【ᠪᠣᠯᠪᠠᠰᠤᠷᠠᠭᠤᠯᠤᠯ ᠤᠨ ᠬᠤᠷᠠᠯ】 ᠰᠢᠭᠤᠶᠢᠲᠤ ᠵᠡᠭᠡᠯᠢ ᠭᠤᠳᠤᠮᠵᠢ ᠶᠢᠨ ᠬᠢᠨ ᠠᠯᠪᠠᠨ ᠪᠢᠴᠢᠭ ᠢ ᠰᠢᠢᠳᠪᠦᠷᠢᠯᠡᠬᠦ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/2/23
       2 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠰᠢᠭᠤᠶᠢᠲᠤ  ᠵᠡᠭᠡᠯᠢ ᠭᠤᠳᠤᠮᠵᠢ ᠶᠢᠨ ᠬᠢᠨ ᠪᠥᠬᠦ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ᠠᠯᠪᠠᠨ ᠪᠢᠴᠢᠭ ᠰᠢᠢᠳᠪᠦᠷᠢᠯᠡᠬᠦ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠬᠠᠰ ︽ᠠᠯᠪᠠᠨ ᠪᠢᠴᠢᠭ ᠰᠢᠢᠳᠪᠦᠷᠢᠯᠡᠬᠦ ᠠᠵᠢᠯ ᠤᠨ ᠭᠤᠣᠯᠳᠠᠯᠭ᠎ᠠ ᠲᠠᠢ ᠵᠠᠳᠠᠯᠤᠯᠲᠠ︾ ᠭᠡᠬᠦ ᠰᠡᠳᠦᠪ ᠢᠶᠠᠷ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃ᠪᠠᠷᠰ ᠵᠢᠯ ᠤᠨ ᠴᠠᠭᠠᠨ ᠰᠠᠷ᠎ᠠ ᠶᠢᠨ ᠠᠩᠬᠠᠨ ᠤ ᠠᠵᠢᠯ ᠤᠨ ᠡᠳᠦᠷ ᠲᠤ᠂ ᠪᠥᠬᠦ ᠺᠠᠳ᠋ᠷ ᠠᠵᠢᠯᠲᠠᠨ ᠢ ᠵᠢᠯᠣᠭᠤᠳᠤᠨ ᠠᠯᠪᠠᠨ ᠪᠢᠴᠢᠭ ᠢ ᠰᠢᠢᠳᠪᠦᠷᠢᠯᠡᠬᠦ ᠤᠷ᠎ᠠ ᠮᠡᠷᠭᠡᠵᠢᠯ ᠪᠠ ᠠᠩᠬᠠᠷᠬᠤ ᠵᠦᠢᠯᠡᠰ ᠢ ᠨᠠᠩ ᠪᠥᠬᠦ ᠲᠠᠯ᠎ᠠ ᠪᠠᠷ᠂ ᠣᠨᠣᠪᠴᠢᠲᠠᠶ᠂ ᠨᠠᠷᠢᠨ ᠨᠢᠮᠪᠠᠢ ᠰᠤᠷᠤᠯᠴᠠᠨ ᠣᠶᠢᠯᠠᠭᠠᠭᠤᠯᠵᠤ᠂ ᠡᠳᠦᠷ ᠲᠤᠲᠤᠮ ᠤᠨ ᠠᠯᠪᠠᠨ ᠪᠢᠴᠢᠭ ᠢ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠠᠯᠪᠠᠨ ᠪᠢᠴᠢᠭ ᠢ ᠰᠢᠢᠳᠪᠦᠷᠢᠯᠡᠬᠦ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠪᠡ᠃

       ᠪᠣᠯᠪᠠᠰᠤᠷᠠᠭᠤᠯᠤᠯ ᠤᠨ ᠳᠤᠮᠳᠠ᠂ ᠬᠠᠰᠧ ᠡᠷᠬᠢᠯᠡᠭᠴᠢ ᠪᠣᠳᠠᠲᠠᠢ ᠬᠡᠷᠡᠭ ᠤᠨ ᠵᠢᠱᠢᠶ᠎ᠡ ᠪᠠᠷ ᠨᠠᠷᠢᠨ

ᠲᠠᠶᠢᠯᠪᠤᠷᠢᠯᠠᠵᠤ᠂ ᠡᠳᠦᠷ ᠲᠤᠲᠤᠮ ᠤᠨ ᠦᠷᠭᠦᠯᠵᠢ ᠣᠮᠲᠣᠭᠠᠶᠢᠯᠠᠳᠠᠭ ᠵᠦᠢᠯᠡᠰ ᠢ ᠵᠢᠭᠠᠵᠤ ᠭᠠᠷᠭᠠᠵᠠᠢ᠂

ᠵᠢᠱᠢᠶᠡᠯᠡᠪᠡᠯ᠄ ᠤᠯᠠᠭᠠᠨ ᠲᠦᠷᠦᠭᠦᠲᠦ ᠪᠢᠴᠢᠭ ᠮᠠᠲ᠋ᠧᠷᠢᠶᠠᠯ ᠤᠨ ᠬᠡᠪᠯᠡᠯ ᠤᠨ ᠲᠦᠷᠦᠭᠦᠸ ᠶᠢ ᠪᠣᠳᠠᠲᠤ

ᠪᠠᠶᠢᠳᠠᠯ ᠲᠠᠢ ᠪᠠᠨ ᠤᠶᠠᠯᠳᠤᠭᠤᠯᠤᠨ ᠬᠤᠪᠢᠷᠠᠭᠤᠯᠬᠤ ᠳᠤ ᠶᠠᠮᠠᠷ ᠪᠠᠶᠢᠪᠠᠯ ᠵᠣᠬᠢᠬᠤ᠂ ᠳᠠᠭᠠᠯᠳᠤᠭᠤᠯᠤᠯ ᠢ ᠬᠡᠷᠬᠢᠨ

ᠡᠬᠢᠯᠡᠪᠡᠯ ᠵᠣᠬᠢᠬᠤ᠂ ᠬᠡᠪᠯᠡᠯ ᠤᠨ ᠲᠡᠮᠳᠡᠭᠯᠡᠯ ᠪᠠ ᠨᠢᠭᠤᠷ ᠤᠨ ᠨᠣᠮᠧᠷ ᠢ ᠶᠠᠮᠠᠷ ᠪᠠᠶᠢᠷᠢᠨ ᠳᠤ ᠪᠠᠶᠢᠯᠭᠠᠬᠤ ᠵᠡᠷᠭᠡ

ᠨᠠᠷᠢᠨ ᠵᠦᠢᠯᠡᠰ ᠤᠨ ᠠᠰᠠᠭᠤᠳᠠᠯ ᠪᠣᠯᠣᠨ᠎ᠠ᠃ᠡᠭᠦᠨ ᠠᠴᠠ ᠭᠠᠳᠠᠨ᠎ᠠ᠂ ᠠᠯᠪᠠᠨ ᠪᠢᠴᠢᠭ ᠤᠨ ᠲᠥᠷᠥᠯ ᠵᠦᠢᠯ ᠪᠠ

ᠠᠯᠪᠠᠨ ᠪᠢᠴᠢᠭ ᠶᠠᠪᠤᠭᠤᠯᠬᠤ ᠳᠦᠷᠢᠮ   ᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠠᠯᠪᠠᠨ ᠪᠢᠴᠢᠭ   ᠢ ᠬᠡᠷᠡᠭᠯᠡᠬᠦ

ᠳᠦᠷᠢᠮ   ᠢ ᠣᠯᠠᠨ ᠳᠤ ᠤᠯᠠᠮ ᠲᠣᠳᠣᠷᠬᠠᠢ ᠪᠣᠯᠭᠠᠵᠠᠢ᠃

       ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠨᠢ ᠬᠠᠨᠳᠤᠯᠭᠠᠲᠤ ᠴᠢᠨᠠᠷ ᠢᠶᠠᠷ ᠴᠢᠩᠭ᠎ᠠ᠂

ᠠᠭᠤᠯᠭ᠎ᠠ ᠪᠠᠷ ᠪᠠᠶᠠᠯᠢᠭ᠂ ᠮᠡᠳᠡᠯᠭᠡ ᠶᠢᠨ ᠬᠠᠮᠤᠷᠬᠤ ᠬᠡᠪᠴᠢᠶ᠎ᠡ ᠪᠠᠷ ᠥᠷᠭᠡᠨ ᠪᠠᠶᠢᠵᠤ᠂ ᠠᠯᠪᠠᠨ ᠪᠢᠴᠢᠭ

ᠰᠢᠢᠳᠪᠦᠷᠢᠯᠡᠬᠦ ᠠᠵᠢᠯ ᠤᠨ ᠲᠤᠬᠠᠢ ᠣᠯᠠᠨ ᠤ ᠲᠠᠨᠢᠯᠲᠠ ᠶᠢ ᠨᠡᠮᠡᠭᠳᠡᠭᠦᠯᠵᠦ᠂ ᠬᠤᠶᠢᠰᠢᠳᠠ ᠶᠢᠨ ᠠᠯᠪᠠᠨ ᠪᠢᠴᠢᠭ

ᠰᠢᠢᠳᠪᠦᠷᠢᠯᠡᠬᠦ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号