ᠰᠢᠭᠤᠶᠢᠲᠤ ᠵᠡᠭᠡᠯᠢ ᠭᠤᠳᠤᠮᠵᠢ ᠶᠢᠨ ᠬᠢᠨ ᠪᠦᠬᠦ ᠤᠯᠤᠰ ᠤᠨ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ
ᠨᠡᠶᠢᠲᠡᠯᠡᠭᠰᠡᠨ ᠴᠠᠭ᠄
2022/2/23
       2 ᠰᠠᠷ᠎ᠠ ᠶᠢᠨ 16  ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠡᠭᠡᠯᠢ ᠭᠤᠳᠤᠮᠵᠢ ᠶᠢᠨ ᠪᠦᠬᠦ ᠺᠠᠳ᠋ᠷ ᠠᠵᠢᠯᠲᠠᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾  ᠤᠨ ᠪᠠᠭ ᠤᠨ ᠪᠦᠷᠢᠯᠳᠦᠭᠦᠨ᠂ ᠰᠦᠯᠵᠢᠶᠡᠨ ᠤ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠺᠠᠳ᠋ᠷ ᠠᠵᠢᠯᠲᠠᠨ ᠠᠵᠢᠯᠴᠢᠨ ᠰᠢ ᠶᠢᠨ ᠫᠢᠩ ᠶᠡᠷᠦᠩᠬᠡᠢ ᠱᠦᠵᠢ ᠶᠢᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠨᠢᠭᠡᠳᠦᠮᠡᠯ ᠹᠷᠣᠨᠲ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠢᠯ ᠬᠠᠮᠢᠭ᠎ᠠ ᠪᠠᠶᠢᠪᠠᠯ ᠨᠢᠭᠡᠳᠦᠮᠡᠯ ᠹᠷᠣᠨᠲ ᠤᠨ ᠬᠦᠴᠦᠨ ᠢ ᠲᠡᠨᠳᠡ ᠲᠥᠪᠯᠡᠷᠡᠭᠦᠯᠵᠦ᠂ ᠲᠡᠨᠳᠡ ᠳᠠᠭᠠᠵᠤ᠂ ᠦᠷ᠎ᠡ ᠪᠦᠲᠦᠮᠵᠢ ᠶᠢ ᠲᠡᠨᠳᠡ ᠪᠠᠳᠠᠷᠠᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃

     ᠬᠤᠷᠠᠯ ᠠᠴᠠ ᠱᠠᠭᠠᠷᠳᠠᠭᠰᠠᠨ ᠨᠢ᠂ ᠪᠦᠬᠦ ᠤᠯᠤᠰ ᠤᠨ ᠨᠢᠭᠡᠳᠦᠮᠡᠯ ᠹᠷᠣᠨᠲ ᠤᠨ ᠰᠠᠶᠢᠳ ᠨᠠᠷ ᠤᠨ

ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠰᠢ ᠶᠢᠨ ᠫᠢᠩ ᠶᠡᠷᠦᠩᠬᠡᠢ ᠱᠦᠵᠢ ᠶᠢᠨ

ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ

ᠦᠷᠭᠦᠯᠵᠢᠯᠡᠨ ᠰᠤᠷᠤᠯᠴᠠᠨ ᠣᠶᠢᠯᠠᠭᠠᠵᠤ᠂ ᠨᠡᠪᠲᠡᠷᠡᠲᠡᠯ᠎ᠡ ᠣᠶᠢᠯᠠᠭᠠᠵᠤ᠂ ᠪᠣᠳᠠᠲᠠᠶᠢᠵᠢᠭᠤᠯᠵᠤ᠂ ᠲᠣᠭᠲᠠᠭᠤᠨ ᠤ ᠳᠤᠮᠳᠠ

ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ

ᠰᠠᠨᠠᠭ᠎ᠠ ᠪᠠᠷ ᠪᠦᠬᠦ ᠤᠯᠤᠰ ᠤᠨ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠣᠨ

ᠨᠢᠭᠡᠳᠦᠮᠡᠯ ᠹᠷᠣᠨᠲ ᠤᠨ ᠠᠵᠢᠯ ᠤᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ

ᠰᠠᠶᠢᠲᠤᠷ ᠠᠳᠬᠤᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ

ᠪᠠᠶᠢᠭᠤᠯᠬᠤ ᠳᠤ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ

ᠬᠡᠷᠡᠭᠲᠡᠢ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号