᠎ᠡ ᠪᠠᠷ ᠬᠤᠳᠠᠯᠳᠤᠨ ᠠᠪᠤᠭᠰᠠᠨ 500 ᠲᠦᠮᠡᠨ ᠲᠥᠭᠦᠷᠢᠭ ᠠᠴᠠ ᠳᠡᠭᠡᠭᠰᠢᠬᠢ ᠥᠷᠲᠡᠭ ᠪᠦᠬᠦᠢ ᠪᠡᠯᠡᠳᠬᠡᠮᠵᠢ ᠪᠠᠭᠠᠵᠢ ᠬᠡᠷᠡᠭᠰᠡᠯ ᠤᠨ ᠡᠯᠡᠭᠳᠡᠯ ᠨᠢ 3 ᠵᠢᠯ ᠪᠣᠯᠣᠭᠰᠠᠨ ᠪᠣᠯ ᠡᠨᠡ ᠵᠢᠯ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠭᠠᠶᠢᠯᠢ ᠲᠤᠰᠢᠶᠠᠬᠤ  ᠠᠴᠠ ᠡᠮᠦᠨ᠎ᠡ ᠰᠠᠭᠤᠯᠭᠠᠨ ᠠᠪᠴᠤ᠂ ᠡᠯᠡᠭᠳᠡᠯ ᠨᠢ 4 ᠵᠢᠯ᠂ 5 ᠵᠢᠯ᠂ 10 ᠵᠢᠯ ᠪᠣᠯᠣᠭᠰᠠᠨ ᠪᠣᠯ ᠬᠠᠭᠠᠰ ᠢᠶᠠᠷ ᠰᠠᠭᠤᠯᠭᠠᠨ ᠠᠪᠴᠤ ᠪᠣᠯᠣᠨ᠎ᠠ᠃ ᠦᠢᠯᠡᠳᠬᠡᠯ ᠤᠨ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠭᠠᠶᠢᠯᠢ ᠬᠤᠶᠢᠰᠢᠯᠠᠭᠤᠯᠬᠤ ᠲᠦᠷᠦ ᠶᠢᠨ ᠪᠣᠳᠣᠯᠭ᠎ᠠ ᠶᠢ ᠤᠷᠲᠤᠳᠬᠠᠨ᠎ᠠ᠃ ᠣᠷᠣᠨ ᠨᠤᠲᠤᠭ ᠤᠨ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠢ ᠬᠠᠰᠤᠵᠤ ᠬᠡᠯᠲᠦᠷᠢᠭᠦᠯᠬᠦ ᠲᠦᠷᠦ ᠶᠢᠨ ᠪᠣᠳᠣᠯᠭ᠎ᠠ ᠶᠢ ᠬᠡᠷᠡᠭᠯᠡᠬᠦ ᠭᠤᠣᠯ ᠴᠣᠭᠴᠠ ᠶᠢᠨ ᠬᠡᠪᠴᠢᠶ᠎ᠡ ᠶᠢ ᠪᠦᠬᠦ ᠵᠢᠵᠢᠭ ᠬᠡᠯᠪᠡᠷᠢ ᠶᠢᠨ ᠳᠣᠣᠷ᠎ᠠ ᠠᠰᠢᠭ ᠬᠤᠨᠵᠢᠪᠤᠷᠢ ᠲᠠᠢ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠬᠦᠷᠲᠡᠯ᠎ᠡ ᠥᠷᠭᠡᠳᠬᠡᠨ᠎ᠡ᠃ ᠬᠤᠶᠠᠷ ᠲᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠥᠲᠥᠯᠥᠨ ᠵᠢᠯᠥᠭᠤᠳᠬᠤ ᠪᠠᠨ ᠴᠢᠩᠭᠠᠳᠬᠠᠨ᠎ᠠ᠃ ᠠᠷᠠᠳ ᠤᠨ ᠪᠠᠩᠬᠢ ᠠᠴᠠ ᠤᠷᠮᠠᠰᠢᠭᠤᠯᠬᠤ ᠪᠡᠯᠡ ᠮᠥᠩᠭᠦ ᠬᠠᠩᠭᠠᠵᠤ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠵᠡᠷᠭᠡ ᠶᠢ ᠨᠡᠮᠡᠭᠳᠡᠭᠦᠯᠬᠦ ᠶᠢ ᠳᠡᠮᠵᠢᠵᠦ᠂ ᠦᠢᠯᠡᠳᠬᠡᠯ ᠤᠨ ᠦᠢᠯᠡᠰ ᠤᠨ ᠳᠤᠮᠳᠠ ᠣᠷᠳᠣ ᠬᠤᠭᠤᠴᠠᠭᠠᠨ ᠤ ᠵᠢᠭᠡᠯᠡᠯᠭᠡ ᠶᠢᠨ ᠨᠡᠯᠢᠶᠡᠳ ᠲᠦᠷᠭᠡᠨ ᠨᠡᠮᠡᠭᠳᠡᠬᠦ ᠶᠢ ᠠᠬᠢᠭᠤᠯᠤᠨ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠠᠬᠢᠭᠤᠯᠤᠨ᠎ᠠ᠃ ᠭᠤᠷᠪᠠ ᠳᠤ᠂ ᠦᠢᠯᠡᠳᠬᠡᠯ ᠤᠨ ᠦᠢᠯᠡᠰ ᠤᠨ ᠬᠡᠯᠬᠢᠶ᠎ᠡ ᠶᠢ ᠴᠢᠩᠭᠠᠳᠬᠠᠨ ᠨᠥᠬᠦᠪᠦᠷᠢᠯᠡᠬᠦ ᠪᠠ ᠠᠵᠤ ᠦᠢᠯᠡᠰ ᠤᠨ ᠰᠠᠭᠤᠷᠢ ᠶᠢ ᠲᠠᠬᠢᠨ ᠪᠠᠶᠢᠭᠤᠯᠬᠤ ᠶᠢ ᠠᠬᠢᠭᠤᠯᠵᠤ᠂ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠮᠡᠷᠭᠡᠵᠢᠯ ᠤᠨ ᠥᠭᠡᠷᠡᠴᠢᠯᠡᠯᠲᠡ ᠵᠡᠷᠭᠡ ᠶᠢ ᠲᠦᠷᠭᠡᠳᠬᠡᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠳᠥᠷᠪᠡ ᠳᠤ᠂ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠠᠶᠠᠯᠠᠯ ᠵᠢᠭᠤᠯᠴᠢᠯᠠᠯ᠂ ᠵᠠᠮ ᠬᠠᠷᠢᠯᠴᠠᠭ᠎ᠠ ᠠᠶᠠᠨᠴᠢᠳ ᠤᠨ ᠲᠡᠭᠡᠭᠡᠪᠦᠷᠢ ᠵᠡᠷᠭᠡ ᠣᠨᠴᠠᠭᠠᠶ ᠬᠦᠴᠢᠷᠳᠡᠯ ᠲᠠᠢ ᠠᠵᠢᠯ ᠲᠦᠷᠦᠯ ᠳᠤ ᠴᠢᠭᠯᠡᠭᠦᠯᠦᠨ᠂ ᠱᠠᠲᠤ ᠦᠶ᠎ᠡ ᠶᠢᠨ ᠴᠢᠨᠠᠷᠲᠠᠢ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ᠂ ᠨᠡᠶᠢᠭᠡᠮ ᠤᠨ ᠳᠠᠭᠠᠳᠬᠠᠯ ᠤᠨ ᠬᠡᠰᠡᠭ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠵᠡᠷᠭᠡ ᠲᠠᠯ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠬᠡᠷᠡᠭᠯᠡᠭᠡ ᠶᠢᠨ ᠰᠡᠷᠭᠦᠯᠲᠡ ᠶᠢ ᠠᠬᠢᠭᠤᠯᠤᠨ᠎ᠠ᠃ 2022 ᠣᠨ ᠳᠤ ᠣᠯᠠᠨ ᠨᠡᠶᠢᠲᠡ ᠶᠢᠨ ᠵᠠᠮ ᠬᠠᠷᠢᠯᠴᠠᠭ᠎ᠠ ᠪᠠ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ᠂ ᠬᠥᠯᠭᠡ ᠣᠩᠭᠤᠴᠠ᠂ ᠲᠦᠷᠢᠶᠡᠰᠦᠨ ᠮᠠᠰᠢᠨ ᠲᠡᠷᠭᠡ ᠵᠡᠷᠭᠡ ᠠᠴᠠ ᠣᠯᠠᠨ ᠨᠡᠶᠢᠲᠡ ᠶᠢᠨ ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠶᠢ ᠬᠡᠯᠲᠦᠷᠢᠭᠦᠯᠦᠨ᠎ᠡ᠃ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠶᠢ ᠦᠷᠭᠦᠯᠵᠢᠯᠡᠨ 80% ᠶᠢᠨ ᠬᠠᠷᠢᠴᠠᠯ ᠢᠶᠠᠷ ᠲᠦᠷ ᠪᠤᠴᠠᠭᠠᠨ᠎ᠠ᠃ ᠤᠯᠤᠰ ᠤᠨ ᠥᠮᠴᠢᠯᠡᠯᠲᠦ ᠭᠡᠷ ᠪᠠᠶᠢᠰᠢᠩ ᠢ ᠲᠦᠷᠢᠶᠡᠰᠦᠯᠡᠭᠰᠡᠨ ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ ᠡᠨᠡ ᠵᠢᠯ ᠬᠢᠵᠢᠭ ᠤᠨ ᠪᠠᠶᠢᠳᠠᠯ ᠤᠨ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ ᠳᠤ ᠵᠢᠭᠰᠠᠭᠠᠭᠳᠠᠭᠰᠠᠨ ᠪᠣᠯ 6 ᠰᠠᠷ᠎ᠠ ᠶᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠵᠦ᠂ ᠪᠤᠰᠤᠳ ᠭᠠᠵᠠᠷ ᠣᠷᠣᠨ ᠳᠤ ᠵᠢᠭᠰᠠᠭᠠᠭᠳᠠᠭᠰᠠᠨ ᠪᠣᠯ 3 ᠰᠠᠷ᠎ᠠ ᠶᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠨ᠎ᠡ᠃ ᠡᠯ᠎ᠡ ᠭᠠᠵᠠᠷ ᠤᠨ ᠬᠢᠨ ᠤᠯᠤᠰ ᠤᠨ ᠥᠮᠴᠢᠯᠡᠯᠲᠦ ᠪᠤᠰᠤ ᠭᠡᠷ ᠪᠠᠶᠢᠰᠢᠩ ᠢ ᠲᠦᠷᠢᠶᠡᠰᠦᠯᠡᠭᠰᠡᠨ ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠵᠣᠬᠢᠬᠤ ᠬᠡᠮᠵᠢᠶ᠎ᠡ ᠪᠠᠷ ᠬᠠᠪᠰᠤᠷᠤᠨ ᠲᠡᠳᠬᠦᠵᠦ ᠪᠣᠯᠣᠨ᠎ᠠ︔ ᠲᠦᠷᠢᠶᠡᠰᠦᠨ ᠮᠥᠩᠭᠦ ᠶᠢ ᠨᠢ ᠬᠠᠰᠤᠵᠤ ᠬᠡᠯᠲᠦᠷᠢᠭᠦᠯᠦᠭᠰᠡᠨ ᠭᠡᠷ ᠪᠠᠶᠢᠰᠢᠩ ᠤᠨ ᠥᠮᠴᠢᠲᠡᠨ ᠤ ᠡᠨᠡ ᠵᠢᠯ ᠤᠨ ᠭᠡᠷ ᠬᠥᠷᠥᠩᠭᠡ ᠶᠢᠨ ᠭᠠᠶᠢᠯᠢ᠂ ᠬᠤᠳᠠ ᠪᠠᠯᠭᠠᠰᠤᠨ ᠤ ᠭᠠᠵᠠᠷ ᠰᠢᠷᠣᠢ ᠶᠢᠨ ᠬᠡᠷᠡᠭᠯᠡᠭᠡᠨ ᠤ ᠭᠠᠶᠢᠯᠢ ᠶᠢ ᠲᠣᠭᠲᠠᠭᠠᠯ ᠶᠣᠰᠣᠭᠠᠷ ᠬᠠᠰᠤᠵᠤ ᠬᠡᠯᠲᠦᠷᠢᠭᠦᠯᠦᠨ᠎ᠡ ᠭᠡᠵᠡᠢ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠵᠢᠯ ᠢ ᠤᠨᠢᠨ ᠳᠡᠭᠡᠷ᠎ᠡ ᠨᠢ ᠰᠠᠶᠢᠲᠤᠷ ᠬᠢᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠳᠤ ᠴᠢᠭᠯᠡᠭᠦᠯᠦᠨ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠬᠠᠷᠰᠢᠯᠠᠯ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠬᠤ ᠬᠡᠷᠡᠭᠲᠡᠢ᠃ ᠥᠷᠭᠡᠨ ᠬᠡᠷᠡᠭᠴᠡᠭᠡᠨ ᠤ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠳᠣᠣᠷ᠎ᠠ ᠤᠷᠤᠰᠬᠠᠯ ᠤᠨ ᠠᠵᠤ ᠠᠬᠤᠶᠢᠯᠠᠯ ᠤᠨ ᠥᠪᠡᠷ ᠤᠨ ᠦᠷᠳᠡᠭ ᠤᠨ ᠳᠡᠭᠡᠭᠰᠢᠯᠡᠬᠦ ᠳᠠᠷᠤᠯᠲᠠ ᠶᠢ ᠨᠠᠮᠳᠠᠭᠠᠵᠤ᠂ ᠪᠠᠷᠠᠭᠠᠨ ᠤ ᠦᠨ᠎ᠡ ᠶᠢᠨ ᠦᠨᠳᠦᠰᠦᠨ ᠳᠤ ᠪᠠᠨ ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠠᠮᠤ ᠪᠤᠳᠠᠭ᠎ᠠ ᠪᠠ ᠡᠨᠧᠷᠭᠢ ᠶᠢᠨ ᠠᠮᠤᠷ ᠲᠦᠪᠰᠢᠨ ᠢ ᠪᠠᠲᠤᠯᠠᠵᠤ᠂ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠦᠨᠡᠨ ᠬᠦ ᠪᠠᠲᠤᠯᠠᠵᠤ᠂ ᠨᠡᠭᠦᠷᠡᠰᠦᠨ ᠤ ᠬᠠᠩᠭᠠᠯᠭ᠎ᠠ ᠶᠢ ᠨᠡᠮᠡᠭᠳᠡᠭᠦᠯᠦᠨ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠤᠨ ᠢᠯᠡᠭᠦᠦ ᠭᠦᠢᠴᠡᠳ ᠬᠦᠴᠦ ᠭᠠᠷᠭᠠᠬᠤ ᠶᠢ ᠲᠡᠮᠵᠢᠵᠤ᠂ ᠬᠡᠪ ᠤᠨ ᠦᠢᠯᠡᠳᠪᠦᠷᠢᠯᠡᠯ ᠪᠠ ᠠᠷᠠᠳ ᠤᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠢ ᠪᠠᠲᠤᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠦᠴᠦᠯᠡᠴᠡ ᠶᠢ ᠵᠣᠬᠢᠰᠲᠠᠢ ᠪᠠᠷ ᠤᠷᠤᠭᠰᠢᠯᠠᠭᠤᠯᠵᠤ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠪᠡᠯᠡᠳᠬᠡᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠪᠠ ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠭᠴᠢ ᠬᠦᠴᠦᠨ ᠢ ᠴᠢᠩᠭᠠᠳᠬᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号