ᠰᠢᠭᠤᠶᠢᠲᠤ ᠵᠡᠭᠡᠯᠢ ᠭᠤᠳᠤᠮᠵᠢ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ 2022 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ
ᠨᠡᠶᠢᠲᠡᠯᠡᠭᠰᠡᠨ ᠴᠠᠭ᠄
2022/2/23
       2 ᠰᠠᠷ᠎ᠠ ᠶᠢᠨ 16  ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ  ᠤ 2022 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠪᠦᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠵᠤ᠂ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠶᠠ ᠮᠢᠨ ᠬᠤᠷᠠᠯ ᠳᠤ ᠣᠷᠣᠯᠴᠠᠪᠠ᠃

     ᠬᠤᠷᠠᠯ ᠠᠴᠠ᠂ ᠵᠠᠭᠤᠨ ᠵᠢᠯ ᠤᠨ ᠲᠤᠷᠰᠢ᠂ ᠨᠠᠮ ᠪᠣᠯᠣᠨ ᠠᠷᠠᠳ ᠲᠦᠮᠡᠨ ᠤ ᠣᠯᠣᠭᠰᠠᠨ ᠠᠯᠢᠪᠠ ᠠᠮᠵᠢᠯᠲᠠ

ᠪᠦᠲᠦᠮᠵᠢ ᠪᠣᠯ ᠴᠥᠮ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠪᠦᠯᠬᠦᠮᠳᠡᠨ ᠲᠡᠮᠡᠴᠡᠬᠦ ᠪᠣᠯ ᠳᠤᠮᠳᠠᠳᠤ

ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠬᠠᠮᠤᠭ ᠤᠨ ᠢᠯᠡ ᠲᠣᠳᠣ

ᠤᠶᠤᠨ ᠰᠠᠨᠠᠭᠠᠨ ᠤ ᠪᠡᠯᠭᠡ ᠲᠡᠮᠳᠡᠭ ᠮᠥᠨ᠃ᠪᠦᠯᠬᠦᠮᠳᠡᠯ ᠪᠣᠯ ᠬᠦᠴᠦᠨ ᠴᠢᠳᠠᠯ ᠮᠥᠨ᠂ ᠲᠡᠮᠡᠴᠡᠯ ᠪᠣᠯ ᠢᠷᠡᠭᠡᠳᠦᠢ ᠶᠢ

ᠡᠭᠦᠳᠦᠨ ᠨᠡᠭᠡᠭᠡᠨ᠎ᠡ︔ ᠵᠠᠭᠤᠨ ᠵᠢᠯ ᠤᠨ ᠲᠡᠮᠡᠴᠡᠯ ᠤᠨ ᠲᠡᠦᠬᠡ ᠪᠢᠳᠡᠨ ᠳᠤ ᠬᠡᠯᠡᠵᠦ ᠥᠭᠭᠦᠭᠰᠡᠨ ᠢ ᠬᠡᠯᠡᠵᠦ ᠥᠭᠴᠡᠢ︔

ᠪᠦᠯᠬᠦᠮᠳᠡᠨ ᠲᠡᠮᠡᠴᠡᠵᠦ ᠴᠢᠳᠠᠬᠤ ᠦᠨᠳᠦᠰᠦᠲᠡᠨ ᠰᠠᠶ᠋ᠢ ᠠᠯᠤᠰ ᠢᠷᠡᠭᠡᠳᠦᠢ ᠲᠠᠢ᠂ ᠪᠦᠯᠬᠦᠮᠳᠡᠨ ᠲᠡᠮᠡᠴᠡᠵᠦ ᠴᠢᠳᠠᠬᠤ

ᠲᠦᠷᠦ ᠶᠢᠨ ᠨᠠᠮ ᠰᠠᠶ᠋ᠢ ᠢᠯᠠᠭᠳᠠᠰᠢ ᠦᠭᠡᠢ ᠪᠠᠶᠢᠷᠢᠨ ᠳᠤ ᠪᠠᠶᠢᠵᠤ ᠴᠢᠳᠠᠨ᠎ᠠ᠃ᠪᠢᠳᠡ ᠠᠭᠤᠤ ᠶᠡᠭᠡ ᠨᠠᠮ ᠪᠠᠶᠢᠭᠤᠯᠬᠤ

ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠪᠠᠭᠤᠷᠢ ᠵᠦᠳᠡᠭᠦᠷᠢ ᠠᠴᠠ ᠡᠭᠦᠰᠴᠦ᠂ ᠠᠮᠤᠷ ᠵᠢᠷᠭᠠᠯ ᠠᠴᠠ ᠦᠬᠦᠭᠰᠡᠨ

ᠡᠷᠲᠡᠨ ᠤ ᠰᠤᠷᠭᠠᠯ ᠢ ᠲᠣᠳᠣᠷᠬᠠᠢ ᠴᠡᠭᠡᠵᠢᠯᠡᠵᠦ᠂ ᠬᠡᠵᠢᠶᠡᠳᠡ ᠬᠤᠯᠠ ᠶᠢᠨ ᠪᠣᠳᠣᠯᠭ᠎ᠠ ᠶᠢ ᠡᠪᠦᠷᠯᠡᠵᠦ᠂ ᠠᠮᠤᠷ

ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠨᠢᠭᠲᠠᠷᠠᠨ ᠪᠦᠯᠬᠦᠮᠳᠡᠵᠦ᠂ ᠲᠡᠰᠪᠦᠷᠢ

ᠬᠠᠲᠠᠭᠤᠵᠢᠯᠲᠠᠢ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡ ᠶᠢᠨ

ᠠᠭᠤᠤ ᠶᠡᠭᠡ ᠦᠢᠯᠡᠰ ᠢ ᠦᠷᠭᠦᠯᠵᠢᠯᠡᠨ ᠲᠦᠯᠬᠢᠨ ᠤᠷᠤᠭᠰᠢᠯᠠᠭᠤᠯᠬᠤ ᠬᠡᠷᠡᠭᠲᠡᠢ᠃

      ᠬᠤᠷᠠᠯ ᠠᠴᠠ᠂ ᠵᠡᠭᠡᠯᠢ ᠭᠤᠳᠤᠮᠵᠢ ᠶᠢᠨ ᠬᠢᠨ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠣᠶᠢᠯᠠᠭᠠᠨ

ᠣᠶᠢᠯᠠᠭᠠᠵᠤ᠂ ᠥᠩᠭᠡᠷᠡᠭᠰᠡᠨ ᠢᠶᠠᠨ ᠳ᠋ᠦᠩᠨᠡᠵᠦ᠂ ᠢᠷᠡᠭᠡᠳᠦᠢ ᠪᠠᠨ ᠲᠥᠯᠥᠪᠵᠢᠭᠦᠯᠵᠦ᠂ ᠪᠦᠬᠦ ᠠᠵᠢᠯᠲᠠᠳ ᠡᠨᠡ ᠵᠢᠯ ᠤᠨ

ᠠᠵᠢᠯ ᠤᠨ ᠲᠥᠯᠥᠪᠯᠡᠭᠡ ᠪᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠷᠠᠳ ᠤᠨ

ᠠᠮᠢᠳᠤᠷᠠᠯ ᠢ ᠪᠠᠲᠤᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠣᠳᠠᠲᠤ

ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ

ᠬᠡᠷᠡᠭᠲᠡᠢ ᠭᠡᠵᠦ ᠴᠢᠬᠤᠯᠠᠴᠢᠯᠠᠪᠠ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号