【ᠬᠥᠳᠡᠯᠦᠩᠭᠦᠢ】 ᠰᠢᠭᠤᠶᠢᠲᠤ ᠵᠡᠭᠡᠯᠢ ᠭᠤᠳᠤᠮᠵᠢ ᠶᠢᠨ ᠬᠢᠨ ᠵᠡᠮᠳᠡᠭᠴᠦᠳ ᠲᠤ ᠡᠮ ᠡᠮᠨᠡᠯᠭᠡ ᠬᠦᠷᠭᠡᠵᠦ ᠬᠠᠶᠢᠷ᠎ᠠ ᠬᠠᠯᠠᠮᠵᠢ ᠬᠦᠷᠭᠡᠪᠡ
ᠨᠡᠶᠢᠲᠡᠯᠡᠭᠰᠡᠨ ᠴᠠᠭ᠄
2022/2/23
       ᠬᠠᠷᠢᠶᠠᠲᠤ ᠣᠷᠣᠨ ᠤ ᠵᠡᠮᠳᠡᠭᠴᠦᠳ ᠤᠨ ᠦᠨᠳᠦᠰᠦᠨ ᠪᠠᠶᠢᠳᠠᠯ ᠪᠣᠯᠣᠨ ᠣᠳᠣᠬᠢ ᠪᠠᠶᠢᠳᠠᠯ ᠢ ᠦᠨᠡᠨᠬᠦ ᠣᠶᠢᠯᠠᠭᠠᠬᠤ ᠶᠢᠨ ᠲᠤᠰᠠᠳᠠ᠂ ᠬᠦᠴᠢᠷᠳᠡᠯᠲᠡᠢ ᠵᠡᠮᠳᠡᠭᠴᠦᠳ ᠲᠤ ᠴᠠᠭ ᠲᠤᠬᠠᠢ ᠳᠤᠨᠢ ᠬᠠᠪᠰᠤᠷᠤᠯᠭ᠎ᠠ ᠦᠵᠡᠭᠦᠯᠬᠦ ᠬᠡᠷᠡᠭᠲᠡᠢ᠃2 ᠰᠠᠷ᠎ᠠ ᠶᠢᠨ 11 ᠤ ᠡᠳᠦᠷ ᠠᠴᠠ ᠡᠬᠢᠯᠡᠨ᠂ ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠬᠠᠰ ᠠᠵᠢᠯᠲᠠᠨ ᠢᠶᠠᠨ ᠳᠠᠭᠠᠭᠤᠯᠤᠨ ᠬᠠᠷᠢᠶ᠎ᠠ ᠣᠷᠣᠨ ᠤ ᠪᠠᠨ ᠵᠡᠮᠳᠡᠭᠴᠦᠳ ᠢ ᠡᠷᠦᠬᠡ ᠳᠤ ᠬᠦᠷᠴᠦ ᠰᠤᠷᠪᠤᠯᠵᠢᠯᠠᠪᠠ᠃

      ᠰᠤᠷᠪᠤᠯᠵᠢᠯᠠᠬᠤ ᠬᠤᠭᠤᠴᠠᠭᠠᠨ ᠳᠤ ᠬᠠᠰ ᠡᠷᠬᠢᠯᠡᠭᠴᠢ ᠯᠢᠦ ᠰᠢᠤᠸᠠᠢ ᠵᠢᠶᠦ᠋ᠨ ᠤ ᠪᠡᠶ᠎ᠡ ᠨᠢ ᠵᠡᠮᠳᠡᠭ᠂

ᠶᠠᠪᠤᠵᠤ ᠰᠠᠭᠤᠬᠤ ᠳᠤ ᠳᠥᠭᠦᠮ ᠦᠭᠡᠢ᠂ ᠭᠠᠭᠴᠠᠭᠠᠷ ᠢᠶᠠᠨ ᠠᠮᠢᠳᠤᠷᠠᠵᠤ᠂ ᠪᠠᠰᠠ ᠡᠪᠡᠳᠴᠢᠨ ᠠᠴᠠ ᠪᠣᠯᠵᠤ

ᠪᠠᠷᠠᠭᠤᠨ ᠬᠥᠯ ᠤᠨ ᠤᠯᠠ ᠨᠢ ᠢᠳᠡᠭᠡᠯᠡᠵᠦ ᠪᠠᠶᠢᠬᠤ ᠶᠢ ᠣᠯᠵᠤ ᠮᠡᠳᠡᠪᠡ᠃ᠡᠨᠡ ᠬᠦ ᠪᠠᠶᠢᠳᠠᠯ ᠢ ᠣᠶᠢᠯᠠᠭᠠᠭᠰᠠᠨ ᠤ

ᠳᠠᠷᠠᠭ᠎ᠠ ᠠᠵᠢᠯᠲᠠᠳ ᠠᠴᠠ ᠯᠢᠦ ᠰᠢᠤᠸᠠᠢ ᠵᠢᠶᠦ᠋ᠨ ᠳᠤ ᠡᠮᠨᠡᠯᠭᠡ ᠳᠤ ᠬᠡᠷᠡᠭᠯᠡᠬᠦ ᠰᠫᠢᠷᠲ᠂ ᠬᠥᠪᠥᠩᠲᠦ ᠰᠠᠪᠠᠭ᠎ᠠ᠂

ᠬᠤᠣᠰ ᠬᠦᠴᠢᠯᠲᠥ᠋ᠷᠥᠭᠴᠢᠲᠦ ᠤᠰᠤ᠂ ᠢᠣᠳ᠋ᠲᠤ ᠸᠣᠯᠲ ᠵᠡᠷᠭᠡ ᠰᠢᠷᠬ᠎ᠠ ᠶᠢ ᠤᠬᠢᠶᠠᠬᠤ ᠡᠩ ᠤᠨ ᠡᠮ ᠢ ᠴᠠᠭ

ᠲᠤᠬᠠᠢ ᠳᠤᠨᠢ ᠬᠦᠷᠭᠡᠵᠦ ᠥᠭᠪᠡ᠃ ᠪᠠᠰᠠ ᠴᠢᠰᠤᠨ ᠳᠠᠷᠤᠯᠲᠠ ᠶᠢᠨ ᠬᠡᠮᠵᠢᠭᠦᠷ ᠢᠶᠠᠷ ᠲᠡᠭᠦᠨ ᠤ ᠴᠢᠰᠤᠨ

ᠳᠠᠷᠤᠯᠲᠠ ᠶᠢ ᠬᠡᠮᠵᠢᠵᠦ ᠥᠭᠭᠦᠭᠰᠡᠨ ᠳᠤ᠂ ᠬᠠᠰᠧ ᠡᠷᠬᠢᠯᠡᠭᠴᠢ ᠲᠡᠭᠦᠨ ᠳᠤ ᠵᠠᠪᠠᠯ ᠴᠠᠭ ᠲᠤᠬᠠᠢ ᠳᠤᠨᠢ ᠰᠢᠷᠬ᠎ᠠ ᠪᠠᠨ

ᠤᠬᠢᠶᠠᠨ ᠴᠡᠪᠡᠷᠯᠡᠵᠦ᠂ ᠰᠢᠷᠬ᠎ᠠ ᠶᠢᠨ ᠬᠠᠯᠳᠠᠪᠤᠷᠢᠯᠠᠯ ᠠᠴᠠ ᠰᠡᠷᠭᠡᠶᠢᠯᠡᠬᠦ ᠬᠡᠷᠡᠭᠲᠡᠢ᠂ ᠵᠡᠭᠡᠯᠢ ᠭᠤᠳᠤᠮᠵᠢ ᠶᠢᠨ

ᠠᠵᠢᠯᠲᠠᠳ ᠲᠠᠢ ᠴᠠᠭ ᠲᠤᠬᠠᠢ ᠳᠤᠨᠢ ᠬᠠᠷᠢᠯᠴᠠᠬᠤ ᠬᠡᠷᠡᠭᠲᠡᠢ᠂ ᠪᠢᠳᠡ ᠠᠯᠢ ᠴᠢᠳᠠᠬᠤ ᠪᠠᠷ ᠴᠢᠷᠮᠠᠶᠢᠵᠤ ᠪᠠᠶᠢᠭᠠᠳ

ᠲᠠᠨ ᠳᠤ ᠬᠠᠪᠰᠤᠷᠤᠯᠭ᠎ᠠ ᠦᠵᠡᠭᠦᠯᠦᠨ᠎ᠡ ᠭᠡᠵᠦ ᠳᠠᠬᠢᠨ ᠳᠠᠪᠲᠠᠨ ᠵᠠᠬᠢᠭᠰᠠᠨ ᠶᠤᠮ᠃

       ᠡᠷᠦᠬᠡ ᠳᠤ ᠬᠦᠷᠴᠦ ᠰᠤᠷᠪᠤᠯᠵᠢᠯᠠᠬᠤ ᠪᠠᠷ ᠳᠡᠮᠵᠢᠨ᠂ ᠵᠡᠭᠡᠯᠢ ᠭᠤᠳᠤᠮᠵᠢ ᠶᠢᠨ ᠵᠡᠮᠳᠡᠭᠴᠦᠳ ᠤᠨ

ᠬᠠᠮᠲᠤᠯᠢᠭ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠢᠯᠡᠷᠡᠭᠦᠯᠵᠦ᠂ ᠦᠨᠡᠨ ᠰᠡᠳᠬᠢᠯᠭᠡ ᠪᠠ ᠪᠣᠳᠠᠲᠤ

ᠠᠵᠢᠯᠯᠠᠭ᠎ᠠ ᠪᠠᠷ ᠢᠶᠠᠨ ᠵᠡᠮᠳᠡᠭᠴᠦᠳ ᠤᠨ ᠰᠡᠳᠬᠢᠯ ᠢ ᠳᠤᠯᠠᠭᠠᠴᠠᠭᠤᠯᠪᠠ᠃ᠳᠠᠷᠠᠭᠠᠴᠢ ᠶᠢᠨ ᠠᠯᠬᠤᠮ ᠳᠤ᠂ ᠵᠡᠭᠡᠯᠢ

ᠭᠤᠳᠤᠮᠵᠢ ᠶᠢᠨ ᠬᠢᠨ ᠵᠡᠮᠳᠡᠭᠴᠦᠳ ᠲᠤ ᠠᠰᠢᠭ ᠬᠦᠷᠲᠡᠭᠡᠵᠦ ᠵᠡᠮᠳᠡᠭᠴᠦᠳ ᠢ ᠲᠤᠰᠠᠯᠠᠬᠤ ᠡᠯ᠎ᠡ ᠵᠦᠢᠯ ᠤᠨ

ᠲᠦᠷᠦ ᠶᠢᠨ ᠪᠣᠳᠣᠯᠭ᠎ᠠ ᠶᠢ ᠲᠠᠰᠤᠷᠠᠯᠲᠠ ᠦᠭᠡᠢ ᠰᠠᠶᠢᠲᠤᠷ ᠨᠠᠶᠢᠳᠠᠪᠤᠷᠢᠵᠢᠭᠤᠯᠵᠤ᠂ ᠬᠠᠷᠢᠶ᠎ᠠ ᠲᠣᠭᠤᠷᠢᠭ ᠤᠨ

ᠵᠡᠮᠳᠡᠭᠴᠦᠳ ᠲᠤ ᠨᠡᠩ ᠤᠯᠠᠨ ᠬᠠᠯᠠᠮᠵᠢᠯᠠᠯ ᠪᠠ ᠬᠠᠪᠰᠤᠷᠤᠯᠭ᠎ᠠ ᠬᠠᠩᠭᠠᠵᠤ᠂ ᠬᠠᠷᠢᠶ᠎ᠠ ᠲᠣᠭᠤᠷᠢᠭ ᠤᠨ

ᠵᠡᠮᠳᠡᠭᠴᠦᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号