 ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠭᠦᠶ᠎ᠡ︾ ᠪᠢᠲᠡᠭᠦᠨ ᠤ ᠪᠢᠲᠡᠭᠦᠨ ᠳᠤ ᠠᠷᠠᠳ ᠤᠨ ᠵᠣᠪᠠᠨᠢᠯ  ᠢ ᠠᠷᠢᠯᠭᠠᠵᠤ᠂ ᠰᠠᠶᠢᠨ ᠳᠤᠷ᠎ᠠ  ᠶᠢᠨ ᠦᠢᠯᠡᠴᠢᠯᠡᠭᠡ  ᠶᠢ ᠡᠭᠦᠳᠡ ᠪᠠᠨ ᠬᠠᠭᠠᠬᠤ ᠦᠭᠡᠢ
ᠨᠡᠶᠢᠲᠡᠯᠡᠭᠰᠡᠨ ᠴᠠᠭ᠄
2022/2/23
        1 ᠰᠠᠷ᠎ᠠ ᠶᠢᠨ 31 ᠤ ᠡᠳᠦᠷ ᠤᠨ ᠪᠢᠲᠡᠭᠦᠨ ᠤ ᠰᠥᠨᠢ ᠪᠣᠯ ᠰᠠᠭᠤᠭᠠᠯᠢ ᠠᠷᠠᠳ ᠤᠨ ᠭᠡᠷ ᠬᠤᠲᠠᠯᠠᠭᠠᠷ ᠢᠶᠠᠷ ᠢᠶᠠᠨ ᠴᠤᠭᠯᠠᠷᠠᠬᠤ ᠡᠳᠦᠷ ᠪᠣᠯᠣᠨ᠎ᠠ᠂ ᠣᠷᠣᠢ ᠶᠢᠨ 9 ᠴᠠᠭ ᠭᠠᠷᠤᠢ ᠶᠢᠨ ᠦᠶ᠎ᠡ ᠪᠠᠷ᠂ ᠦᠢᠯᠡᠴᠢᠯᠡᠭᠡᠨ ᠤ ᠸᠢᠴᠠᠲ ᠤᠨ ᠰᠦᠷᠦᠭ ᠤᠨ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠦᠭᠡ ᠦᠯᠡᠳᠡᠭᠡᠵᠦ᠂ ᠶᠠᠮᠠᠷ ᠰᠢᠯᠲᠠᠭᠠᠨ ᠠᠴᠠ ᠪᠣᠯᠤᠭᠰᠠᠨ ᠢ ᠪᠦᠦ ᠮᠡᠳᠡ᠂ ᠭᠡᠷ ᠬᠤᠲᠠᠯᠠᠭᠠᠷ ᠢᠶᠠᠷ ᠢᠶᠠᠨ ᠭᠡᠨᠡᠳᠲᠡ ᠤᠰᠤ ᠵᠣᠭᠰᠣᠵᠠᠢ᠂ ᠵᠡᠭᠡᠯᠢ ᠭᠤᠳᠤᠮᠵᠢ ᠶᠢᠨ ᠬᠢᠨ ᠤᠰᠤ ᠬᠠᠩᠭᠠᠬᠤ ᠰᠠᠯᠠᠭ᠎ᠠ ᠮᠥᠴᠢᠷ ᠲᠠᠢ ᠬᠠᠷᠢᠯᠴᠠᠵᠤ᠂ ᠤᠰᠤᠨ ᠤ ᠬᠠᠩᠭᠠᠯᠲᠠ ᠶᠢ ᠴᠠᠭ ᠲᠤᠬᠠᠢ ᠳᠤᠨᠢ ᠰᠡᠷᠭᠦᠭᠡᠬᠦ ᠶᠢ ᠬᠦᠰᠡᠵᠦ ᠪᠠᠶᠢᠨ᠎ᠠ᠃

       ᠣᠯᠠᠨ ᠲᠦᠮᠡᠨ ᠤ ᠤᠴᠢᠷ ᠶᠠᠪᠤᠳᠠᠯ ᠳᠤ ᠪᠠᠭ᠎ᠠ ᠤᠴᠢᠷ ᠭᠡᠵᠦ ᠦᠭᠡᠢ᠂ ᠰᠠᠭᠤᠭᠠᠯᠢ ᠠᠷᠠᠳ ᠤᠨ

ᠲᠤᠰᠬᠠᠭᠰᠠᠨ ᠢ ᠣᠯᠵᠤ ᠦᠵᠡᠭᠰᠡᠨ ᠤ ᠳᠠᠷᠠᠭ᠎ᠠ᠂ ᠵᠡᠭᠡᠯᠢ ᠭᠤᠳᠤᠮᠵᠢ ᠶᠢᠨ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ

ᠴᠢᠬᠤᠯᠠᠴᠢᠯᠠᠨ ᠦᠵᠡᠵᠦ᠂ ᠠᠵᠢᠯᠲᠠᠳ ᠲᠡᠷᠡ ᠳᠠᠷᠤᠢ ᠳᠤᠨᠢ ᠬᠠᠷᠢᠭᠤ ᠥᠭᠴᠦ᠂ ᠣᠯᠠᠨ ᠲᠦᠮᠡᠨ ᠤ ᠤᠷᠮ᠎ᠠ

ᠰᠡᠳᠬᠢᠯᠭᠡ ᠶᠢ ᠬᠦᠯᠢᠴᠡᠩᠭᠦᠢ ᠪᠠᠷ ᠲᠠᠶᠢᠳᠬᠤᠷᠠᠭᠤᠯᠬᠤ ᠶᠢᠨ ᠬᠠᠮᠲᠤ ᠲᠡᠷᠡ ᠳᠠᠷᠤᠢ ᠳᠤᠨᠢ ᠤᠰᠤ ᠬᠠᠩᠭᠠᠬᠤ

ᠺᠣᠮᠫᠠᠨᠢ ᠶᠢᠨ ᠬᠠᠷᠢᠭᠤᠴᠠᠯᠭᠠᠲᠠᠨ ᠲᠠᠢ ᠬᠠᠷᠢᠯᠴᠠᠵᠤ ᠤᠴᠢᠷ ᠰᠢᠯᠲᠠᠭᠠᠨ ᠢ ᠨᠢ ᠯᠠᠪᠯᠠᠨ ᠠᠰᠠᠭᠤᠵᠠᠢ᠃ᠬᠢᠨᠠᠨ

ᠬᠠᠷᠭᠤᠭᠤᠯᠤᠭᠰᠠᠨ ᠤ ᠳ᠋ᠦᠩ ᠳᠤ᠂ ᠤᠰᠤ ᠬᠠᠩᠭᠠᠬᠤ ᠺᠣᠮᠫᠠᠨᠢ ᠬᠡᠪ ᠤᠨ ᠪᠠᠶᠢᠳᠠᠯ ᠢᠶᠠᠷ ᠤᠰᠤ ᠬᠠᠩᠭᠠᠵᠤ᠂ ᠠᠷᠤ

ᠵᠡᠭᠡᠯᠢ ᠶᠢᠨ ᠪᠠᠶᠢᠴᠠᠭᠠᠬᠤ ᠤᠰᠤᠨ ᠬᠤᠳᠳᠤᠭ ᠤᠨ ᠨᠡᠭᠡᠯᠡᠭᠡᠢ ᠬᠠᠭᠠᠭᠳᠠᠭᠰᠠᠨ ᠠᠴᠠ ᠪᠣᠯᠵᠤ ᠤᠰᠤ ᠵᠣᠭᠰᠣᠵᠠᠢ᠃

ᠣᠷᠣᠢ   ᠶᠢᠨ 10 ᠴᠠᠭ ᠬᠠᠭᠠᠰ ᠲᠤ ᠵᠡᠭᠡᠯᠢ ᠭᠤᠳᠤᠮᠵᠢ   ᠶᠢᠨ ᠰᠠᠶᠢᠨ ᠳᠤᠷ᠎ᠠ   ᠶᠢᠨ ᠠᠵᠢᠯᠯᠠᠭᠴᠢ ᠵᠠᠩ ᠪᠠᠭᠰᠢ

ᠤᠴᠢᠷ ᠰᠢᠯᠲᠠᠭᠠᠨ   ᠢ ᠨᠢ ᠮᠡᠳᠡᠭᠰᠡᠨ ᠤ ᠳᠠᠷᠠᠭ᠎ᠠ ᠨᠢᠭᠡ ᠴᠦ ᠦᠭᠡ ᠳᠤᠤᠭᠠᠷᠤᠭᠰᠠᠨ ᠦᠭᠡᠢ ᠪᠠᠷ ᠰᠢᠨ᠎ᠡ ᠵᠢᠯ ᠤᠨ

ᠰᠢᠨ᠎ᠡ ᠬᠤᠪᠴᠠᠰᠤ ᠪᠠᠨ ᠰᠣᠯᠢᠵᠤ᠂ ᠰᠡᠯᠪᠢᠨ ᠵᠠᠰᠠᠬᠤ ᠪᠠᠭᠠᠵᠢ ᠬᠡᠷᠡᠭᠰᠡᠯ   ᠢᠶᠠᠨ ᠠᠪᠴᠤ᠂ ᠬᠠᠬᠢᠷ ᠬᠦᠢᠲᠡᠨ   ᠢ

ᠬᠠᠶᠢᠬᠤᠷᠤᠯ ᠦᠭᠡᠢ ᠪᠠᠷ ᠰᠢᠭᠤᠳ ᠲᠤᠬᠠᠢ   ᠶᠢᠨ ᠲᠠᠯᠠᠪᠠᠶ ᠳᠤ ᠬᠦᠷᠴᠦ᠂ ᠬᠠᠭᠠᠰ ᠴᠠᠭ ᠭᠠᠷᠤᠢ ᠠᠵᠢᠯᠯᠠᠭᠰᠠᠨ ᠤ

ᠳ᠋ᠦᠩ ᠳᠤ ᠤᠰᠤᠨ ᠤ ᠬᠡᠪ ᠤᠨ ᠬᠠᠩᠭᠠᠯᠭ᠎ᠠ   ᠶᠢ ᠰᠡᠷᠭᠦᠭᠡᠵᠡᠢ᠃︽ᠦᠨᠡᠬᠡᠷ ᠰᠠᠭᠤᠭᠠᠯᠢ ᠠᠷᠠᠳ ᠤᠨ ᠰᠠᠶᠢᠨ ᠠᠯᠪᠠᠨ

ᠵᠠᠷᠤᠴᠠ ᠪᠠᠶᠢᠨ᠎ᠠ!︾ ︽ᠤᠳᠤᠷᠢᠳᠤᠯᠭ᠎ᠠ ᠨᠠᠷ ᠤᠨ ᠬᠠᠯᠠᠮᠵᠢᠯᠠᠯ ᠳᠤ ᠲᠠᠯᠠᠷᠬᠠᠵᠤ ᠪᠠᠶᠢᠨ᠎ᠠ!︾ ᠡᠭᠡᠯ ᠪᠣᠷᠣᠭᠵᠢᠭᠤᠨ

ᠦᠭᠡ ᠶᠠᠷᠢᠶ᠎ᠠ ᠶᠢ ᠦᠨᠡᠨ ᠰᠡᠳᠬᠢᠯ ᠠᠴᠠ ᠪᠠᠨ ᠢᠯᠡᠳᠬᠡᠵᠦ᠂ ᠰᠠᠭᠤᠭᠠᠯᠢ ᠠᠷᠠᠳ ᠤᠨ ᠦᠨᠡᠨ ᠰᠡᠳᠬᠢᠯᠭᠡ ᠶᠢ

ᠰᠡᠳᠬᠢᠯ ᠳᠡᠭᠡᠨ ᠢᠯᠡᠳᠬᠡᠵᠦ᠂ ᠰᠠᠭᠤᠭᠠᠯᠢ ᠠᠷᠠᠳ ᠤᠳ ᠵᠡᠭᠡᠯᠢ ᠭᠤᠳᠤᠮᠵᠢ ᠶᠢᠨ ᠡᠶᠢᠮᠦᠷᠬᠦ ᠠᠷᠠᠳ ᠤᠨ ᠬᠦᠰᠡᠯ

ᠱᠠᠭᠠᠷᠳᠠᠯᠭ᠎ᠠ ᠶᠢ ᠬᠦᠯᠢᠶᠡᠵᠦ᠂ ᠪᠢ ᠬᠠᠷᠢᠭᠤ ᠲᠤᠰᠬᠠᠯ ᠢ ᠣᠯᠵᠤ᠂ ᠣᠯᠵᠤ ᠰᠣᠨᠣᠰᠤᠮᠠᠭᠴᠠ ᠬᠢᠵᠦ ᠳᠡᠶᠢᠯᠬᠦ

ᠠᠵᠢᠯ ᠤᠨ ᠰᠤᠷᠲᠠᠯ ᠢ ᠮᠠᠭᠲᠠᠨ ᠰᠠᠶᠢᠰᠢᠶᠠᠵᠤ ᠪᠠᠶᠢᠨ᠎ᠠ︕

ᠳᠠᠷᠠᠭᠠᠴᠢ ᠶᠢᠨ ᠠᠯᠬᠤᠮ ᠳᠤ᠂ ᠱᠢ ᠭᠤᠸᠠᠢ ᠵᠡᠭᠡᠯᠢ ᠭᠤᠳᠤᠮᠵᠢ ᠶᠢᠨ ᠬᠢᠨ ᠦᠷᠭᠦᠯᠵᠢᠯᠡᠨ ᠰᠠᠭᠤᠭᠠᠯᠢ ᠠᠷᠠᠳ ᠤᠨ

ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠵᠣᠯᠭᠠᠭᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂

ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠪᠠᠷ ︽ᠨᠢᠭᠡᠳᠦᠭᠡᠷ ᠳᠡᠰ ᠤᠨ

ᠳᠣᠬᠢᠶ᠎ᠠ︾ᠪᠣᠯᠭᠠᠬᠤ ᠶᠢ ᠪᠠᠷᠢᠮᠲᠠᠯᠠᠵᠤ᠂ ᠦᠨᠡᠨ ᠰᠡᠳᠬᠢᠯ ᠠᠴᠠ ᠪᠠᠨ ᠰᠠᠭᠤᠭᠠᠯᠢ ᠠᠷᠠᠳ ᠲᠤ ᠪᠣᠳᠠᠲᠠᠢ ᠶᠠᠪᠤᠳᠠᠯ᠂

ᠬᠦᠴᠢᠷ ᠶᠠᠪᠤᠳᠠᠯ᠂ ᠰᠠᠶᠢᠨ ᠶᠠᠪᠤᠳᠠᠯ ᠬᠢᠵᠦ ᠥᠭᠭᠦᠨ᠎ᠡ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号