【ᠬᠥᠳᠡᠯᠦᠩᠭᠦᠢ】 ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠤᠨ ᠬᠢᠨ ︽ᠥᠯᠵᠡᠶᠢᠲᠦ ᠡᠳᠦᠷ ᠤᠨ ᠪᠠᠶᠠᠷ ᠢ ᠪᠠᠶᠠᠷᠯᠠᠨ ᠪᠡᠯᠭᠡᠯᠡᠵᠦ ᠤᠷᠠᠨ ᠠᠷᠭ᠎ᠠ ᠪᠠᠷ ᠭᠡᠷ ᠢᠶᠠᠨ ᠭᠡᠷᠡᠯᠲᠦᠭᠦᠯᠦᠶ᠎ᠡ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/2/23
        ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠴᠢᠨᠠᠭᠰᠢᠳᠠ ᠪᠠᠳᠠᠷᠠᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠪᠠᠶᠠᠷ ᠤᠨ ᠠᠭᠤᠷ ᠠᠮᠢᠰᠬᠤᠯ ᠢ ᠡᠳ᠋ᠯᠡᠭᠦᠯᠬᠦ ᠶᠢᠨ ᠲᠥᠯᠥᠭᠡ᠂ 2 ᠰᠠᠷ᠎ᠠ ᠶᠢᠨ 15  ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠤᠨ︽ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠠᠶᠠᠷᠯᠠᠨ ᠪᠡᠯᠭᠡᠯᠡᠬᠦ︾ᠭᠤᠣᠯ ᠰᠡᠳᠦᠪᠲᠦ ᠭᠠᠷ ᠳ᠋ᠧᠩᠯᠦ ᠦᠢᠯᠡᠳᠬᠦ ᠠᠵᠢᠯᠯᠠᠭ᠎ᠠ ᠶᠢ ᠥᠷᠨᠢᠭᠦᠯᠵᠦ᠂ ᠠᠷᠠᠳ ᠤᠯᠠᠨ ᠳᠤ ᠭᠦᠨ ᠵᠤᠵᠠᠭᠠᠨ ᠠᠵᠢᠯᠯᠠᠭᠠᠨ ᠤ ᠠᠭᠤᠷ ᠠᠮᠢᠰᠬᠤᠯ ᠠᠴᠠ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠪᠡ᠃

       ᠠᠵᠢᠯᠯᠠᠭ᠎ᠠ ᠡᠬᠢᠯᠡᠬᠦ ᠠᠴᠠ ᠡᠮᠦᠨ᠎ᠡ᠂ ᠨᠡᠶᠢᠭᠡᠮ ᠲᠣᠭᠤᠷᠢᠭ ᠤᠨ ᠺᠠᠳ᠋ᠷᠴᠤᠳ ᠰᠠᠭᠤᠭᠠᠯᠢ ᠠᠷᠠᠳ ᠲᠤ

ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠡᠯ᠎ᠡ ᠰᠠᠭᠤᠭᠠᠯᠢ ᠠᠷᠠᠳ ᠤᠨ ᠥᠩᠭᠡᠷᠡᠭᠰᠡᠨ ᠨᠢᠭᠡ ᠵᠢᠯ ᠳᠤ ᠨᠡᠶᠢᠭᠡᠮ

ᠲᠣᠭᠤᠷᠢᠭ ᠤᠨ ᠠᠵᠢᠯ ᠤᠨ ᠲᠤᠬᠠᠢ ᠣᠶᠢᠯᠠᠭᠠᠯᠲᠠ ᠪᠣᠯᠣᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠨ᠎ᠠ᠃ᠨᠡᠶᠢᠭᠡᠮ

ᠲᠣᠭᠤᠷᠢᠭ ᠤᠨ ᠠᠵᠢᠯᠲᠠᠳ ᠪᠠᠶᠠᠷ ᠬᠦᠷ ᠲᠠᠢ ᠪᠠᠷ ᠴᠠᠭᠠᠨ ᠰᠠᠷ᠎ᠠ   ᠶᠢᠨ ᠠᠷᠪᠠᠨ ᠲᠠᠪᠤᠨ ᠤ ᠪᠠᠶᠠᠷ ᠤᠨ

ᠤᠯᠠᠮᠵᠢᠯᠠᠯᠲᠤ ᠵᠠᠩ ᠳᠠᠳᠬᠠᠯ   ᠢ ᠲᠠᠨᠢᠯᠴᠠᠭᠤᠯᠵᠠᠢ᠃ᠳᠠᠷᠠᠭ᠎ᠠ ᠪᠠᠷ ᠨᠢ ᠨᠡᠶᠢᠭᠡᠮ ᠲᠣᠭᠤᠷᠢᠭ ᠤᠨ ᠠᠵᠢᠯᠲᠠᠳ ᠤᠨ

ᠬᠠᠪᠰᠤᠷᠤᠯᠭ᠎ᠠ ᠳᠣᠣᠷ᠎ᠠ᠂ ᠰᠠᠭᠤᠭᠠᠯᠢ ᠠᠷᠠᠳ ᠶᠠᠭᠠᠷᠠᠤ ᠰᠠᠨᠳᠤᠷᠤᠤ ᠮᠠᠲᠧᠷᠢᠶᠠᠯ ᠢᠶᠠᠨ ᠨᠡᠭᠡᠭᠡᠵᠦ᠂ ᠪᠣᠷᠣ ᠲᠥᠯᠥᠪ ᠢ

 ᠨᠢ ᠡᠬᠢᠯᠡᠨ ᠤᠭᠰᠠᠷᠠᠵᠤ᠂ ᠳ᠋ᠧᠩ ᠤᠨ ᠲᠦᠷᠦᠭᠦᠦ ᠤᠶᠠᠵᠤ᠂ ᠵᠢᠷᠤᠭ ᠨᠠᠭᠠᠵᠤ᠂ ᠳ᠋ᠧᠩ ᠤᠨ ᠫᠣᠣᠰᠠ ᠤᠭᠰᠠᠷᠠᠪᠠ ᠁

ᠰᠠᠭᠤᠭᠠᠯᠢ ᠠᠷᠠᠳ ᠨᠢᠭᠡ ᠨᠢᠭᠡ ᠪᠠᠷ ᠢᠶᠠᠨ ᠤᠷᠮ᠎ᠠ ᠪᠠᠬ᠎ᠠ ᠲᠠᠢ ᠰᠤᠷᠴᠤ᠂ ᠤᠳᠠᠯ ᠦᠭᠡᠢ ᠭᠤᠶᠤ ᠰᠠᠶᠢᠬᠠᠨ ᠳ᠋ᠧᠩᠯᠦ

ᠨᠢᠳᠦᠨ ᠡᠮᠦᠨ᠎ᠡ ᠨᠢ ᠢᠯᠡᠷᠡᠨ᠎ᠡ ᠭᠡᠵᠦ ᠬᠡᠯᠡᠪᠡ᠃ {ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 1  ᠤ

ᠴᠠᠬᠢᠯᠭᠠᠨ ᠮᠡᠳᠡᠭᠡᠨ ᠤ ᠪᠡᠭᠡᠵᠢᠩ ᠤᠨ 1 ᠰᠠᠷ᠎ᠠ ᠶᠢᠨ 1  ᠤ ᠴᠠᠬᠢᠯᠭᠠᠨ ᠮᠡᠳᠡᠭᠡᠨ ᠤ ᠬᠡᠪᠯᠡᠯ ᠤᠨ 1  ᠤ ᠴᠠᠬᠢᠯᠭᠠᠨ

ᠮᠡᠳᠡᠭᠡᠨ ᠤ ᠬᠡᠪᠯᠡᠯ ᠤᠨ 1  ᠤ ᠴᠠᠬᠢᠯᠭᠠᠨ ᠮᠡᠳᠡᠭᠡ ᠠᠴᠠ︶ᠬᠥᠳᠡᠯᠭᠡᠭᠡᠨ ᠤ ᠠᠬᠤᠢ ᠲᠠᠯᠠᠪᠠᠶ ᠳᠤ ᠬᠥᠷ

ᠬᠥᠭᠵᠢᠶᠡᠨ ᠲᠠᠢ᠂ ᠬᠠᠯᠠᠭᠤᠨ ᠳᠤᠯᠠᠭᠠᠨ᠂ ᠪᠠᠶᠠᠷ ᠪᠠᠶᠠᠰᠬᠤᠯᠠᠩᠲᠠᠢ᠂ ᠬᠥᠮᠥᠨ ᠪᠣᠯᠭᠠᠨ ᠤ ᠴᠢᠷᠠᠢ ᠳᠤ ᠵᠣᠯ

ᠵᠢᠷᠭᠠᠯ ᠤᠨ ᠢᠨᠢᠶᠡᠮᠰᠦᠭᠯᠡᠯ ᠪᠢᠯᠬᠠᠵᠤ ᠪᠠᠶᠢᠯ᠎ᠠ᠃ᠪᠠᠶᠠᠷ ᠳᠤᠷᠠᠰᠬᠠᠯ ᠤᠨ ᠡᠳᠦᠷ ᠤᠨ ᠠᠭᠤᠷ ᠠᠮᠢᠰᠬᠤᠯ ᠲᠠᠢ ᠤᠯᠠᠭᠠᠨ

ᠳ᠋ᠧᠩᠯᠦ ᠨᠢ ᠪᠠᠶᠠᠷ ᠳᠤᠷᠠᠰᠬᠠᠯ ᠤᠨ ᠡᠳᠦᠷ ᠲᠤ ᠭᠦᠨ ᠵᠤᠵᠠᠭᠠᠨ ᠥᠩᠭᠡ ᠪᠤᠳᠤᠭ ᠨᠡᠮᠡᠷᠢᠯᠡᠭᠰᠡᠨ ᠢᠶᠠᠷ ᠪᠠᠷᠠᠬᠤ ᠦᠭᠡᠢ

᠂ ᠪᠠᠰᠠ ᠬᠥᠷ ᠬᠥᠭᠵᠢᠶᠡᠨ ᠲᠠᠢ ᠠᠮᠢᠳᠤᠷᠠᠯ   ᠢ ᠪᠡᠯᠭᠡᠳᠡᠵᠦ ᠪᠠᠶᠢᠳᠠᠭ᠃

        ᠳ᠋ᠧᠩᠯᠦ ᠨᠦᠭᠦᠳ᠂ ᠢᠨᠢᠶᠡᠮᠰᠦᠩᠭᠦᠢ ᠴᠢᠷᠠᠢ ᠨᠤᠭᠤᠳ ᠵᠶ᠊‍ᠠᠷ ᠨᠡᠶᠢᠭᠡᠮ ᠲᠣᠭᠤᠷᠢᠭ ᠤᠨ ᠬᠢᠨ ᠬᠠᠷᠢᠶ᠎ᠠ

ᠣᠷᠣᠨ ᠤ ᠪᠠᠨ ᠰᠠᠭᠤᠭᠠᠯᠢ ᠠᠷᠠᠳ ᠲᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠭ᠎ᠠ ᠶᠢ ᠬᠠᠷᠠᠭᠤᠯᠪᠠ᠃

ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠸᠠᠩ ᠡᠭᠡᠴᠢ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ

 ᠨᠢ ᠤᠯᠠᠮᠵᠢᠯᠠᠯᠲᠤ ᠣᠨᠴᠠᠯᠢᠭ ᠲᠠᠢ ᠮᠥᠷᠲᠡᠭᠡᠨ ᠪᠠᠰᠠ ᠴᠠᠭ ᠦᠶ᠎ᠡ ᠶᠢᠨ ᠠᠭᠤᠷ ᠠᠮᠢᠰᠬᠤᠯ ᠢᠶᠠᠷ ᠥᠳᠬᠡᠨ ᠪᠠᠶᠢᠵᠤ᠂

ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠣᠶ ᠪᠣᠯᠭᠠᠵᠠᠢ᠃ᠰᠠᠭᠤᠭᠠᠯᠢ ᠠᠷᠠᠳ ᠦᠯᠦ

ᠮᠡᠳᠡᠭᠴᠢ ᠪᠠᠷ ᠤᠯᠠᠮᠵᠢᠯᠠᠯᠲᠤ ᠰᠠᠶᠢᠬᠠᠨ ᠵᠠᠩ ᠰᠤᠷᠲᠠᠯ ᠪᠠ ᠤᠯᠠᠮᠵᠢᠯᠠᠯᠲᠤ ᠰᠣᠶᠣᠯ ᠢ ᠣᠶᠢᠯᠠᠭᠠᠨ ᠣᠶᠢᠯᠠᠭᠠᠵᠤ᠂

ᠬᠥᠷᠰᠢ ᠵᠡᠷᠭᠡᠯᠡᠳᠡᠭᠡ ᠶᠢᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠨᠡᠶᠢᠭᠡᠮ ᠲᠣᠭᠤᠷᠢᠭ ᠤᠨ︽ᠶᠡᠭᠡ ᠭᠡᠷ ᠪᠦᠯᠢ︾

 ᠶᠢᠨ ᠬᠠᠯᠠᠭᠤᠨ ᠳᠤᠯᠠᠭᠠᠨ ᠢ ᠨᠡᠩ ᠭᠦᠨᠵᠡᠭᠡᠢ ᠣᠶᠢᠯᠠᠭᠠᠪᠠ᠃

 

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号