︽ᠠᠶᠤᠯᠭᠦᠢ ᠦᠢᠯᠡᠳᠪᠦᠷᠢᠯᠡᠯ︾ᠰᠢᠭᠤᠶᠢᠲᠤ ᠵᠡᠭᠡᠯᠢ ᠭᠤᠳᠤᠮᠵᠢ ᠶᠢᠨ ᠬᠢᠨ ᠴᠠᠭᠠᠨ ᠰᠠᠷ᠎ᠠ ᠶᠢᠨ ᠳᠠᠷᠠᠭ᠎ᠠ ᠠᠵᠢᠯ ᠢᠶᠠᠨ ᠰᠡᠷᠭᠦᠭᠡᠵᠦ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠨ᠎ᠡ
ᠨᠡᠶᠢᠲᠡᠯᠡᠭᠰᠡᠨ ᠴᠠᠭ᠄
2022/2/23
        2 ᠰᠠᠷ᠎ᠠ ᠶᠢᠨ 7  ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠬᠠᠷᠢᠶ᠎ᠠ ᠲᠣᠭᠤᠷᠢᠭ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠠᠮᠤᠷ ᠲᠦᠪᠰᠢᠨ ᠡᠮᠬᠢ ᠳᠢᠭᠯᠢᠮ ᠲᠠᠢ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠬᠠᠰ ᠪᠦᠯᠬᠦᠮ ᠳᠠᠭᠠᠭᠤᠯᠵᠤ᠂ ᠬᠠᠷᠢᠶ᠎ᠠ ᠲᠣᠭᠤᠷᠢᠭ ᠤᠨ ᠵᠣᠴᠢᠳ ᠤᠨ ᠪᠠᠭᠤᠳᠠᠯ᠂ ᠠᠵᠤ ᠠᠬᠤᠶᠢᠯᠠᠯ᠂ ᠵᠡᠷᠭᠡ ᠲᠠᠯᠠᠪᠤᠷ ᠲᠤ ᠬᠦᠷᠴᠦ ᠴᠠᠭᠠᠨ ᠰᠠᠷ᠎ᠠ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠪᠡ᠃

       ᠪᠠᠶᠢᠴᠠᠭᠠᠬᠤ ᠶᠠᠪᠤᠴᠠ ᠳᠤ᠂ ᠠᠵᠢᠯᠲᠠᠳ ᠠᠵᠤ ᠠᠬᠤᠶᠢᠯᠠᠯ ᠤᠨ ᠠᠵᠢᠯᠯᠠᠬᠤ ᠭᠠᠵᠠᠷ ᠲᠤ ᠬᠡᠮ ᠰᠣᠭᠤᠭ ᠢ

ᠵᠢᠭᠰᠠᠭᠠᠨ ᠪᠠᠶᠢᠴᠠᠭᠠᠵᠤ᠂ ᠠᠵᠤ ᠠᠬᠤᠶᠢᠯᠠᠯ ᠤᠨ ᠭᠤᠣᠯ ᠪᠣᠯᠬᠤ ᠦᠢᠯᠡᠳᠪᠦᠷᠢᠯᠡᠯ ᠤᠨ ᠲᠥᠬᠦᠭᠡᠷᠦᠮᠵᠢ ᠪᠠ ᠪᠣᠶ

ᠪᠦᠬᠦᠢ ᠠᠮᠤᠷ ᠲᠦᠪᠰᠢᠨ ᠤ ᠲᠥᠬᠦᠭᠡᠷᠦᠮᠵᠢ ᠶᠢ ᠪᠥᠬᠦ ᠲᠠᠯ᠎ᠠ ᠪᠠᠷ ᠪᠠᠶᠢᠴᠠᠭᠠᠨ ᠵᠠᠰᠠᠭᠰᠠᠨ ᠡᠰᠡᠬᠦ᠂ ᠴᠠᠬᠢᠯᠭᠠᠨ

ᠬᠡᠷᠡᠭᠰᠡᠯ ᠤᠨ ᠱᠤᠭᠤᠮ ᠢ ᠪᠥᠬᠦ ᠲᠠᠯ᠎ᠠ ᠪᠠᠷ ᠪᠠᠶᠢᠴᠠᠭᠠᠭᠰᠠᠨ ᠡᠰᠡᠬᠦ᠂ ᠠᠵᠢᠯ ᠢᠶᠠᠨ ᠰᠡᠷᠭᠦᠭᠡᠵᠦ

ᠦᠢᠯᠡᠳᠪᠦᠷᠢᠯᠡᠬᠦ ᠠᠴᠠ ᠡᠮᠦᠨᠡᠬᠢ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ

ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ᠎ᠠ᠃ᠡᠭᠦᠨ ᠠᠴᠠ ᠭᠠᠳᠠᠨ᠎ᠠ᠂

ᠠᠵᠢᠯᠲᠠᠳ ᠪᠠᠰᠠ ᠲᠥᠷᠥᠯ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂

ᠲᠦᠷ ᠬᠡᠷᠡᠭᠯᠡᠬᠦ ᠴᠠᠬᠢᠯᠭᠠᠨ ᠤ ᠠᠮᠤᠷ ᠲᠦᠪᠰᠢᠨ ᠤ ᠪᠠᠶᠢᠳᠠᠯ ᠵᠢᠴᠢ ᠲᠤᠬᠠᠢ ᠶᠢᠨ ᠲᠠᠯᠠᠪᠤᠷ ᠤᠨ ᠭᠠᠯ ᠰᠡᠷᠭᠡᠶᠢᠯᠡᠬᠦ

ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠵᠢᠯᠴᠢᠨ ᠤ ᠠᠶᠤᠯᠭᠦᠢ ᠦᠢᠯᠡᠳᠪᠦᠷᠢᠯᠡᠯ ᠤᠨ ᠬᠥᠮᠦᠵᠢᠯ

ᠪᠣᠯᠪᠠᠰᠤᠷᠠᠭᠤᠯᠤᠯ ᠤᠨ ᠪᠠᠶᠢᠳᠠᠯ᠂ ᠣᠨᠴᠠ ᠲᠥᠷᠥᠯ ᠤᠨ ᠠᠵᠢᠯ ᠬᠢᠭᠰᠡᠳ ᠤᠨ ᠦᠨᠡᠮᠯᠡᠯ ᠲᠠᠢ ᠪᠠᠶᠢᠬᠤ ᠪᠠᠶᠢᠳᠠᠯ᠂

ᠲᠠᠯᠠᠪᠤᠷ ᠲᠤ ᠰᠢᠨ᠎ᠡ ᠪᠠᠷ ᠣᠷᠣᠭᠰᠠᠨ ᠠᠵᠢᠯᠴᠢᠨ ᠪᠤᠶᠤ ᠠᠵᠢᠯ ᠤᠨ ᠪᠠᠶᠢᠷᠢ ᠰᠢᠯᠵᠢᠭᠰᠡᠨ ᠠᠵᠢᠯᠴᠢᠨ ᠤ ᠠᠮᠤᠷ

ᠲᠦᠪᠰᠢᠨ ᠤ ᠬᠥᠮᠦᠵᠢᠯ ᠪᠣᠯᠪᠠᠰᠤᠷᠠᠭᠤᠯᠤᠯ ᠬᠢᠭᠰᠡᠨ ᠪᠠᠶᠢᠳᠠᠯ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠶᠢᠴᠠᠭᠠᠯᠲᠠ

ᠬᠢᠪᠡ᠃

       ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠠᠵᠢᠯ ᠢᠶᠠᠨ ᠰᠡᠷᠭᠦᠭᠡᠵᠦ

ᠦᠢᠯᠡᠳᠪᠦᠷᠢᠯᠡᠯ ᠢᠶᠠᠨ ᠰᠡᠷᠭᠦᠭᠡᠬᠦ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠦᠷᠭᠦᠯᠵᠢᠯᠡᠨ

ᠥᠷᠨᠢᠭᠦᠯᠵᠦ᠂ ᠠᠵᠤ ᠠᠬᠤᠶᠢᠯᠠᠯ ᠬᠤᠳᠠᠯᠳᠤᠭᠠᠨ ᠤ ᠡᠷᠦᠬᠡ ᠶᠢ ᠱᠠᠯᠠᠪᠳᠠᠭᠤᠯᠤᠨ ᠠᠮᠤᠷ ᠲᠦᠪᠰᠢᠨ ᠤ ᠬᠤᠷᠢᠭ᠎ᠠ

ᠱᠤᠭᠤᠮ ᠤᠨ ᠰᠡᠳᠬᠢᠬᠦᠢ ᠶᠢ ᠪᠠᠲᠤ ᠪᠠᠬᠢ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠰᠡᠳᠦᠪᠲᠦ

ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠶᠢᠨ ᠳᠠᠷᠠᠭ᠎ᠠ ᠠᠵᠢᠯ ᠢᠶᠠᠨ ᠰᠡᠷᠭᠦᠭᠡᠵᠦ

ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠢ ᠦᠨᠡᠨᠬᠦ ᠪᠠᠲᠤᠯᠠᠨ᠎ᠠ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号