︽ᠬᠤᠶᠠᠷ ᠬᠤᠷᠠᠯ︾ ᠤᠨ ᠰᠢᠭᠤᠶᠢᠲᠤ ᠵᠡᠭᠡᠯᠢ ᠭᠤᠳᠤᠮᠵᠢ ᠶᠢᠨ ᠬᠢᠨ ᠪᠤᠭᠤᠲᠤ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2022/2/23
      2 ᠳ᠋ᠤᠭᠠᠷ ᠰᠠᠷ᠎ᠠ ᠶᠢᠨ 16 ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠪᠤᠭᠤᠲᠤ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠪᠥᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠶᠠ ᠮᠢᠨ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠮᠥ᠋ᠩ ᠹᠠᠨ ᠯᠢ ᠨᠥᠬᠦᠷ ᠤᠨ︽ᠬᠤᠶᠠᠷ ᠬᠤᠷᠠᠯ︾  ᠤᠨ ᠶᠠᠷᠢᠶᠠᠨ ᠤ ᠵᠣᠷᠢᠭ ᠰᠠᠨᠠᠭ᠎ᠠ᠂ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯ ᠵᠣᠷᠢᠭ ᠰᠠᠨᠠᠭ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠬᠡᠯ ᠤᠨ ᠭᠤᠣᠯ ᠵᠣᠷᠢᠭ ᠰᠠᠨᠠᠭ᠎ᠠ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠢᠯᠡᠳᠬᠡᠯ ᠤᠨ ᠭᠤᠣᠯ ᠵᠣᠷᠢᠭ ᠰᠠᠨᠠᠭ᠎ᠠ᠂ ᠬᠤᠳᠠ ᠶᠢᠨ ᠬᠠᠤᠯᠢ ᠪᠠᠶᠢᠴᠠᠭᠠᠬᠤ ᠬᠤᠷᠢᠶ᠎ᠠ ᠶᠢᠨ︽ᠬᠤᠶᠠᠷ ᠬᠤᠷᠢᠶ᠎ᠠ︾ ᠶᠢᠨ ᠠᠵᠢᠯ ᠤᠨ ᠢᠯᠡᠳᠬᠡᠯ ᠤᠨ ᠭᠤᠣᠯ ᠵᠣᠷᠢᠭ ᠰᠠᠨᠠᠭ᠎ᠠ ᠵᠢᠴᠢ ᠰᠢᠭᠤᠶᠢᠲᠤ ᠲᠣᠭᠤᠷᠢᠭ ᠤᠨ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃

     ᠬᠤᠷᠠᠯ ᠠᠴᠠ᠂ ᠪᠦᠬᠦ ᠵᠡᠭᠡᠯᠢ ᠭᠤᠳᠤᠮᠵᠢ ᠶᠢᠨ ᠬᠢᠨ ᠦᠵᠡᠯ ᠰᠠᠨᠠᠭ᠎ᠠ ᠲᠠᠨᠢᠯᠲᠠ ᠪᠣᠯᠣᠨ ᠤᠯᠤᠰ ᠲᠦᠷᠦ ᠶᠢᠨ

ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠤᠳᠠ ᠶᠢᠨ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠢ ᠰᠤᠷᠤᠯᠴᠠᠨ

ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠬᠡᠰᠡᠭ

ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠬᠠᠮᠤᠭ ᠤᠨ ᠲᠦᠷᠦᠭᠦᠨ ᠳᠤ ᠤᠯᠠᠮᠵᠢᠯᠠᠨ

ᠰᠤᠷᠤᠯᠴᠠᠵᠤ᠂ ᠬᠠᠮᠤᠭ ᠤᠨ ᠲᠦᠷᠦᠭᠦᠨ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠢ᠃

︽ᠲᠦᠷᠪᠡᠨ ᠤᠬᠠᠮᠰᠠᠷ︾  ᠢᠶᠠᠨ ᠦᠨᠡᠨᠬᠦ ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ

ᠬᠠᠮᠠᠭᠠᠯᠠᠬᠤ︾ ᠶᠢ ᠪᠡᠶᠡᠯᠡᠭᠦᠯᠵᠦ᠂ ᠴᠠᠭ ᠢᠮᠠᠭᠲᠠ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂

ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ ᠢ ᠴᠢᠩᠭ᠎ᠠ ᠳᠠᠭᠠᠵᠤ᠂

ᠬᠤᠳᠠ ᠶᠢᠨ ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠦᠵᠡᠯ

ᠰᠠᠨᠠᠭ᠎ᠠ᠂ ᠦᠢᠯᠡ ᠠᠵᠢᠯᠯᠠᠭ᠎ᠠ ᠳᠡᠭᠡᠷ᠎ᠡ ᠪᠠᠨ ᠵᠡᠭᠡᠯᠢ ᠭᠤᠳᠤᠮᠵᠢ ᠶᠢᠨ ᠤᠯᠤᠰ ᠲᠦᠷᠦ ᠶᠢᠨ ᠦᠨᠡᠨᠴᠢ ᠰᠢᠳᠤᠷᠭᠤ ᠶᠢ

ᠭᠦᠢᠴᠡᠳ ᠢᠯᠡᠷᠡᠭᠦᠯᠬᠦ ᠬᠡᠷᠡᠭᠲᠡᠢ᠃

      ᠬᠤᠷᠠᠯ   ᠠᠴᠠ ᠱᠠᠭᠠᠷᠳᠠᠭᠰᠠᠨ ᠨᠢ᠂ ᠨᠢᠭᠡ ᠳᠤ ᠰᠤᠷᠤᠯᠴᠠᠨ ᠣᠶᠢᠯᠠᠭᠠᠬᠤ ᠳᠡᠭᠡᠷ᠎ᠡ ᠬᠦᠴᠦ ᠲᠠᠯᠪᠢᠵᠤ᠂

ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠪᠥᠬᠦ ᠺᠠᠳ᠋ᠷ ᠠᠵᠢᠯᠲᠠᠨ ᠠᠵᠢᠯᠴᠢᠨ ᠦᠵᠡᠯ ᠰᠠᠨᠠᠭ᠎ᠠ ᠪᠠ ᠦᠶᠯᠡ

ᠠᠵᠢᠯᠯᠠᠭ᠎ᠠ ᠪᠠᠨ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠤᠷᠢᠳᠠᠪᠠᠷ ᠨᠢᠭᠡ ᠠᠯᠬᠤᠮ

ᠰᠤᠷᠤᠯᠴᠠᠵᠤ᠂ ᠨᠢᠭᠡ ᠱᠠᠲᠤ ᠭᠦᠨᠵᠡᠭᠡᠢ ᠰᠤᠷᠤᠯᠴᠠᠬᠤ ᠶᠢ ᠪᠡᠶᠡᠯᠡᠭᠦᠯᠵᠦ᠂ ᠵᠣᠷᠢᠭ ᠰᠠᠨᠠᠭᠠᠨ ᠤ ᠮᠥᠨ ᠴᠢᠨᠠᠷ ᠢ

ᠨᠡᠪᠲᠡᠷᠡᠲᠡᠯ᠎ᠡ ᠣᠶᠢᠯᠠᠭᠠᠵᠤ᠂ ᠭᠤᠣᠯᠯᠠᠬᠤ ᠴᠢᠬᠤᠯᠠ ᠠᠭᠤᠯᠭ᠎ᠠ ᠶᠢ ᠣᠨᠣᠪᠴᠢᠲᠠᠶ ᠡᠵᠡᠮᠳᠡᠬᠦ ᠬᠡᠷᠡᠭᠲᠡᠢ᠃ᠦᠵᠡᠯ

ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠳᠠ ᠶᠢᠨ︽ᠬᠤᠶᠠᠷ ᠬᠤᠷᠠᠯ︾  ᠤᠨ ᠵᠣᠷᠢᠭ ᠰᠠᠨᠠᠭ᠎ᠠ ᠳᠡᠭᠡᠷ᠎ᠡ ᠦᠨᠡᠨᠬᠦ

ᠨᠢᠭᠡᠳᠬᠡᠵᠦ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠬᠤᠳᠠ ᠶᠢᠨ︽ᠬᠤᠶᠠᠷ ᠬᠤᠷᠠᠯ︾  ᠤᠨ ᠳᠤᠷᠠᠳᠤᠭᠰᠠᠨ

ᠡᠯ᠎ᠡ ᠵᠦᠢᠯ ᠤᠨ ᠡᠭᠦᠷᠭᠡ ᠳᠡᠭᠡᠷ᠎ᠡ ᠨᠢᠭᠡᠳᠬᠡᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ᠂ ᠨᠡᠪᠲᠡᠷᠡᠲᠡᠯ᠎ᠡ

ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ᠂ ᠰᠤᠷᠤᠯᠴᠠᠵᠤ ᠬᠡᠷᠡᠭᠯᠡᠬᠦ ᠶᠢ ᠤᠶᠠᠯᠳᠤᠭᠤᠯᠬᠤ ᠳᠡᠭᠡᠷ᠎ᠡ ᠬᠦᠴᠦ ᠲᠠᠯᠪᠢᠵᠤ᠂

ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠲᠣᠭᠤᠷᠢᠭ ᠤᠨ ᠨᠠᠮ ᠤᠨ ᠬᠤᠷᠢᠶ᠎ᠠ᠂

ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ

ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ᠬᠤᠶᠠᠷ ᠲᠤ᠂

ᠪᠦᠬᠦ ᠲᠠᠯ᠎ᠠ ᠪᠠᠷ ᠲᠤᠤᠱᠯᠠᠭᠤᠯᠬᠤ ᠳᠡᠭᠡᠷ᠎ᠡ ᠬᠦᠴᠦ ᠣᠷᠣᠭᠤᠯᠵᠤ᠂ ᠶᠡᠭᠡ ᠬᠡᠮᠵᠢᠶᠡᠨ ᠤ ᠭᠠᠪᠢᠶ᠎ᠠ ᠵᠢᠳᠬᠦᠯ ᠢ

ᠢᠯᠡᠭᠦᠬᠡᠨ ᠬᠤᠷᠠᠮᠳᠤᠭᠤᠯᠵᠤ᠂ ᠵᠡᠭᠡᠯᠢ ᠭᠤᠳᠤᠮᠵᠢ ᠶᠢᠨ ᠺᠠᠳ᠋ᠷ ᠠᠵᠢᠯᠲᠠᠨ ᠤ ᠰᠢᠷᠭᠠᠭᠤ ᠬᠠᠲᠠᠭᠤᠵᠢᠯᠲᠠᠢ ᠵᠢᠭᠠᠯᠲᠠ

ᠲᠤᠭ᠎ᠠ ᠪᠠᠷ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠰᠣᠯᠢᠵᠤ᠂ ᠡᠪ ᠬᠠᠮᠲᠤᠴᠤᠳ ᠤᠨ

ᠲᠡᠮᠡᠴᠡᠯ ᠤᠨ ᠵᠢᠭᠠᠯᠲᠠ ᠲᠤᠭ᠎ᠠ ᠪᠠᠷ ᠨᠡᠶᠢᠭᠡᠮ ᠤᠨ ᠬᠥᠭᠵᠢᠯᠲᠡ ᠶᠢᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠦ᠂

ᠰᠢᠭᠤᠶᠢᠲᠤ ᠵᠡᠭᠡᠯᠢ ᠭᠤᠳᠤᠮᠵᠢ ᠶᠢᠨ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂

ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠭᠦᠯᠦᠨ᠎ᠡ᠃ᠭᠤᠷᠪᠠ ᠳᠤ ᠡᠷᠡᠰ ᠨᠠᠶᠢᠳᠠᠪᠤᠷᠢᠵᠢᠭᠤᠯᠬᠤ

ᠳᠡᠭᠡᠷ᠎ᠡ ᠬᠦᠴᠦ ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ ᠵᠡᠭᠡᠯᠢ ᠭᠤᠳᠤᠮᠵᠢ ᠶᠢᠨ ᠬᠥᠭᠵᠢᠯᠲᠡ ᠶᠢ ᠠᠬᠢᠭᠤᠯᠵᠤ᠂

︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠦᠢᠯᠡᠳᠦᠯᠭᠡᠵᠢᠭᠦᠯᠦᠭᠴᠢ ᠪᠣᠯᠵᠤ᠂

ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠡᠳᠦᠷ

ᠲᠤᠲᠤᠮ ᠤᠨ ᠪᠣᠳᠠᠲᠠᠢ ᠠᠵᠢᠯ ᠤᠨ ᠳᠤᠮᠳᠠ ᠪᠠᠨ ᠢᠯᠡᠷᠡᠭᠦᠯᠵᠦ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ᠂ ᠠᠶᠤᠯ ᠦᠭᠡᠢ ᠦᠢᠯᠡᠳᠪᠦᠷᠢᠯᠡᠯ ᠪᠣᠯᠣᠨ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ

ᠬᠠᠮᠠᠭᠠᠯᠠᠬᠤ ᠵᠡᠷᠭᠡ ᠭᠤᠣᠯᠳᠠᠯᠭ᠎ᠠ  ᠲᠠᠢ ᠠᠵᠢᠯ ᠲᠠᠢ ᠤᠶᠠᠯᠳᠤᠭᠤᠯᠵᠤ᠂ ᠦᠨᠡᠨᠬᠦ ᠠᠳᠬᠤᠵᠤ ᠪᠣᠳᠠᠲᠠᠢ ᠠᠵᠢᠯᠯᠠᠬᠤ

ᠠᠵᠢᠯᠯᠠᠭ᠎ᠠ ᠪᠠᠷ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠨᠡᠨ ᠢ ᠪᠠᠷᠢᠮᠲᠠᠯᠠᠨ

ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠬᠤᠳᠠ ᠶᠢᠨ ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠢ ᠲᠤᠤᠱᠯᠠᠭᠤᠯᠤᠨ

ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠡᠴᠡᠭᠯᠡᠨ ᠬᠥᠭᠵᠢᠭᠰᠡᠨ᠂ ᠴᠡᠴᠡᠭᠯᠡᠨ ᠬᠥᠭᠵᠢᠭᠰᠡᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ ᠪᠤᠭᠤᠲᠤ ᠶᠢ

ᠪᠠᠶᠢᠭᠤᠯᠬᠤ ᠳᠤ ᠭᠠᠵᠠᠷ ᠣᠷᠣᠨ ᠤ ᠬᠦᠴᠦᠨ ᠴᠢᠳᠠᠯ ᠢᠶᠠᠨ ᠡᠷᠭᠦᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ

ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号