︽ᠠᠮᠤᠷ ᠲᠦᠪᠰᠢᠨ ᠤ ᠪᠠᠶᠢᠴᠠᠭᠠᠯᠲᠠ︾ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠶᠠᠯᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2022/2/23
           ᠱᠢ ᠭᠤᠸᠠᠢ ᠵᠡᠭᠡᠯᠢ ᠭᠤᠳᠤᠮᠵᠢ ᠳᠤ ︽ᠡᠪᠦᠯ ᠦᠨ ᠣᠯᠧᠮᠫᠢᠺ ᠴᠤᠭᠯᠠᠭᠠᠨ︾ ᠤᠨ ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠤ ᠠᠵᠢᠯ ᠢ ᠦᠨᠡᠨᠬᠦ ᠰᠠᠶᠢᠲᠤᠷ ᠬᠢᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠱᠢ ᠭᠤᠸᠠᠢ ᠵᠡᠭᠡᠯᠢ ᠭᠤᠳᠤᠮᠵᠢ ᠶᠢᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠡᠪᠦᠯ ᠦᠨ ᠣᠯᠧᠮᠫᠢᠺ ᠴᠤᠭᠯᠠᠭᠠᠨ ᠬᠤᠲᠠ ᠶᠢᠨ ᠬᠤᠭᠤᠴᠠᠭᠠᠨ ᠳᠠᠬᠢ ᠬᠠᠷᠢᠶᠠᠲᠤ ᠣᠷᠣᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃         ᠠᠵᠢᠯᠲᠠᠳ ᠬᠠᠷᠢᠶ᠎ᠠ ᠣᠷᠣᠨ ᠤ ᠠᠵᠤ ᠠᠬᠤᠶᠢᠯᠠᠯ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ ᠡᠮ ᠤᠨ ᠳᠡᠯᠭᠡᠭᠦᠷ ᠵᠡᠷᠭᠡ ᠲᠠᠯᠠᠪᠤᠷ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠵᠢᠵᠢᠭᠦᠷ ᠤᠨ ᠪᠠᠶᠢᠳᠠᠯ᠂ ᠭᠠᠯ ᠤᠨᠲᠠᠷᠠᠭᠠᠬᠤ ᠲᠥᠬᠦᠭᠡᠷᠦᠮᠵᠢ ᠪᠠᠭᠠᠵᠢ ᠬᠡᠷᠡᠭᠰᠡᠯ᠂ ᠠᠮᠤᠷ ᠲᠦᠪᠰᠢᠨ ᠭᠠᠷᠬᠤ ᠡᠭᠦᠳᠡ᠂ ᠲᠠᠷᠬᠠᠭᠠᠬᠤ ᠵᠠᠮ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠬᠦ ᠲᠥᠬᠦᠭᠡᠷᠦᠮᠵᠢ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠢ ᠪᠠᠶᠢᠴᠠᠭᠠᠨ ᠦᠵᠡᠪᠡ᠃ᠵᠣᠴᠢᠳ ᠤᠨ ᠪᠠᠭᠤᠳᠠᠯ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠰᠢᠲᠠᠮᠠᠬᠠᠢ ᠬᠡᠢ ᠶᠢᠨ ᠲᠠᠰᠤᠭ᠂ ᠠᠷᠤ ᠲᠣᠭᠤᠭᠠᠨ ᠭᠡᠷ ᠤᠨ ᠰᠢᠲᠠᠮᠠᠬᠠᠢ ᠬᠡᠢ ᠶᠢᠨ ᠬᠤᠭᠤᠯᠠᠢ ᠂ ᠵᠤᠤᠬ᠎ᠠ᠂ ᠰᠢᠲᠠᠮᠠᠬᠠᠢ ᠬᠡᠢ ᠶᠢᠨ ᠲᠠᠰᠤᠭ ᠤᠨ ᠥᠳᠬᠡᠴᠡ ᠶᠢᠨ ᠲᠦᠭᠰᠢᠭᠦᠷᠢ ᠮᠡᠳᠡᠭᠡᠯᠡᠬᠦ ᠮᠠᠰᠢᠨ ᠵᠡᠷᠭᠡ ᠲᠥᠬᠦᠭᠡᠷᠦᠮᠵᠢ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠬᠦ ᠶᠢᠨ ᠬᠠᠮᠲᠤ ᠬᠠᠮᠢᠶ᠎ᠠ ᠪᠦᠬᠦᠢ ᠠᠵᠢᠯᠲᠠᠨ   ᠠᠴᠠ ᠰᠢᠲᠠᠮᠠᠬᠠᠢ ᠬᠡᠢ ᠶᠢᠨ ᠪᠠᠶᠢᠳᠠᠯ ᠪᠠ ᠠᠵᠢᠯᠲᠠᠨ ᠤ ᠠᠵᠢᠯᠯᠠᠬᠤ ᠶᠠᠪᠤᠴᠠ ᠶᠢ ᠨᠠᠷᠢᠨ ᠠᠰᠠᠭᠤᠨ ᠯᠠᠪᠯᠠᠵᠤ᠂ ᠰᠢᠲᠠᠮᠠᠬᠠᠢ ᠬᠡᠢ ᠶᠢᠨ ᠬᠡᠷᠡᠭᠯᠡᠯᠲᠡ ᠶᠢᠨ ᠬᠠᠷᠢᠴᠠᠯᠠᠰᠢᠭᠦᠢ ᠠᠮᠤᠷ ᠲᠦᠪᠰᠢᠨ ᠢ ᠪᠠᠲᠤᠯᠠᠨ᠎ᠠ᠃ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠭᠠᠯ ᠤᠨᠲᠠᠷᠠᠭᠠᠬᠤ ᠵᠠᠮ ᠲᠦᠭᠵᠢᠷᠡᠭᠰᠡᠨ᠂ ᠠᠮᠤᠷ ᠲᠦᠪᠰᠢᠨ ᠤ ᠲᠡᠮᠳᠡᠭ ᠳᠤᠲᠠᠭᠳᠠᠭᠰᠠᠨ ᠵᠡᠷᠭᠡ ᠠᠮᠤᠷ ᠲᠦᠪᠰᠢᠨ ᠤ ᠬᠡᠮ ᠰᠣᠭᠤᠭ ᠲᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ   ᠠᠴᠠ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠪᠠᠶᠢᠴᠠᠭᠠᠵᠤ᠂ ᠬᠡᠮ ᠰᠣᠭᠤᠭ ᠤᠨ ᠳᠠᠬᠢᠨ ᠰᠡᠷᠭᠦᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃

       ᠡᠭᠦᠨ ᠠᠴᠠ ᠭᠠᠳᠠᠨ᠎ᠠ᠂ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠬᠢᠨᠠᠯᠲᠠ ᠲᠠᠯᠪᠢᠬᠤ ᠶᠢᠨ ᠳᠠᠭᠠᠤ

ᠤᠬᠠᠭᠤᠯᠬᠤ ᠠᠷᠭ᠎ᠠ ᠮᠠᠶ᠋ᠢᠭ ᠢ ᠠᠪᠴᠤ᠂ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ᠂ ᠠᠵᠤ ᠠᠬᠤᠶᠢᠯᠠᠯ ᠤᠳ

ᠥᠪᠡᠷ ᠢ ᠪᠠᠨ ᠪᠠᠶᠢᠴᠠᠭᠠᠵᠤ ᠥᠪᠡᠷ ᠢ ᠪᠠᠨ ᠥᠭᠡᠷᠡᠴᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂

ᠡᠯ᠎ᠡ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠡᠷᠡᠰ ᠠᠷᠢᠯᠭᠠᠬᠤ ᠬᠡᠷᠡᠭᠲᠡᠢ

ᠭᠡᠵᠦ ᠳᠠᠬᠢᠨ ᠳᠠᠪᠲᠠᠨ ᠰᠠᠨᠠᠭᠤᠯᠤᠭᠰᠠᠨ ᠪᠠᠶᠢᠨ᠎ᠠ᠃ᠡᠭᠦᠨ ᠤ ᠬᠠᠮᠲᠤ᠂ ᠰᠠᠭᠤᠭᠠᠯᠢ ᠠᠷᠠᠳ ᠲᠤ ᠠᠮᠤᠷ ᠲᠦᠪᠰᠢᠨ ᠤ

ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠭᠠᠯ ᠴᠠᠬᠢᠯᠭᠠᠨ ᠬᠡᠷᠡᠭᠯᠡᠬᠦ ᠬᠠᠮᠢᠶᠠᠷᠤᠯᠲᠠ ᠪᠠᠨ

ᠴᠢᠩᠭᠠᠳᠬᠠᠵᠤ᠂ ︽ᠭᠠᠯ ᠭᠠᠷᠬᠤ   ᠠᠴᠠ ᠡᠮᠦᠨ᠎ᠡ ᠰᠡᠷᠭᠡᠶᠢᠯᠡᠬᠦ︾ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ

ᠰᠠᠨᠠᠭᠤᠯᠵᠤ ᠪᠠᠶᠢᠨ᠎ᠠ᠃

ᠳᠠᠷᠠᠭᠠᠴᠢ ᠶᠢᠨ ᠠᠯᠬᠤᠮ ᠳᠤ᠂ ᠱᠢ ᠭᠤᠸᠠᠢ ᠵᠡᠭᠡᠯᠢ ᠭᠤᠳᠤᠮᠵᠢ ᠶᠢᠨ ᠬᠢᠨ ᠠᠮᠤᠷ ᠲᠦᠪᠰᠢᠨ ᠤ ᠪᠠᠶᠢᠴᠠᠭᠠᠯᠲᠠ ᠶᠢᠨ

ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ᠡᠪᠦᠯ ᠦᠨ ᠣᠯᠧᠮᠫᠢᠺ ᠴᠤᠭᠯᠠᠭᠠᠨ  ᠤᠨ ᠤᠷᠤᠯᠳᠤᠭᠠᠨ ᠵᠢᠴᠢ

ᠬᠤᠶᠠᠷ ᠬᠤᠷᠠᠯ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠤᠯᠲᠠ ᠶᠢ

ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨᠬᠦ ᠱᠠᠯᠠᠪᠳᠠᠭᠤᠯᠵᠤ᠂ ᠬᠠᠷᠢᠶ᠎ᠠ ᠣᠷᠣᠨ ᠤ ᠠᠶᠤᠯᠭᠦᠢ ᠦᠢᠯᠡᠳᠪᠦᠷᠢᠯᠡᠯ ᠤᠨ

ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号