【ᠬᠤᠷᠠᠯ】ᠰᠢᠭᠤᠶᠢᠲᠤ ᠵᠡᠭᠡᠯᠢ ᠭᠤᠳᠤᠮᠵᠢ ᠶᠢᠨ ᠬᠢᠨ 2022 ᠣᠨ ᠤ ᠭᠤᠣᠯᠳᠠᠯᠭ᠎ᠠ ᠲᠠᠢ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/23
        ᠬᠠᠪᠤᠷ ᠤᠨ ᠦᠵᠡᠮᠵᠢ ᠶᠢ ᠦᠯᠦ ᠬᠥᠰᠡᠷᠳᠡᠭᠦᠯᠦᠨ᠂ ᠡᠷᠡᠯᠬᠡᠭᠯᠡᠨ ᠤᠷᠤᠭᠰᠢᠯᠠᠨ᠎ᠠ᠃2 ᠰᠠᠷ᠎ᠠ ᠶᠢᠨ 7 ᠤ ᠡᠳᠦᠷ᠂ ᠪᠠᠷᠰ ᠵᠢᠯ ᠤᠨ ᠴᠠᠭᠠᠨ ᠰᠠᠷ᠎ᠠ ᠶᠢᠨ ᠳᠠᠷᠠᠭᠠᠬᠢ ᠠᠩᠬᠠᠳᠠᠭᠴᠢ ᠠᠵᠢᠯ ᠤᠨ ᠡᠳᠦᠷ ᠲᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠪᠦᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠠᠵᠢᠯ ᠤᠨ ᠲᠣᠭᠲᠠᠮᠠᠯ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠠᠷᠢᠶ᠎ᠠ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠪᠦᠬᠦ ᠺᠠᠳ᠋ᠷ ᠠᠵᠢᠯᠲᠠᠨ ᠠᠵᠢᠯᠴᠢᠨ ᠢ ᠬᠥᠭᠵᠢᠭᠡᠨ ︽ᠰᠢᠢᠳᠪᠦᠷᠢᠲᠦ ᠳᠠᠶᠢᠯᠠᠯᠳᠤᠭᠠᠨ ᠬᠢᠵᠦ ᠪᠦᠬᠦ ᠵᠢᠯ ᠢᠶᠠᠷ ᠭᠦᠶᠦᠬᠦ︾ᠣᠪᠣᠷ ᠪᠠᠶᠢᠳᠠᠯ ᠢᠶᠠᠷ ᠦᠳᠲᠡᠷ ᠲᠦᠷᠭᠡᠨ ᠲᠣᠬᠢᠷᠠᠭᠤᠯᠤᠯᠲᠠ ᠬᠢᠵᠦ᠂ ᠰᠡᠳᠬᠢᠯ ᠢᠶᠠᠨ ᠬᠤᠷᠢᠶᠠᠵᠤ ᠬᠦᠴᠦᠨ ᠢᠶᠠᠨ ᠬᠠᠮᠲᠤᠳᠬᠠᠵᠤ᠂ ᠵᠡᠭᠡᠯᠢ ᠭᠤᠳᠤᠮᠵᠢ ᠶᠢᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠪᠡ᠃        ᠬᠤᠷᠠᠯ ᠳᠡᠭᠡᠷ᠎ᠡ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠶᠠ ᠮᠢᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠪᠣᠯᠣᠨ 2022 ᠣᠨ ᠤ ᠪᠦᠬᠦ ᠬᠤᠳᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ ᠠᠵᠢᠯ ᠬᠢᠵᠦ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠦᠬᠦ ᠠᠵᠢᠯᠲᠠᠳ ᠢ ᠣᠳᠣᠬᠠᠨ ᠤ ᠠᠵᠢᠯ ᠤᠨ ᠪᠠᠶᠢᠳᠠᠯ ᠪᠠ ᠡᠭᠦᠷᠭᠡ ᠪᠠᠨ ᠲᠣᠳᠣᠷᠬᠠᠢ ᠪᠣᠯᠭᠠᠬᠤ ᠬᠡᠷᠡᠭᠲᠡᠢ ᠭᠡᠵᠦ ᠱᠠᠭᠠᠷᠳᠠᠵᠤ᠂ ᠡᠬᠢᠯᠡᠩᠭᠦᠲᠡ ᠪᠠᠨ ᠰᠢᠪᠲᠤᠯᠤᠯᠲᠠ ᠬᠢᠬᠦ ᠡᠷᠴᠢ ᠵᠣᠷᠢᠭ ᠪᠠ ᠣᠪᠣᠷ ᠪᠠᠶᠢᠳᠠᠯ ᠢᠶᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠠᠵᠤ ᠠᠬᠤᠢ ᠶᠢᠨ ᠬᠥᠭᠵᠢᠯᠲᠡ᠂ ᠠᠶᠤᠯ ᠦᠭᠡᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠤᠨ ᠳᠤᠮᠳᠠᠬᠢ ᠬᠦᠴᠢᠷ ᠠᠰᠠᠭᠤᠳᠠᠯ᠂ ᠪᠡᠷᠬᠡ ᠠᠰᠠᠭᠤᠳᠠᠯ᠂ ᠡᠪᠡᠷᠰᠢᠶᠡᠯ ᠲᠠᠢ ᠠᠰᠠᠭᠤᠳᠠᠯ ᠤᠨ ᠲᠣᠭᠤᠷᠢᠨ ᠳᠤ ᠪᠡᠷᠬᠡ ᠰᠡᠳᠦᠪ ᠢ ᠬᠦᠴᠦᠯᠡᠨ ᠰᠢᠢᠳᠪᠦᠷᠢᠯᠡᠵᠦ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠭᠦᠨᠵᠡᠭᠡᠢ ᠠᠭᠤᠯᠤᠭᠳᠠᠬᠤᠨ ᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠭᠰᠠᠨ ᠰᠠᠭᠤᠷᠢᠨ ᠳᠡᠭᠡᠷ᠎ᠡ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠴᠢᠭᠯᠡᠯ ᠢᠶᠠᠨ ᠣᠨᠣᠪᠴᠢᠲᠠᠶ ᠡᠷᠢᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠦᠨᠡᠨᠬᠦ ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ᠃

         ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠤᠳᠠᠭᠠᠨ ᠤ ᠬᠤᠷᠠᠯ ᠪᠣᠯ ᠰᠡᠳᠬᠢᠯ ᠢᠶᠠᠨ ᠬᠤᠷᠢᠶᠠᠬᠤ

ᠬᠤᠷᠠᠯ ᠮᠥᠨ᠂ ᠮᠥᠨ ᠴᠦ ᠵᠢᠯ ᠤᠨ ᠳᠠᠷᠠᠭᠠᠬᠢ ᠠᠵᠢᠯ ᠤᠨ ᠡᠬᠢᠯᠡᠯᠲᠡ ᠶᠢᠨ ᠬᠤᠷᠠᠯ ᠪᠣᠯᠣᠨ᠎ᠠ᠂ ᠪᠦᠬᠦ ᠺᠠᠳ᠋ᠷ

ᠠᠵᠢᠯᠲᠠᠨ ᠠᠵᠢᠯᠴᠢᠨ ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠰᠠᠬᠢᠯᠭ᠎ᠠ ᠪᠠᠲᠤ ᠶᠢ ᠴᠢᠩᠳᠠᠯᠠᠵᠤ᠂

ᠠᠮᠠᠷᠠᠯᠲᠠ ᠶᠢᠨ ᠪᠠᠶᠢᠳᠠᠯ ᠠᠴᠠ ᠪᠠᠨ ᠦᠳᠲᠡᠷ ᠲᠦᠷᠭᠡᠨ ᠢᠶᠠᠷ ᠬᠤᠪᠢᠷᠠᠵᠤ᠂ ᠡᠷᠴᠢ ᠵᠣᠷᠢᠭ ᠢᠶᠠᠨ ᠬᠥᠪᠴᠢᠯᠡᠵᠦ᠂

ᠦᠨᠡᠨᠴᠢ ᠰᠢᠳᠤᠷᠭᠤ ᠪᠠᠷ ᠠᠵᠢᠯᠯᠠᠬᠤ ᠳᠠᠭᠠᠨ ᠬᠤᠶᠢᠷᠭᠤᠰᠢᠬᠤ ᠦᠭᠡᠢ᠂ ᠡᠨᠡ ᠵᠢᠯ ᠤᠨ ᠠᠵᠢᠯ ᠢᠶᠠᠨ ᠤᠷᠢᠳᠴᠢᠯᠠᠨ

ᠲᠥᠯᠥᠪᠯᠡᠵᠦ᠂ ᠡᠯ᠎ᠡ ᠵᠦᠢᠯ ᠤᠨ ᠭᠤᠣᠯᠳᠠᠯᠭ᠎ᠠ  ᠲᠠᠢ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂

ᠬᠦᠴᠦᠨ ᠢᠶᠠᠨ ᠵᠡᠭᠡᠯᠢ ᠭᠤᠳᠤᠮᠵᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠡᠭᠡ ᠲᠠᠯ᠎ᠠ

ᠳᠡᠭᠡᠷ᠎ᠡ ᠨᠢᠭᠲᠠᠷᠠᠭᠤᠯᠵᠤ᠂ ᠶᠠᠭᠤ ᠶᠢ ᠠᠳᠬᠤᠬᠤ᠂ ᠶᠠᠭᠠᠬᠢᠵᠤ ᠠᠳᠬᠤᠬᠤ᠂ ᠬᠡᠨ ᠠᠳᠬᠤᠬᠤ ᠶᠢ ᠬᠥᠮᠥᠨ ᠨᠢᠭᠡᠪᠦᠷᠢ

᠂ ᠤᠴᠢᠷ ᠶᠠᠪᠤᠳᠠᠯ ᠨᠢᠭᠡᠪᠦᠷᠢ᠂ ᠭᠤᠭᠴᠤᠭ᠎ᠠ ᠨᠢᠭᠡᠪᠦᠷᠢ᠂ ᠠᠷᠭ᠎ᠠ ᠬᠡᠮᠵᠢᠶ᠎ᠡ ᠨᠢᠭᠡᠪᠦᠷᠢ ᠳᠤ ᠬᠦᠷᠲᠡᠯ᠎ᠡ

ᠨᠠᠷᠢᠯᠢᠭᠵᠢᠭᠤᠯᠤᠨ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠢ ᠬᠠᠷᠢᠭᠤᠴᠠᠬᠤ ᠬᠥᠮᠥᠨ ᠲᠠᠢ ᠪᠠᠶᠢᠬᠤ ᠶᠢ

ᠪᠠᠲᠤᠯᠠᠵᠤ᠂ ᠤᠨᠢᠨ ᠳᠡᠭᠡᠷ᠎ᠡ ᠨᠢ ᠲᠣᠬᠢᠷᠠᠭᠤᠯᠬᠤ᠂ ᠬᠠᠨᠳᠤᠯᠭ᠎ᠠ ᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠦᠨᠡᠨᠬᠦ

ᠪᠡᠶᠡᠯᠡᠭᠦᠯᠵᠦ᠂ ᠡᠯ᠎ᠡ ᠵᠦᠢᠯ ᠤᠨ ᠠᠵᠢᠯ ᠢ ᠲᠠᠬᠢᠨ ᠥᠨᠳᠥᠷ ᠲᠦᠪᠰᠢᠨ ᠳᠤ ᠬᠦᠷᠭᠡᠬᠦ᠂ ᠲᠠᠬᠢᠨ ᠰᠢᠨ᠎ᠡ ᠪᠠᠶᠢᠳᠠᠯ ᠲᠠᠢ

ᠪᠣᠯᠭᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂

ᠣᠨᠴᠠᠯᠢᠭ ᠢᠶᠠᠷ ᠢᠯᠡ ᠲᠣᠳᠣ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠬᠤᠰᠢᠭᠤᠴᠢ ᠣᠷᠣᠨ ᠢ

ᠬᠦᠴᠦᠯᠡᠨ ᠪᠠᠶᠢᠭᠤᠯᠬᠤ ᠳᠤ ᠵᠡᠭᠡᠯᠢ ᠭᠤᠳᠤᠮᠵᠢ ᠶᠢᠨ ᠬᠦᠴᠦᠨ ᠴᠢᠳᠠᠯ ᠢᠶᠠᠨ ᠡᠷᠭᠦᠵᠦ᠂ ᠰᠢᠯᠢᠳᠡᠭ

ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ

ᠵᠢᠭᠠᠵᠤ ᠭᠠᠷᠭᠠᠪᠠ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号