ᠪᠠᠷᠰ ᠵᠢᠯ ᠤᠨ ᠴᠠᠭᠠᠨ ᠰᠠᠷ᠎ᠠ ᠶᠢᠨ ᠡᠬᠢ ᠪᠠᠷ᠂ ᠱᠢ ᠭᠤᠸᠠᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠬᠠᠰ ᠵᠡᠭᠡᠯᠢ ᠭᠤᠳᠤᠮᠵᠢ᠂ ᠨᠡᠶᠢᠭᠡᠮ | ᠲᠣᠭᠤᠷᠢᠭ ᠤᠨ ᠪᠦᠬᠦ ᠨᠠᠮ ᠤᠨ ᠭᠡᠰᠢᠭᠦᠨ᠂ ᠺᠠᠳ᠋ᠷ ᠠᠵᠢᠯᠲᠠᠳ ᠲᠤ︽ᠵᠠᠯᠠᠭᠤ ᠺᠠᠳ᠋ᠷ ᠨᠠᠢᠮᠠᠨ ᠵᠦᠢᠯ ᠤᠨ ᠬᠥᠮᠥᠨ | ᠪᠣᠯᠬᠤ ᠪᠠᠷ ᠴᠢᠷᠮᠠᠶᠢᠬᠤ ᠬᠡᠷᠡᠭᠲᠡᠢ︾ᠭᠡᠬᠦ ᠰᠡᠳᠦᠪ ᠢᠶᠠᠷ ᠨᠠᠮ ᠤᠨ ᠬᠢᠴᠢᠶᠡᠯ ᠵᠢᠭᠠᠪᠠ᠃ | ︽ᠶᠠᠭᠤᠨ ᠳᠤ ᠮᠢᠨᠤ ᠨᠢᠳᠦᠨ ᠳᠤ ᠦᠷᠭᠦᠯᠵᠢ ᠨᠢᠯᠪᠤᠰᠤ ᠮᠡᠯᠲᠡᠭᠡᠨᠡᠳᠡᠭ ᠪᠤᠶ ᠤᠴᠢᠷ ᠨᠢ ᠪᠢ ᠡᠨᠡ | ᠨᠤᠲᠤᠭ ᠢ ᠲᠣᠩ ᠶᠡᠭᠡ ᠬᠠᠢᠷᠠᠯᠠᠳᠠᠭ ᠶᠤᠮ ᠁︾ ᠭᠡᠵᠦ ᠨᠠᠮ ᠤᠨ ᠬᠢᠴᠢᠶᠡᠯ ᠳᠡᠭᠡᠷ᠎ᠡ᠂ ᠵᠡᠭᠡᠯᠢ ᠭᠤᠳᠤᠮᠵᠢ ᠶᠢᠨ | ᠵᠠᠯᠠᠭᠤ ᠺᠠᠳ᠋ᠷ ᠣᠯᠠᠨ ᠪᠠᠶᠢᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠰ ᠡᠷᠬᠢᠯᠡᠭᠴᠢ ᠬᠤᠪᠢ ᠬᠥᠮᠥᠨ ᠤ | ᠦᠰᠦᠨ ᠪᠤᠶᠢᠵᠢᠯᠲᠠ ᠪᠠ ᠠᠵᠢᠯ ᠤᠨ ᠥᠩᠭᠡᠷᠡᠯᠲᠡ ᠪᠠᠷ ᠢᠶᠠᠨ ᠰᠠᠨᠠᠯ ᠢᠶᠠᠨ ᠰᠣᠯᠢᠯᠴᠠᠵᠤ᠂ ᠥᠪᠡᠷ ᠤᠨ ᠣᠯᠣᠯᠲᠠ | ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠡᠷᠲᠡ ᠴᠢᠯᠦᠭᠡᠯᠡᠭᠳᠡᠭᠰᠡᠨ ᠣᠷᠣᠨ ᠤ ᠬᠥᠭᠵᠢᠯᠲᠡ ᠶᠢᠨ | ᠶᠠᠪᠤᠴᠠ ᠠᠴᠠ ᠨᠠᠮ ᠤᠨ ᠭᠡᠰᠢᠭᠦᠨ ᠺᠠᠳ᠋ᠷᠴᠤᠳ ᠶᠠᠮᠠᠷ ᠶᠠᠩᠵᠤ ᠶᠢᠨ ᠬᠦᠰᠡᠯᠡᠩ ᠢᠲᠡᠭᠡᠯ ᠪᠢᠰᠢᠷᠡᠯ ᠢ ᠪᠤᠶ ᠪᠣᠯᠭᠠᠬᠤ | ᠬᠦᠷᠲᠡᠯ᠎ᠡ᠂ ᠳᠠᠬᠢᠭᠠᠳ ᠰᠢ ᠶᠢᠨ ᠫᠢᠩ ᠤ ᠶᠡᠷᠦᠩᠬᠡᠢ ᠱᠦᠵᠢ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢ ᠲᠥᠯᠥᠭᠡᠯᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ | ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠢᠯᠡᠳᠬᠡᠯ ᠬᠢᠬᠦ ᠳᠤ ᠢᠯᠡᠷᠡᠭᠦᠯᠦᠭᠰᠡᠨ ᠤᠯᠤᠰ ᠭᠡᠷ ᠤᠨ | ᠬᠠᠶᠢᠷ᠎ᠠ ᠰᠡᠳᠬᠢᠯᠭᠡ ᠵᠡᠷᠭᠡ ᠳᠤ ᠬᠦᠷᠴᠦ᠂ ᠪᠦᠬᠦ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠬᠠᠶᠢᠷ᠎ᠠ | ᠰᠡᠳᠬᠢᠯᠭᠡ ᠲᠠᠢ᠂ ᠬᠦᠰᠡᠯ ᠵᠣᠷᠢᠯᠲᠠ ᠲᠠᠢ᠂ ᠴᠢᠳᠠᠪᠤᠷᠢ ᠲᠠᠢ᠂ ᠲᠣᠭᠲᠠᠯ ᠬᠦᠴᠦᠨ ᠲᠠᠢ᠂ ᠠᠮᠵᠢᠯᠲᠠ ᠪᠦᠲᠦᠮᠵᠢ ᠲᠠᠢ᠂ | ᠪᠠᠶᠢᠷᠢᠰᠢᠯ ᠲᠠᠢ ᠬᠥᠮᠥᠨ ᠪᠣᠯᠬᠤ ᠶᠢ ᠰᠠᠨᠠᠭᠠᠴᠢᠯᠠᠪᠠ᠃ | | | | | | ︽ᠥᠪᠡᠷᠮᠢᠴᠡ ᠴᠢᠨᠠᠷ ᠨᠢ ᠨᠠᠮᠴᠢ ᠴᠢᠨᠠᠷ ᠢᠶᠠᠨ ᠲᠡᠭᠠᠬᠤ ᠬᠡᠷᠡᠭᠲᠡᠢ᠂ ᠪᠠᠭ᠎ᠠ ᠪᠢ ᠨᠢ ᠶᠡᠭᠡ ᠪᠡᠶ᠎ᠡ ᠪᠠᠨ ᠲᠡᠭᠠᠬᠤ | ᠬᠡᠷᠡᠭᠲᠡᠢ᠃︾ ᠬᠠᠰ ᠡᠷᠬᠢᠯᠡᠭᠴᠢ ᠴᠢᠬᠤᠯᠠᠴᠢᠯᠠᠬᠤ ᠳᠠᠭᠠᠨ᠂ ᠪᠦᠬᠦ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ | ᠬᠢᠵᠠᠭᠠᠷᠯᠠᠬᠤ ᠪᠠᠷ ᠤᠷᠢᠲᠠᠯ ᠪᠣᠯᠭᠠᠵᠤ᠂ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠱᠠᠭᠠᠷᠳᠠᠯᠭ᠎ᠠ ᠶᠣᠰᠣᠭᠠᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ | ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠠᠵᠢᠯᠯᠠᠵᠤ᠂ ᠶᠣᠰᠣ ᠳᠦᠷᠢᠮ ᠤᠨ ᠤᠬᠠᠮᠰᠠᠷ᠂ ᠬᠤᠷᠢᠭ᠎ᠠ ᠱᠤᠭᠤᠮ ᠤᠨ | ᠤᠬᠠᠮᠰᠠᠷ᠂ ᠤᠯᠠᠭᠠᠨ ᠱᠤᠭᠤᠮ ᠤᠨ ᠤᠬᠠᠮᠰᠠᠷ ᠢ ᠪᠤᠢ ᠪᠣᠯᠭᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ | ᠪᠣᠯᠭᠤᠮᠵᠢᠯᠠᠨ ᠪᠣᠯᠭᠤᠮᠵᠢᠯᠠᠵᠤ᠂ ᠪᠠᠭ᠎ᠠ ᠠᠴᠠ ᠶᠡᠭᠡ ᠶᠢ ᠣᠯᠵᠤ ᠮᠡᠳᠡᠨ᠂ ᠪᠠᠭ᠎ᠠ ᠠᠴᠠ ᠶᠡᠭᠡ ᠶᠢ ᠣᠯᠵᠤ ᠮᠡᠳᠡᠨ᠂ | ᠬᠠᠮᠢᠶᠠᠷᠤᠯᠲᠠ ᠠᠴᠠ ᠶᠡᠭᠡ ᠶᠢ ᠣᠯᠵᠤ ᠮᠡᠳᠡᠨ᠂ ᠪᠠᠭ᠎ᠠ ᠠᠴᠠ ᠶᠡᠭᠡ ᠶᠢ ᠣᠯᠵᠤ ᠮᠡᠳᠡᠨ᠂ ᠯᠠᠪᠳᠠᠭᠤᠨ ᠪᠠᠲᠤᠲᠠᠢ ᠪᠠᠷ | ᠠᠵᠢᠯ ᠬᠢᠵᠦ᠂ ᠠᠮᠢᠳᠤᠷᠠᠯ ᠤᠨ ᠬᠤᠷᠢᠭ᠎ᠠ ᠱᠤᠭᠤᠮ ᠢ ᠰᠠᠬᠢᠵᠤ᠂ ᠶᠣᠰᠣ ᠳᠦᠷᠢᠮ ᠲᠠᠢ᠂ ᠬᠤᠷᠢᠭ᠎ᠠ ᠱᠤᠭᠤᠮ ᠲᠠᠢ | ᠬᠥᠮᠥᠨ ᠪᠣᠯᠬᠤ ᠬᠡᠷᠡᠭᠲᠡᠢ᠃ | | ᠬᠠᠰ ᠡᠷᠬᠢᠯᠡᠭᠴᠢ ᠬᠠᠮᠤᠭ ᠡᠴᠦᠰ ᠲᠤ ᠪᠦᠬᠦ ᠨᠠᠮ ᠤᠨ ᠭᠡᠰᠢᠭᠦᠨ ᠺᠠᠳ᠋ᠷᠴᠤᠳ ᠢ ᠨᠣᠶᠠᠳ ᠤᠨ ᠭᠠᠵᠠᠷ ᠢ ᠵᠠᠬ᠎ᠠ | ᠳᠡᠯᠭᠡᠭᠦᠷ ᠪᠣᠯᠭᠠᠵᠤ ᠪᠣᠯᠬᠤ ᠦᠭᠡᠢ᠂ ᠠᠷᠢᠭᠤᠨ ᠴᠢᠬᠡᠴᠢ ᠬᠥᠮᠥᠨ ᠪᠣᠯᠬᠤ ᠬᠡᠷᠡᠭᠲᠡᠢ;ᠨᠣᠶᠠᠳ ᠤᠨ ᠲᠠᠯᠠᠪᠤᠷ ᠢ ᠢᠨᠠᠭ | ᠳᠤᠷᠠᠯᠠᠯ ᠤᠨ ᠲᠠᠯᠠᠪᠤᠷ ᠢᠶᠠᠷ ᠦᠵᠡᠵᠦ᠂ ᠠᠷᠠᠳ ᠤᠨ ᠲᠥᠯᠥᠭᠡ ᠲᠦᠷᠦ ᠪᠠᠷᠢᠭᠴᠢ ᠬᠥᠮᠥᠨ ᠪᠣᠯᠵᠤ ᠪᠣᠯᠬᠤ ᠦᠭᠡᠢ; | ᠨᠣᠶᠠᠳ ᠤᠨ ᠲᠠᠯᠠᠪᠤᠷ ᠢ ᠦᠵᠡᠭᠦᠯᠦᠯᠭᠡ ᠶᠢᠨ ᠲᠠᠯᠠᠪᠤᠷ ᠢᠶᠠᠷ ᠦᠵᠡᠵᠦ᠂ ᠯᠠᠪᠳᠠᠭᠤᠨ ᠪᠠᠲᠤᠲᠠᠢ ᠪᠠᠷ ᠠᠵᠢᠯ ᠬᠢᠳᠡᠭ | ᠬᠥᠮᠥᠨ ᠪᠣᠯᠵᠤ ᠪᠣᠯᠬᠤ ᠦᠭᠡᠢ;ᠨᠣᠶᠠᠳ ᠤᠨ ᠲᠠᠯᠠᠪᠤᠷ ᠢ ᠲᠡᠮᠡᠴᠡᠯ ᠤᠨ ᠲᠠᠯᠠᠪᠤᠷ ᠢᠶᠠᠷ ᠦᠵᠡᠵᠦ᠂ ᠪᠦᠯᠬᠦᠮᠳᠡᠬᠦ ᠳᠡᠭᠡᠨ | ᠴᠢᠳᠠᠮᠠᠭᠠᠢ ᠬᠥᠮᠥᠨ ᠪᠣᠯᠵᠤ ᠪᠣᠯᠬᠤ ᠦᠭᠡᠢ;ᠨᠣᠶᠠᠳ ᠤᠨ ᠭᠠᠵᠠᠷ ᠢ ᠵᠣᠭᠤᠰ ᠨᠠᠭᠠᠳᠬᠤ ᠭᠠᠵᠠᠷ ᠪᠣᠯᠭᠠᠭᠠᠳ ᠬᠠᠤᠯᠢ | ᠰᠠᠬᠢᠯᠭ᠎ᠠ ᠶᠢ ᠵᠢᠷᠤᠮᠯᠠᠨ ᠰᠠᠬᠢᠳᠠᠭ ᠬᠥᠮᠥᠨ ᠪᠣᠯᠵᠤ ᠪᠣᠯᠬᠤ ᠤᠶᠢᠭᠡᠢ᠃ | ᠪᠦᠬᠦ ᠬᠢᠴᠢᠶᠡᠯ ᠢ ᠭᠤᠣᠯᠳᠠᠭᠤ ᠵᠠᠯᠠᠭᠤ ᠬᠥᠮᠥᠰ ᠤᠨ ︽ᠡᠪᠡᠳᠴᠢᠨ︾ ᠳᠤ ᠡᠮ ᠥᠭᠬᠦ ᠳᠤ | ᠬᠠᠨᠳᠤᠭᠤᠯᠵᠤ᠂ ᠰᠤᠷᠤᠯᠴᠠᠬᠤ ᠠᠭᠤᠷ ᠠᠮᠢᠰᠬᠤᠯ ᠬᠥᠭᠵᠢᠶᠡᠨᠲᠡᠢ ᠪᠥᠭᠡᠳ ᠪᠣᠳᠠᠲᠤ ᠠᠵᠢᠯᠯᠠᠭ᠎ᠠ ᠶᠢ ᠡᠷᠬᠢᠮᠯᠡᠵᠦ᠂ | ᠬᠢᠴᠢᠶᠡᠯ ᠵᠢᠭᠠᠬᠤ ᠠᠭᠤᠯᠭ᠎ᠠ ᠨᠢ ᠭᠦᠨ ᠭᠦᠨᠵᠡᠭᠡᠢ ᠪᠥᠭᠡᠳ ᠨᠡᠪᠲᠡᠷᠬᠡᠢ᠂ ᠪᠣᠳᠠᠲᠠᠢ ᠪᠠᠷᠠᠭ᠎ᠠ ᠨᠢ ᠳᠦᠭᠦᠷᠡᠩ᠂ ᠪᠦᠬᠦ | ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠵᠠᠯᠠᠭᠤ ᠺᠠᠳ᠋ᠷᠴᠤᠳ ᠲᠤ ᠡᠯᠪᠡᠭ ᠳᠡᠯᠪᠡᠭ ᠣᠯᠣᠯᠲᠠ ᠣᠯᠭᠤᠵᠤ᠂ | ᠲᠤᠰ ᠤᠳᠠᠭᠠᠨ ᠤ ᠬᠢᠴᠢᠶᠡᠯ ᠣᠷᠣᠬᠤ ᠬᠥᠮᠦᠵᠢᠯ ᠢᠶᠠᠷ ᠳᠠᠮᠵᠢᠭᠤᠯᠤᠨ ᠰᠢᠮ᠎ᠡ ᠲᠡᠵᠢᠭᠡᠯ ᠣᠯᠵᠤ᠂ ᠲᠡᠮᠡᠴᠡᠯ ᠤᠨ | ᠵᠣᠷᠢᠭ ᠢ ᠬᠥᠭᠵᠢᠭᠡᠨ᠂ ᠴᠢᠭᠯᠡᠯ ᠢ ᠲᠣᠳᠣᠷᠬᠠᠶᠢᠯᠠᠵᠤ᠂ ᠢᠲᠡᠭᠡᠯ ᠵᠣᠷᠢᠭ ᠢ ᠪᠠᠲᠤᠳᠬᠠᠨ᠂ ᠬᠦᠴᠦᠨ ᠴᠢᠳᠠᠯ ᠢ | ᠨᠢᠭᠲᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠳ ᠤᠨ ᠰᠤᠷᠤᠯᠴᠠᠬᠤ ᠤᠬᠠᠮᠰᠠᠷᠲᠤ ᠴᠢᠨᠠᠷ ᠪᠣᠯᠣᠨ | ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠬᠦᠴᠦᠨ | ᠪᠣᠯᠣᠨ ᠨᠢᠭᠲᠠᠷᠠᠯ ᠤᠨ ᠬᠦᠴᠦᠨ ᠢ ᠦᠨᠡᠨᠬᠦ ᠴᠢᠩᠭᠠᠷᠠᠭᠤᠯᠵᠠᠢ ᠭᠡᠵᠦ ᠣᠯᠠᠨ ᠢᠶᠠᠷ ᠢᠶᠠᠨ ᠢᠯᠡᠷᠬᠡᠶᠢᠯᠡᠭᠰᠡᠨ ᠪᠠᠶᠢᠨ᠎ᠠ᠃ | | |