ᠡᠳᠡᠭᠡᠷ ᠵᠢᠵᠢᠭ ᠪᠢᠴᠢᠯ ᠬᠤᠪᠢ ᠶᠢᠨ ᠡᠷᠦᠬᠡ ᠶᠢᠨ 6 ᠰᠠᠷ᠎ᠠ ᠶᠢᠨ ᠬᠡᠷ ᠤᠨ ᠲᠦᠷᠢᠶᠡᠰᠦ ᠶᠢ ᠬᠠᠰᠤᠨ ᠭᠡᠯᠳᠦᠷᠢᠭᠦᠯᠵᠦ᠂ ᠵᠠᠬᠢᠶᠠᠯᠠᠭ᠎ᠠ ᠶᠢᠨ ᠬᠤᠭᠤᠯᠠ ᠵᠡᠷᠭᠡ ᠲᠠᠪᠴᠠᠩ ᠢ ᠬᠥᠲᠥᠯᠦᠨ ᠵᠢᠯᠣᠭᠤᠳᠴᠤ ᠪᠠᠶᠢᠭᠠᠳ ᠬᠤᠳᠠᠯᠳᠤᠭᠠᠨ ᠤ ᠡᠷᠦᠬᠡ ᠶᠢᠨ ᠦᠢᠯᠡᠴᠢᠯᠡᠭᠡᠨ ᠤ ᠰᠦᠢᠳᠬᠡᠯ ᠢ ᠪᠠᠭᠤᠷᠠᠭᠤᠯᠤᠨ᠎ᠠ ᠁ ᠭᠡᠬᠦ ᠮᠡᠲᠦ ᠶᠢᠨ ᠬᠦᠴᠢᠷ ᠪᠣᠭᠤᠮᠳᠠ ᠶᠢ ᠲᠤᠭᠤᠯᠬᠤ ᠬᠠᠮᠤᠭ ᠤᠨ ᠰᠢᠨ᠎ᠡ ᠲᠣᠬᠢᠷᠠᠭᠤᠯᠤᠯᠲᠠ︕
ᠨᠡᠶᠢᠲᠡᠯᠡᠭᠰᠡᠨ ᠴᠠᠭ᠄
2022/2/24
      ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠨᠡᠮᠡᠭᠳᠡᠯ ᠪᠠ ᠦᠢᠯᠡᠴᠢᠯᠡᠭᠡᠨ ᠤ ᠦᠢᠯᠡᠰ ᠤᠨ ᠣᠨᠴᠠᠭᠠᠢ ᠬᠦᠴᠢᠷᠳᠡᠯ ᠲᠠᠢ ᠠᠵᠢᠯ ᠲᠥᠷᠥᠯ ᠤᠨ ᠬᠦᠴᠢᠷᠳᠡᠯ ᠢ ᠨᠢ ᠰᠢᠢᠳᠪᠦᠷᠢᠯᠡᠨ ᠬᠦᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠪᠠ᠃ 2 ᠳ᠋ᠤᠭᠠᠷ ᠰᠠᠷ᠎ᠠ ᠶᠢᠨ 18 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ᠬᠤᠯᠪᠤᠭᠳᠠᠯ ᠪᠦᠬᠦᠢ ᠠᠷᠭ᠎ᠠ ᠬᠡᠮᠵᠢᠶ᠎ᠡ ᠶᠢ ᠲᠠᠨᠢᠯᠴᠠᠭᠤᠯᠪᠠ᠂ ᠬᠠᠮᠲᠤ ᠪᠠᠷ ᠦᠵᠡᠶ᠎ᠡ —      ᠠᠰᠠᠭᠤᠯᠲᠠ᠄ ᠢᠳᠡᠭᠡᠨ ᠤᠮᠳᠠᠭᠠᠨ ᠤ ᠦᠢᠯᠡᠰ᠂ ᠵᠢᠵᠢᠭᠯᠡᠨ ᠬᠤᠳᠠᠯᠳᠤᠬᠤ ᠦᠢᠯᠡᠰ᠂ ᠵᠢᠭᠤᠯᠴᠢᠯᠠᠯ ᠤᠨ ᠦᠢᠯᠡᠰ᠂ ᠵᠠᠰᠠᠮᠠᠯ ᠵᠠᠮ ᠤᠰᠤᠨ ᠵᠠᠮ ᠲᠡᠮᠦᠷ ᠵᠠᠮ ᠤᠨ ᠲᠡᠭᠡᠭᠡᠪᠦᠷᠢ ᠶᠢᠨ ᠦᠢᠯᠡᠰ᠂ ᠠᠷᠠᠳ ᠤᠨ ᠠᠭᠠᠷ ᠤᠨ ᠲᠡᠭᠡᠭᠡᠪᠦᠷᠢ ᠶᠢᠨ ᠦᠢᠯᠡᠰ ᠵᠡᠷᠭᠡ ᠲᠠᠪᠤᠨ ᠠᠵᠢᠯ ᠲᠥᠷᠥᠯ ᠳᠤ ᠴᠢᠭᠯᠡᠭᠦᠯᠦᠨ ᠶᠠᠮᠠᠷ ᠶᠠᠮᠠᠷ ᠴᠢᠭᠯᠡᠯᠲᠦ ᠴᠢᠨᠠᠷᠲᠠᠶ ᠠᠷᠭ᠎ᠠ ᠬᠡᠮᠵᠢᠶ᠎ᠡ ᠠᠪᠤᠭᠰᠠᠨ ᠪᠣᠶ︖      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠄      ᠲᠣᠰ ᠤᠳᠠᠭᠠᠨ ᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠪᠣᠶ ᠪᠥᠬᠦᠶ ᠦᠢᠯᠡᠴᠢᠯᠡᠭᠡᠨ ᠤ ᠦᠢᠯᠡᠰ ᠤᠨ ᠠᠵᠢᠯ ᠲᠥᠷᠥᠯ ᠳᠤ ᠴᠥᠮ ᠬᠡᠷᠡᠭᠯᠡᠵᠦ ᠪᠣᠯᠬᠤ 10 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠭᠰᠠᠨ ᠠᠴᠠ ᠭᠠᠳᠠᠨ᠎ᠠ ᠬᠢᠵᠢᠭ ᠤᠨ ᠪᠠᠶᠢᠳᠠᠯ ᠳᠤ ᠬᠦᠨᠳᠦ ᠨᠣᠴᠢᠲᠠᠢ ᠨᠦᠯᠦᠭᠡᠯᠡᠭᠳᠡᠭᠰᠡᠨ᠂ ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠵᠠᠰᠠᠮᠠᠯ ᠵᠠᠮ ᠤᠰᠤᠨ ᠵᠠᠮ ᠲᠡᠮᠦᠷ ᠵᠠᠮ ᠤᠨ ᠲᠡᠭᠡᠭᠡᠪᠦᠷᠢ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠲᠠᠪᠤᠨ ᠣᠨᠴᠠᠭᠠᠢ ᠬᠦᠴᠢᠷᠳᠡᠯ ᠲᠠᠢ ᠠᠵᠢᠯ ᠲᠥᠷᠥᠯ ᠳᠤ ᠴᠢᠭᠯᠡᠭᠦᠯᠦᠨ᠂ ᠬᠦᠴᠢᠷᠳᠡᠯ ᠢ ᠰᠢᠢᠳᠪᠦᠷᠢᠯᠡᠬᠦ ᠨᠠᠩ ᠴᠢᠭᠯᠡᠯᠲᠦ ᠴᠢᠨᠠᠷᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠃      · ᠢᠳᠡᠭᠡᠨ ᠤᠮᠳᠠᠭᠠᠨ ᠤ ᠦᠢᠯᠡᠰ ᠲᠤ ᠴᠢᠭᠯᠡᠭᠦᠯᠦᠨ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠠᠵᠢᠯᠲᠠᠨ ᠪᠠ ᠠᠵᠢᠯᠴᠢᠨ ᠤ ᠲᠣᠭᠲᠠᠮᠠᠯ ᠬᠤᠭᠤᠴᠠᠭ᠎ᠠ ᠲᠠᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠳᠤ ᠨᠢ ᠨᠥᠬᠦᠪᠥᠷᠢ ᠥᠭᠭᠦᠨ ᠳᠡᠮᠵᠢᠯᠭᠡ ᠦᠵᠡᠭᠦᠯᠵᠦ᠂ ᠵᠠᠬᠢᠶᠠᠯᠠᠭ᠎ᠠ ᠶᠢᠨ ᠬᠤᠭᠤᠯᠠ ᠵᠡᠷᠭᠡ ᠢᠨᠲ᠋ᠧᠷ ᠰᠦᠯᠵᠢᠶᠡᠨ ᠤ ᠲᠠᠪᠴᠠᠩ ᠤᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠢᠳᠡᠭᠡᠨ ᠤᠮᠳᠠᠭᠠᠨ ᠤ ᠦᠢᠯᠡᠰ ᠤᠨ ᠬᠤᠳᠠᠯᠳᠤᠭᠠᠨ ᠤ ᠡᠷᠦᠬᠡ ᠶᠢᠨ ᠦᠢᠯᠡᠴᠢᠯᠡᠭᠡᠨ ᠤ ᠰᠦᠢᠳᠬᠡᠯ ᠤᠨ ᠪᠠᠷᠢᠮᠵᠢᠶ᠎ᠠ ᠶᠢ ᠤᠯᠠᠮ ᠨᠢᠭᠡ ᠠᠯᠬᠤᠮ ᠪᠠᠭᠤᠷᠠᠭᠤᠯᠤᠨ᠂ ᠬᠠᠮᠢᠶ᠎ᠠ ᠪᠥᠬᠦᠶ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠵᠡᠷᠭᠡ 7 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      · ᠵᠢᠵᠢᠭᠯᠡᠨ ᠬᠤᠳᠠᠯᠳᠤᠬᠤ ᠦᠢᠯᠡᠰ ᠲᠤ ᠴᠢᠭᠯᠡᠭᠦᠯᠦᠨ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠯᠠ ᠮᠥᠩᠭᠦ ᠶᠢ ᠠᠰᠢᠭᠯᠠᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠥᠷᠨᠢᠭᠦᠯᠬᠦ ᠶᠢ ᠳᠡᠮᠵᠢᠵᠦ᠂ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠭᠤᠣᠯᠯᠠᠭᠴᠢ ᠲᠣᠤᠷ ᠰᠦᠯᠵᠢᠶ᠎ᠡ ᠶᠢ ᠲᠡᠭᠦᠯᠳᠡᠷᠵᠢᠭᠦᠯᠬᠦ ᠵᠡᠷᠭᠡ 6 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠪᠠ᠃      · ᠵᠢᠭᠤᠯᠴᠢᠯᠠᠯ ᠤᠨ ᠦᠢᠯᠡᠰ ᠲᠤ ᠴᠢᠭᠯᠡᠭᠦᠯᠦᠨ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠶᠢ ᠲᠦᠷ ᠪᠤᠴᠠᠭᠠᠬᠤ᠂ ᠵᠢᠭᠤᠯᠴᠢᠯᠠᠭᠴᠢᠳ ᠲᠤ ᠦᠢᠯᠡᠴᠢᠯᠡᠬᠦ ᠭᠠᠵᠠᠷ ᠤᠨ ᠲᠣᠭᠲᠠᠭᠠᠯ ᠳᠤ ᠨᠡᠶᠢᠴᠡᠭᠰᠡᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠴᠢᠨ ᠤ ᠡᠪᠯᠡᠯ ᠤᠨ ᠠᠵᠢᠯᠯᠠᠭ᠎ᠠ ᠶᠢ ᠲᠣᠰᠤᠨ ᠠᠪᠬᠤ ᠶᠢ ᠳᠡᠮᠵᠢᠬᠦ ᠵᠡᠷᠭᠡ 7 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      · ᠵᠠᠰᠠᠮᠠᠯ ᠵᠠᠮ ᠤᠰᠤᠨ ᠵᠠᠮ ᠲᠡᠮᠦᠷ ᠵᠠᠮ ᠤᠨ ᠲᠡᠭᠡᠭᠡᠪᠦᠷᠢ ᠶᠢᠨ ᠦᠢᠯᠡᠰ ᠲᠤ ᠴᠢᠭᠯᠡᠭᠦᠯᠦᠨ᠂ ᠣᠯᠠᠨ ᠨᠡᠶᠢᠲᠡ ᠶᠢᠨ ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠥᠷᠲᠡᠭ ᠨᠡᠮᠡᠭᠳᠡᠯ ᠤᠨ ᠭᠠᠶᠢᠯᠢ ᠶᠢ ᠱᠠᠲᠤᠴᠢ ᠴᠢᠨᠠᠷᠲᠠᠢ ᠪᠠᠷ ᠭᠡᠯᠳᠦᠷᠢᠭᠦᠯᠬᠦ᠂ ᠲᠡᠷᠭᠡ ᠬᠥᠰᠬᠡ ᠬᠤᠳᠠᠯᠳᠤᠨ ᠠᠪᠤᠭᠰᠠᠨ ᠭᠠᠶᠢᠯᠢ ᠶᠢᠨ ᠣᠷᠣᠯᠭ᠎ᠠ ᠶᠢᠨ ᠣᠷᠣᠨ ᠨᠤᠲᠤᠭ ᠤᠨ ᠪᠠᠯᠠ ᠮᠥᠩᠭᠦ ᠳᠤ ᠨᠥᠬᠦᠪᠥᠷᠢ ᠥᠭᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠵᠡᠷᠭᠡ 6 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      · ᠠᠷᠠᠳ ᠤᠨ ᠠᠭᠠᠷ ᠤᠨ ᠲᠡᠭᠡᠭᠡᠪᠦᠷᠢ ᠶᠢᠨ ᠦᠢᠯᠡᠰ ᠲᠤ ᠴᠢᠭᠯᠡᠭᠦᠯᠦᠨ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠰᠠᠭᠤᠷᠢ ᠮᠥᠩᠭᠦ ᠪᠠᠷ ᠳᠠᠮᠵᠢᠭᠤᠯᠤᠨ ᠨᠥᠬᠦᠴᠡᠯ ᠳᠤ ᠨᠡᠶᠢᠴᠡᠭᠰᠡᠨ ᠠᠭᠠᠷ ᠤᠨ ᠠᠶᠠᠯᠠᠯ ᠤᠨ ᠱᠤᠭᠤᠮ᠂ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠳᠤ ᠨᠥᠬᠦᠪᠥᠷᠢ ᠥᠭᠬᠦ᠂ ᠬᠢᠵᠢᠭ ᠤᠨ ᠪᠠᠶᠢᠳᠠᠯ ᠳᠤ ᠬᠦᠨᠳᠦ ᠨᠣᠴᠢᠲᠠᠶ ᠨᠥᠯᠥᠭᠡᠯᠡᠭᠳᠡᠭᠰᠡᠨ ᠠᠭᠠᠷ ᠤᠨ ᠠᠶᠠᠯᠠᠯ ᠤᠨ ᠺᠣᠮᠫᠠᠨᠢ ᠪᠠ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠳᠠᠩᠰᠠᠯᠠᠭᠤᠯᠤᠨ ᠲᠠᠷᠬᠠᠭᠠᠭᠰᠠᠨ ᠥᠭᠴᠡᠭᠡᠨ ᠤ ᠶᠠᠪᠤᠳᠠᠯ ᠤᠨ ᠪᠠᠯᠠ ᠲᠣᠬᠢᠷᠠᠭᠤᠯᠭ᠎ᠠ ᠶᠢᠨ ᠪᠠᠭᠠᠵᠢ ᠳᠤ ᠰᠠᠭᠠᠳ ᠥᠬᠡᠶ ᠨᠡᠪᠲᠡᠷᠡᠬᠦ ᠵᠠᠮ ᠪᠠᠶᠢᠭᠤᠯᠬᠤ ᠵᠡᠷᠭᠡ 5 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ᠪᠣᠳᠠᠲᠠᠶ ᠠᠭᠤᠯᠭ᠎ᠠ ᠶᠢ ᠠᠳᠡ ᠠᠴᠠ ᠦᠵᠡᠵᠦ ᠪᠣᠯᠤᠨ᠎ᠠ᠄      ᠢᠳᠡᠭᠡᠨ ᠤᠮᠳᠠᠭᠠᠨ᠂ ᠵᠢᠭᠤᠯᠴᠢᠯᠠᠯ᠂ ᠵᠢᠵᠢᠭᠯᠡᠨ ᠬᠤᠳᠠᠯᠳᠤᠬᠤ ᠁ 43 ᠵᠦᠢᠯ ᠤᠨ ᠠᠷᠭ᠎ᠠ ᠬᠡᠮᠵᠢᠶ᠎ᠡ ᠪᠠᠷ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠬᠦᠴᠢᠷᠳᠡᠯᠲᠡᠢ ᠠᠵᠢᠯ ᠲᠦᠷᠦᠯ ᠢ ᠲᠡᠳᠬᠦᠪᠡ︕      ᠡᠨᠡ ᠤᠳᠠᠭᠠᠨ ᠤ ᠦᠢᠯᠡᠴᠢᠯᠡᠭᠡᠨ ᠤ ᠦᠢᠯᠡᠰ ᠤᠨ ᠳᠦᠷᠦ ᠶᠢᠨ ᠪᠤᠲᠤᠯᠭ᠎ᠠ ᠠᠷᠭ᠎ᠠ ᠬᠡᠮᠵᠢᠶ᠎ᠡ ᠶᠢᠨ ᠬᠦᠴᠦᠯᠡᠬᠦ ᠴᠡᠭ ᠪᠣᠯ ᠦᠢᠯᠡᠴᠢᠯᠡᠭᠡᠨ ᠤ ᠦᠢᠯᠡᠰ ᠤᠨ ᠠᠵᠢᠯ ᠳᠦᠷᠦᠯ ᠳᠤ ᠲᠤᠯᠭᠠᠷᠠᠵᠤ ᠪᠠᠶᠢᠭ᠎ᠠ ᠣᠨᠴᠠᠭᠠᠶ ᠬᠦᠴᠢᠷᠳᠡᠯ ᠳᠤ ᠴᠢᠭᠯᠡᠭᠦᠯᠦᠨ᠂ ᠠᠵᠤ ᠠᠬᠤᠶᠢᠯᠠᠯ ᠢ ᠬᠠᠪᠰᠤᠷᠤᠨ ᠪᠡᠷᠬᠡ ᠪᠣᠭᠤᠮᠲᠠ ᠶᠢ ᠲᠤᠭᠤᠯᠵᠤ᠂ ᠰᠡᠷᠭᠦᠭᠡᠨ ᠬᠦᠭᠵᠢᠭᠦᠯᠬᠦ ᠶᠠᠪᠤᠳᠠᠯ ᠪᠣᠯᠤᠨ᠎ᠠ᠃      ︽ᠭᠡᠷ ᠤᠨ ᠲᠦᠷᠢᠶᠡᠰᠦ ᠶᠢ ᠬᠠᠰᠤᠵᠤ ᠬᠡᠯᠲᠦᠷᠢᠭᠦᠯᠬᠦ︾ ᠲᠥᠷᠥ ᠶᠢᠨ ᠪᠣᠳᠣᠯᠭ᠎ᠠ ᠪᠠᠷ ᠵᠢᠱᠢᠶᠡᠯᠡᠬᠦ ᠳᠤ᠂ ︽2022 ᠣᠨ ᠳᠤ ᠬᠢᠵᠢᠭ ᠤᠨ ᠪᠠᠶᠢᠳᠠᠯ ᠤᠨ ᠳᠤᠮᠳᠠ ᠦᠨᠳᠦᠷ ᠳᠡᠰ ᠤᠨ ᠲᠦᠭᠰᠢᠭᠦᠷᠢᠲᠦ ᠭᠠᠵᠠᠷ ᠣᠷᠣᠨ ᠢᠶᠠᠷ ᠵᠢᠭᠰᠠᠭᠠᠭᠳᠠᠭᠰᠠᠨ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠬᠦᠮᠦᠨ ᠤ ᠦᠢᠯᠡᠳᠪᠦᠷᠢ ᠬᠤᠳᠠᠯᠳᠤᠭᠠᠨ ᠤ ᠡᠷᠦᠬᠡ ᠤᠯᠤᠰ ᠤᠨ ᠦᠮᠴᠢᠯᠡᠯᠲᠦ ᠬᠡᠷ ᠪᠠᠶᠢᠰᠢᠩ ᠢ ᠲᠦᠷᠢᠶᠡᠰᠦᠯᠡᠪᠡᠯ᠂ 2022 ᠣᠨ ᠳᠤ 6 ᠰᠠᠷ᠎ᠠ ᠶᠢᠨ ᠲᠦᠷᠢᠶᠡᠰᠦᠨ ᠮᠥᠩᠭᠦ ᠶᠢ ᠬᠠᠰᠤᠵᠤ ᠭᠡᠯᠳᠦᠷᠢᠭᠦᠯᠦᠨ᠎ᠡ᠂ ᠪᠤᠰᠤᠳ ᠭᠠᠵᠠᠷ ᠣᠷᠣᠨ ᠳᠤ 3 ᠰᠠᠷ᠎ᠠ ᠶᠢᠨ ᠲᠦᠷᠢᠶᠡᠰᠦᠨ ᠮᠥᠩᠭᠦ ᠶᠢ ᠬᠠᠰᠤᠵᠤ ᠭᠡᠯᠳᠦᠷᠢᠭᠦᠯᠦᠨ᠎ᠡ︾ ᠭᠡᠵᠦ ᠲᠣᠳᠣᠷᠬᠠᠶ ᠱᠠᠭᠠᠷᠳᠠᠭᠰᠠᠨ ᠪᠠᠶᠢᠨ᠎ᠠ᠃ ᠡᠨᠡ ᠬᠦ ᠲᠦᠷᠦ ᠶᠢᠨ ᠪᠤᠳᠤᠯᠭ᠎ᠠ ᠶᠢ ᠪᠦᠲᠦᠮᠵᠢᠲᠡᠶ ᠬᠡᠷᠡᠭᠵᠢᠭᠦᠯᠬᠦ ᠶᠢᠨ ᠲᠤᠰᠠᠳᠠ ᠪᠠᠰᠠ ︽ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠭᠰᠡᠨ ᠠᠴᠠ ᠪᠤᠯᠵᠤ ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠦᠷ᠎ᠡ ᠪᠦᠲᠦᠮᠵᠢ ᠶᠢ ᠨᠥᠯᠥᠭᠡᠯᠡᠭᠰᠡᠨ ᠪᠠᠶᠢᠪᠠᠯ᠂ ᠰᠢᠯᠭᠠᠨ ᠬᠢᠨᠠᠬᠤ ᠳᠤᠮᠳᠠ ᠪᠣᠳᠠᠲᠤ ᠪᠠᠶᠢᠳᠠᠯ ᠢ ᠨᠢ ᠦᠨᠳᠦᠰᠦᠯᠡᠨ ᠵᠦᠪᠰᠢᠶᠡᠷᠡᠯ ᠣᠯᠭᠤᠨ᠎ᠠ︾ ᠭᠡᠵᠦ ᠢᠵᠢ ᠪᠦᠷᠢᠳᠦᠭᠦᠯᠦᠨ ᠳᠤᠷᠠᠳᠴᠠᠶ᠃ ᠡᠭᠦᠨ ᠤ ᠬᠠᠮᠲᠤ᠂ ᠤᠯᠤᠰ ᠤᠨ ᠦᠮᠴᠢᠯᠡᠯᠲᠦ ᠪᠤᠰᠤ ᠭᠡᠷ ᠪᠠᠶᠢᠰᠢᠩ ᠢ ᠲᠦᠷᠢᠶᠡᠰᠦᠯᠡᠭᠰᠡᠳ ᠲᠤ ᠪᠠᠰᠠ ᠡᠯ᠎ᠡ ᠭᠠᠵᠠᠷ ᠤᠨ ᠬᠢᠨ ᠡᠯ᠎ᠡ ᠲᠦᠷᠦᠯ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ ᠵᠣᠬᠢᠰᠲᠠᠶ ᠬᠠᠪᠰᠤᠷᠤᠨ ᠲᠡᠳᠬᠦᠬᠦ ᠪᠠᠷ ᠳᠤᠷᠠᠳᠴᠠᠶ᠃ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠭᠰᠡᠨ ᠬᠡᠷ ᠪᠠᠶᠢᠰᠢᠩ ᠤᠨ ᠥᠮᠴᠢᠲᠡᠨ ᠳᠤ ᠲᠣᠭᠲᠠᠭᠠᠯ ᠶᠣᠰᠣᠭᠠᠷ ᠡᠨᠡ ᠵᠢᠯ ᠤᠨ ᠬᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠣᠶ ᠶᠢᠨ ᠬᠡᠷᠡᠭᠯᠡᠭᠡᠨ ᠤ ᠭᠠᠶᠢᠯᠢ ᠶᠢ ᠬᠠᠰᠤᠵᠤ ᠬᠡᠯᠲᠦᠷᠢᠭᠦᠯᠬᠦ ᠶᠢᠨ ᠬᠠᠮᠲᠤ᠂ ᠤᠯᠤᠰ ᠤᠨ ᠦᠮᠴᠢᠯᠡᠯᠲᠦ ᠪᠤᠰᠤ ᠬᠡᠷ ᠪᠠᠶᠢᠰᠢᠩ ᠤᠨ ᠲᠦᠷᠢᠶᠡᠰᠦᠯᠡᠯ ᠤᠨ ᠭᠤᠤᠯ ᠴᠣᠭᠴᠠ ᠶᠢᠨ ᠡᠷᠬᠡ ᠲᠡᠭᠰᠢ ᠪᠠᠷ ᠵᠥᠪᠳᠡᠯᠴᠡᠭᠰᠡᠨ ᠰᠠᠭᠤᠷᠢᠨ ᠳᠡᠭᠡᠷ᠎ᠡ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠵᠦᠶ ᠵᠣᠬᠢᠰᠲᠠᠶ ᠬᠤᠪᠢᠶᠠᠨ ᠡᠭᠦᠷᠭᠡᠯᠡᠬᠦ ᠶᠢ ᠵᠣᠷᠢᠭᠵᠢᠭᠤᠯᠤᠨ᠎ᠠ ᠭᠡᠵᠦ ᠳᠤᠷᠠᠳᠴᠠᠢ᠃      ᠠᠰᠠᠭᠤᠯᠲᠠ᠄ ᠬᠢᠵᠢᠭ ᠤᠨ ᠪᠠᠶᠢᠳᠠᠯ ᠤᠨ ᠦᠢᠯᠡᠴᠢᠯᠡᠭᠡᠨ ᠤ ᠦᠢᠯᠡᠰ ᠲᠤ ᠦᠵᠡᠭᠦᠯᠬᠦ ᠨᠥᠯᠥᠭᠡ ᠨᠢ ᠪᠤᠰᠤᠳ ᠠᠵᠢᠯ ᠲᠥᠷᠥᠯ ᠠᠴᠠ ᠨᠠᠩ ᠶᠡᠭᠡ᠂ ᠦᠢᠯᠡᠴᠢᠯᠡᠭᠡᠨ ᠤ ᠦᠢᠯᠡᠰ ᠤᠨ ᠬᠢᠵᠢᠭ ᠢ ᠣᠨᠣᠴᠠᠲᠠᠶ ᠰᠡᠷᠭᠡᠶᠢᠯᠡᠬᠦ ᠲᠠᠯ᠎ᠠ ᠪᠠᠷ ᠶᠠᠮᠠᠷ ᠲᠣᠬᠢᠷᠠᠭᠤᠯᠤᠯᠲᠠ ᠬᠢᠭᠰᠡᠨ ᠪᠣᠶ︖      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠄      ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠣᠨᠣᠴᠠᠲᠠᠶ ᠪᠠᠷ ᠬᠡᠷᠡᠭᠵᠢᠭᠦᠯᠬᠦ ᠲᠤᠬᠠᠶ ᠬᠦᠰᠡᠯ ᠱᠠᠭᠠᠷᠳᠠᠯᠭ᠎ᠠ ᠮᠠᠰᠢ ᠥᠨᠳᠥᠷ ᠪᠠᠶᠢᠨ᠎ᠠ᠃ ᠡᠭᠦᠨ ᠤ ᠲᠤᠯᠠᠳᠠ᠂ ᠪᠢᠳᠡ ᠡᠨᠡ ᠤᠳᠠᠭ᠎ᠠ ᠣᠨᠣᠴᠠᠲᠠᠶ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠲᠤᠰᠬᠠᠶᠢᠯᠠᠨ ᠳᠤᠷᠠᠳᠤᠨ ᠭᠠᠷᠭᠠᠪᠠ᠃      · ︽ᠳᠦᠷᠪᠡ ᠶᠢ ᠣᠨᠤᠴᠠᠲᠠᠢ ᠭᠦᠢᠴᠡᠳᠬᠡᠬᠦ︾ ᠭᠡᠳᠡᠭ ᠨᠢ ᠳᠠᠷᠤᠶ ᠣᠨᠤᠴᠠᠲᠠᠢ ᠬᠢᠨᠠᠨ ᠰᠢᠨᠵᠢᠯᠡᠬᠦ ᠲᠣᠭᠲᠠᠴᠠ ᠶᠢ ᠪᠠᠶᠢᠭᠤᠯᠵᠤ᠂ ᠣᠨᠤᠴᠠᠲᠠᠢ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ᠣᠨᠤᠴᠠᠲᠠᠢ ᠬᠠᠮᠢᠶᠠᠷᠤᠨ ᠡᠵᠡᠮᠳᠡᠵᠦ ᠲᠤᠰᠠᠭᠠᠷᠯᠠᠬᠤ ᠶᠢ ᠴᠢᠩᠭᠠᠳᠬᠠᠵᠤ᠂ ᠣᠨᠤᠴᠠᠲᠠᠢ ᠰᠡᠷᠭᠡᠶᠢᠯᠡᠨ ᠬᠠᠮᠠᠭᠠᠯᠠᠬᠤ ᠣᠨᠤᠯᠵᠢᠬᠤᠨ ᠢ ᠳᠡᠯᠭᠡᠷᠡᠭᠦᠯᠬᠦ ᠶᠠᠪᠤᠳᠠᠯ ᠪᠣᠯᠤᠨ᠎ᠠ᠃      · ︽ᠭᠤᠷᠪᠠ ᠶᠢ ᠬᠢᠵᠦ ᠪᠣᠯᠬᠤ ᠦᠭᠡᠢ︾᠂ ᠨᠢᠭᠡᠳᠦᠭᠡᠷ ᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠲᠣᠭᠲᠠᠭᠠᠯ ᠢ ᠡᠪᠳᠡᠵᠦ ᠬᠤᠲᠠ ᠲᠣᠭᠤᠷᠢᠭ ᠢ ᠪᠢᠲᠡᠭᠦᠮᠵᠢᠯᠡᠵᠦ ᠪᠣᠯᠬᠤ ᠦᠭᠡᠶ᠂ ᠴᠢᠬᠤᠯᠠ ᠪᠤᠰᠤ ᠪᠠᠷ᠂ ᠮᠡᠳᠡᠭᠦᠯᠦᠨ ᠵᠥᠪᠰᠢᠶᠡᠷᠡᠭᠦᠯᠬᠦ ᠦᠭᠡᠶ ᠪᠠᠷ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠲᠠᠰᠤᠯᠳᠠᠭᠤᠯᠵᠤ ᠪᠣᠯᠬᠤ ᠦᠭᠡᠶ᠃ ᠬᠤᠶᠠᠳᠤᠭᠠᠷ ᠲᠤ᠂ ᠳᠠᠬᠤᠯ ᠡᠪᠡᠳᠴᠢᠨ ᠤ ᠪᠠᠶᠢᠴᠠᠭᠠᠯᠲᠠ ᠶᠢ ᠳᠠᠮᠵᠢᠬᠤ ᠥᠬᠡᠶ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠥᠬᠡᠶ ᠪᠠᠷ ᠬᠤᠭᠤᠯᠠᠨ ᠬᠡᠷ᠂ ᠬᠤᠳᠠᠯᠳᠤᠭᠠᠨ ᠤ ᠳᠡᠯᠭᠡᠭᠦᠷ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ᠂ ᠺᠢᠨᠣ᠋ ᠣᠷᠳᠤᠨ ᠵᠢᠴᠢ ᠬᠠᠮᠢᠶ᠎ᠠ ᠪᠥᠬᠦᠶ ᠦᠢᠯᠡᠴᠢᠯᠡᠭᠡᠨ ᠤ ᠦᠢᠯᠡᠰ ᠤᠨ ᠲᠠᠯᠠᠪᠤᠷ ᠭᠠᠵᠠᠷ ᠵᠡᠷᠭᠡ ᠳᠤ ᠬᠠᠭᠠᠵᠤ ᠵᠣᠭᠰᠣᠭᠠᠬᠤ ᠠᠷᠭ᠎ᠠ ᠬᠡᠮᠵᠢᠶ᠎ᠡ ᠠᠪᠬᠤ ᠪᠤᠶᠤ ᠬᠠᠭᠠᠵᠤ ᠵᠣᠭᠰᠣᠭᠠᠬᠤ ᠴᠠᠭ ᠢ ᠤᠷᠲᠤᠳᠬᠠᠵᠤ ᠪᠣᠯᠬᠤ ᠥᠬᠡᠶ᠃ ᠭᠤᠷᠪᠠᠳᠤᠭᠠᠷ ᠲᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢᠨ ᠰᠠᠭᠤᠷᠢᠨ ᠳᠡᠭᠡᠷ᠎ᠡ᠂ ᠦᠢᠯᠡᠴᠢᠯᠡᠭᠡᠨ ᠤ ᠦᠢᠯᠡᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠤᠷ᠎ᠠ ᠪᠠᠷ ᠢᠶᠠᠨ ᠨᠡᠮᠡᠭᠳᠡᠭᠦᠯᠵᠦ ᠪᠣᠯᠬᠤ ᠥᠬᠡᠶ᠃ ᠬᠤᠲᠠ ᠲᠣᠭᠤᠷᠢᠭ ᠢ ᠪᠢᠲᠡᠭᠦᠮᠵᠢᠯᠡᠬᠦ᠂ ᠵᠠᠮ ᠬᠠᠷᠢᠯᠴᠠᠭ᠎ᠠ ᠶᠢ ᠲᠠᠰᠤᠯᠬᠤ ᠵᠡᠷᠭᠡ ᠠᠷᠭ᠎ᠠ ᠬᠡᠮᠵᠢᠶ᠎ᠡ ᠶᠢ ᠦᠨᠡᠨ ᠬᠦ ᠠᠪᠬᠤ ᠴᠢᠬᠤᠯᠠᠲᠠᠶ᠂ ᠡᠰᠡᠬᠦᠯ᠎ᠡ ᠣᠲᠣ ᠶᠢᠨ ᠬᠡᠷᠡᠭᠵᠢᠭᠦᠯᠵᠦ ᠪᠠᠶᠢᠭ᠎ᠠ ᠰᠠᠭᠤᠷᠢᠨ ᠳᠡᠭᠡᠷ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢ ᠴᠢᠩᠭᠠᠷᠠᠭᠤᠯᠬᠤ ᠴᠢᠬᠤᠯᠠᠲᠠᠶ ᠪᠠᠶᠢᠪᠠᠯ᠂ ᠡᠷᠬᠡᠪᠰᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠬᠡᠷᠡᠭᠵᠢᠭᠦᠯᠵᠦ ᠪᠣᠯᠤᠨ᠎ᠠ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠠᠬᠢ ︽ᠱᠠᠲᠤ ᠱᠠᠲᠤ ᠪᠠᠷ ᠡᠭᠦᠷᠭᠡ ᠨᠡᠮᠡᠬᠦ︾ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠪᠠᠰᠠ ᠡᠯ᠎ᠡ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠣᠰ ᠭᠠᠵᠠᠷ ᠣᠷᠣᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠶᠡᠷᠦᠩᠬᠡᠶ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ︽ᠱᠠᠲᠤ ᠱᠠᠲᠤ ᠪᠠᠷ ᠡᠭᠦᠷᠭᠡ ᠨᠡᠮᠡᠬᠦ︾ ᠠᠰᠠᠭᠤᠳᠠᠯ ᠢ ᠲᠤᠰᠬᠠᠬᠤ᠂ ᠬᠢᠨᠠᠨ ᠬᠠᠷᠭᠤᠭᠤᠯᠬᠤ ᠂ ᠵᠠᠯᠠᠷᠠᠭᠤᠯᠬᠤ ᠲᠤᠰᠬᠠᠶ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ ᠭᠡᠵᠦ ᠲᠤᠰᠬᠠᠶᠢᠯᠠᠨ ᠳᠤᠷᠠᠳᠤᠨ ᠭᠠᠷᠭᠠᠵᠠᠶ᠃      ᠠᠰᠠᠭᠤᠯᠲᠠ᠄ ᠣᠨᠴᠠᠭᠠᠶ ᠬᠦᠴᠢᠷᠳᠡᠯ ᠲᠠᠢ ᠠᠵᠢᠯ ᠲᠥᠷᠥᠯ ᠳᠤ ᠴᠢᠭᠯᠡᠭᠦᠯᠦᠨ᠂ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠣᠨᠣᠴᠠᠲᠠᠶ ᠪᠠᠷ ᠬᠠᠪᠰᠤᠷᠤᠨ ᠲᠡᠳᠬᠦᠬᠦ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖      ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠄      ᠨᠢᠭᠡᠳᠦᠭᠡᠷ ᠲᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠪᠠ᠃ ᠡᠨᠡ ᠵᠢᠯ 2021 ᠣᠨ ᠤ ᠡᠴᠦᠰ ᠲᠤ ᠬᠤᠭᠤᠴᠠᠭ᠎ᠠ ᠨᠢ ᠲᠤᠯᠤᠭᠰᠠᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠬᠦᠮᠦᠨ ᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠬᠦ ᠶᠢᠨ ᠬᠠᠮᠲᠤ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠤᠨ ᠡᠷᠴᠢᠮ ᠢ ᠴᠢᠩᠭᠠᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠳᠠᠷᠤᠯᠲᠠ ᠶᠢ ᠤᠯᠠᠮ ᠨᠢᠭᠡ ᠠᠯᠬᠤᠮ ᠬᠥᠩᠭᠡᠷᠡᠭᠦᠯᠵᠦ᠂ ᠦᠢᠯᠡᠴᠢᠯᠡᠭᠡᠨ ᠤ ᠦᠢᠯᠡᠰ ᠤᠨ ᠠᠵᠢᠯ ᠲᠦᠷᠦᠯ ᠤᠨ ᠠᠵᠤ ᠠᠬᠤᠶᠢᠯᠠᠯ ᠳᠤ ᠭᠦᠢᠴᠡᠳ ᠠᠰᠢᠭ ᠬᠦᠷᠲᠡᠭᠡᠬᠦ ᠪᠣᠯᠤᠨ᠎ᠠ᠃ ᠨᠢᠭᠡ ᠳᠤ᠂ ᠦᠢᠯᠡᠴᠢᠯᠡᠭᠡᠨ ᠤ ᠦᠢᠯᠡᠰ ᠤᠨ ᠥᠷᠲᠡᠭ ᠨᠡᠮᠡᠭᠳᠡᠯ ᠤᠨ ᠭᠠᠶᠢᠯᠢ ᠶᠢ ᠨᠡᠮᠡᠵᠦ ᠪᠣᠳᠤᠨ ᠲᠤᠯᠭᠠᠨ ᠬᠠᠰᠤᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠭᠦᠯᠵᠦ᠂ 2022 ᠣᠨ ᠳᠤ ᠦᠢᠯᠡᠳᠪᠦᠷᠢᠯᠡᠯ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠭᠠᠶᠢᠯᠢ ᠲᠤᠰᠢᠶᠠᠭᠴᠢ ᠶᠢᠨ ᠲᠣᠰ ᠬᠤᠭᠤᠴᠠᠭᠠᠨ ᠤ ᠲᠤᠯᠭᠠᠨ ᠰᠠᠭᠤᠯᠭᠠᠵᠤ ᠪᠣᠯᠬᠤ ᠣᠷᠣᠯᠭ᠎ᠠ ᠶᠢᠨ ᠭᠠᠶᠢᠯᠢ ᠶᠢᠨ ᠲᠤᠭ᠎ᠠ ᠶᠢ ᠲᠣᠰ ᠲᠣᠰ 10% ᠪᠠ 15% ᠪᠠᠷ ᠲᠤᠰᠢᠶᠠᠬᠤ ᠶᠣᠰᠣᠲᠠᠶ ᠭᠠᠶᠢᠯᠢ ᠶᠢᠨ ᠲᠤᠭ᠎ᠠ ᠶᠢ ᠨᠡᠮᠡᠵᠦ ᠪᠣᠳᠤᠨ ᠦᠷᠭᠦᠯᠵᠢᠯᠡᠨ ᠲᠤᠯᠭᠠᠨ ᠬᠠᠰᠤᠨ᠎ᠠ᠃ ᠬᠤᠶᠠᠷ ᠲᠤ᠂ 2022 ᠣᠨ ᠳᠤ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠤᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ 50% ᠶᠢᠨ ᠭᠠᠶᠢᠯᠢ ᠶᠢᠨ ᠲᠣᠭᠠᠨ ᠤ ᠬᠡᠪᠴᠢᠶᠡᠨ ᠲᠣᠳᠤᠷᠠᠬᠢ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠢ ᠬᠥᠩᠭᠡᠯᠡᠨ ᠲᠠᠲᠠᠪᠤᠷᠢᠯᠠᠬᠤ ᠳᠤ ᠬᠡᠷᠡᠭᠯᠡᠬᠦ ᠪᠡᠶᠡᠴᠢ ᠴᠣᠭᠴᠠ ᠶᠢ ᠦᠷᠳᠡᠭ ᠨᠡᠮᠡᠭᠳᠡᠯ ᠤᠨ ᠭᠠᠶᠢᠯᠢ ᠶᠢᠨ ᠵᠢᠵᠢᠭ ᠬᠡᠪᠴᠢᠶᠡᠨ ᠤ ᠭᠠᠶᠢᠯᠢ ᠲᠤᠰᠢᠶᠠᠭᠴᠢ ᠠᠴᠠ ᠵᠢᠵᠢᠭ ᠬᠡᠯᠪᠡᠷᠢ ᠶᠢᠨ ᠥᠴᠦᠬᠡᠨ ᠠᠰᠢᠭᠲᠤ ᠠᠵᠤ ᠠᠬᠤᠶᠢᠯᠠᠯ ᠪᠠ ᠬᠤᠪᠢ ᠬᠦᠮᠦᠨ ᠤ ᠦᠢᠯᠡᠳᠪᠦᠷᠢ ᠬᠤᠳᠠᠯᠳᠤᠭᠠᠨ ᠤ ᠡᠷᠦᠭᠡ ᠬᠦᠷᠲᠡᠯ᠎ᠡ ᠥᠷᠭᠡᠳᠬᠡᠨ᠎ᠡ᠃ ᠭᠤᠷᠪᠠ ᠳᠤ᠂ ᠡᠯ᠎ᠡ ᠭᠠᠵᠠᠷ ᠤᠨ ᠬᠢᠨ ᠲᠦᠷᠢᠮ ᠤᠨ ᠡᠷᠬᠡ ᠣᠯᠭᠤᠯᠲᠠ ᠪᠠ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ 2022 ᠣᠨ ᠳᠤ ᠬᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠣᠶ ᠶᠢᠨ ᠬᠡᠷᠡᠭᠯᠡᠭᠡᠨ ᠤ ᠭᠠᠶᠢᠯᠢ ᠲᠤᠰᠢᠶᠠᠬᠤ ᠳᠤ ᠦᠨᠡᠨ ᠬᠦ ᠬᠦᠴᠢᠷᠳᠡᠯ ᠲᠠᠢ ᠭᠠᠶᠢᠯᠢ ᠲᠤᠰᠢᠶᠠᠭᠴᠢ ᠳᠤ ᠬᠠᠰᠤᠵᠤ ᠭᠡᠯᠳᠦᠷᠢᠭᠦᠯᠬᠦ ᠲᠦᠷᠦ ᠶᠢᠨ ᠪᠣᠳᠤᠯᠭ᠎ᠠ ᠬᠦᠷᠲᠡᠭᠡᠬᠦ ᠶᠢ ᠵᠣᠷᠢᠭᠵᠢᠭᠤᠯᠤᠨ᠎ᠠ᠃ ᠳᠦᠷᠪᠡ ᠳᠤ᠂ 2022 ᠣᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠥᠬᠦᠭᠡᠷᠦᠮᠵᠢ ᠪᠠᠭᠠᠵᠢ ᠬᠡᠷᠡᠭᠰᠡᠯ ᠤᠨ ᠭᠠᠶᠢᠯᠢ ᠲᠤᠰᠢᠶᠠᠬᠤ ᠠᠴᠠ ᠡᠮᠦᠨᠡᠬᠢ ᠬᠠᠰᠤᠵᠤ ᠭᠠᠷᠭᠠᠬᠤ ᠡᠷᠴᠢᠮ ᠢ ᠴᠢᠩᠭᠠᠷᠠᠭᠤᠯᠤᠨ᠎ᠠ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ 2022 ᠣᠨ ᠳᠤ ᠰᠢᠨ᠎ᠡ ᠪᠠᠷ ᠬᠤᠳᠠᠯᠳᠤᠨ ᠠᠪᠤᠭᠰᠠᠨ ᠨᠢᠭᠡᠴᠢ ᠥᠷᠲᠡᠭ ᠨᠢ 500 ᠲᠦᠮᠡᠨ ᠲᠥᠭᠦᠷᠢᠭ ᠠᠴᠠ ᠳᠡᠭᠡᠭᠰᠢᠬᠢ ᠲᠥᠬᠦᠭᠡᠷᠦᠮᠵᠢ ᠪᠠᠭᠠᠵᠢ ᠬᠡᠷᠡᠭᠰᠡᠯ ᠤᠨ ᠡᠯᠡᠭᠳᠡᠯ ᠪᠤᠳᠤᠬᠤ ᠬᠤᠭᠤᠴᠠᠭ᠎ᠠ ᠨᠢ 3 ᠵᠢᠯ ᠪᠠᠶᠢᠪᠠᠯ ᠭᠠᠶᠢᠯᠢ ᠲᠤᠰᠢᠶᠠᠬᠤ ᠠᠴᠠ ᠡᠮᠦᠨ᠎ᠡ ᠨᠢᠭᠡ ᠯᠡ ᠤᠳᠠᠭ᠎ᠠ ᠪᠠᠷ ᠬᠠᠰᠤᠨ ᠭᠠᠷᠭᠠᠵᠤ ᠪᠣᠯᠤᠨ᠎ᠠ᠂ ᠡᠯᠡᠭᠳᠡᠯ ᠪᠤᠳᠤᠬᠤ ᠬᠤᠭᠤᠴᠠᠭ᠎ᠠ ᠨᠢ 4 ᠵᠢᠯ᠂ 5 ᠵᠢᠯ᠂ 10 ᠵᠢᠯ ᠪᠠᠶᠢᠪᠠᠯ ᠬᠠᠭᠠᠰ ᠢᠶᠠᠷ ᠬᠠᠰᠤᠨ ᠭᠠᠷᠭᠠᠵᠤ ᠪᠣᠯᠤᠨ᠎ᠠ᠃ ᠠᠵᠤ ᠠᠬᠤᠶᠢᠯᠠᠯ ᠨᠢ ᠤᠯᠠᠷᠢᠯ ᠢᠶᠠᠷ ᠬᠠᠷᠠᠭᠠᠯᠵᠠᠯ ᠭᠥᠷᠳᠡᠵᠦ ᠪᠣᠯᠤᠨ᠎ᠠ᠂ ᠲᠣᠰ ᠵᠢᠯ ᠳᠤ ᠬᠠᠰᠤᠨ ᠭᠠᠷᠭᠠᠬᠤ ᠳᠤ ᠬᠥᠷᠬᠦ ᠥᠬᠡᠶ ᠠᠴᠠ ᠪᠣᠯᠤᠭᠰᠠᠨ ᠠᠯᠳᠠᠭᠳᠠᠯ ᠢ ᠬᠤᠶᠢᠰᠢᠳᠠ ᠶᠢᠨ 5 ᠭᠠᠶᠢᠯᠢ ᠲᠤᠰᠢᠶᠠᠬᠤ ᠣᠨ ᠳᠤ ᠳ᠋ᠦᠩᠨᠡᠨ ᠰᠢᠯᠵᠢᠭᠦᠯᠵᠦ ᠬᠠᠰᠤᠨ ᠭᠠᠷᠭᠠᠵᠤ ᠪᠣᠯᠤᠨ᠎ᠠ᠃      ᠬᠤᠶᠠᠳᠤᠭᠠᠷ ᠲᠤ᠂ ᠣᠨᠴᠠᠭᠠᠶ ᠬᠦᠴᠢᠷᠳᠡᠯ ᠲᠠᠢ ᠠᠵᠢᠯ ᠲᠦᠷᠦᠯ ᠳᠤ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠦᠵᠡᠭᠦᠯᠦᠨ᠎ᠡ᠃ ᠬᠢᠵᠢᠭ ᠤᠨ ᠪᠠᠶᠢᠳᠠᠯ ᠵᠡᠷᠭᠡ ᠬᠦᠴᠦᠨ ᠵᠦᠢᠯ ᠳᠤ ᠨᠡᠯᠢᠶᠡᠳ ᠶᠡᠭᠡ ᠨᠥᠯᠥᠭᠡᠯᠡᠭᠳᠡᠭᠰᠡᠨ ᠦᠢᠯᠡᠴᠢᠯᠡᠭᠡᠨ ᠤ ᠦᠢᠯᠡᠰ ᠲᠤ ᠴᠢᠭᠯᠡᠭᠦᠯᠦᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠴᠢᠭᠯᠡᠯᠲᠦ ᠴᠢᠨᠠᠷᠲᠠᠶ᠂ ᠡᠷᠴᠢᠮᠲᠡᠶ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠬᠡᠷᠡᠭᠵᠢᠭᠦᠯᠦᠨ᠎ᠡ᠃ 2022 ᠣᠨ ᠳᠤ᠂ ᠬᠥᠯᠭᠡ ᠣᠩᠭᠤᠴᠠ ᠶᠢᠨ ᠠᠶᠠᠨᠴᠢᠳ ᠤᠨ ᠭᠠᠲᠤᠯᠭ᠎ᠠ᠂ ᠨᠡᠶᠢᠲᠡ ᠶᠢᠨ ᠮᠠᠰᠢᠨ ᠤ ᠠᠶᠠᠨᠴᠢᠳ ᠤᠨ ᠲᠡᠭᠡᠭᠡᠪᠦᠷᠢ᠂ ᠮᠧᠲᠷᠤ᠋᠂ ᠬᠤᠲᠠ ᠶᠢᠨ ᠬᠥᠩᠭᠡᠨ ᠲᠡᠮᠦᠷ ᠵᠠᠮ᠂ ᠲᠦᠷᠢᠶᠡᠰᠦᠨ ᠮᠠᠰᠢᠨ ᠲᠡᠷᠭᠡ᠂ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ᠂ ᠡᠭᠡᠯᠵᠢ ᠶᠢᠨ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠦᠢᠯᠡᠴᠢᠯᠡᠭᠡᠨ ᠤ ᠥᠷᠲᠡᠭ ᠨᠡᠮᠡᠭᠳᠡᠯ ᠤᠨ ᠭᠠᠶᠢᠯᠢ ᠶᠢ ᠭᠡᠯᠳᠦᠷᠢᠭᠦᠯᠦᠨ᠎ᠡ᠃      ᠭᠤᠷᠪᠠᠳᠤᠭᠠᠷ ᠲᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠲᠡᠰᠭᠡᠬᠦ᠂ ᠳᠤᠷ᠎ᠠ ᠪᠠᠷ ᠢᠶᠠᠨ ᠵᠣᠭᠤᠰ ᠲᠣᠷᠭᠠᠬᠤ ᠶᠢ ᠡᠷᠡᠰ ᠬᠤᠷᠢᠭᠯᠠᠨ᠎ᠠ᠃ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠲᠡᠰᠭᠡᠬᠦ᠂ ᠳᠤᠷ᠎ᠠ ᠪᠠᠷ ᠢᠶᠠᠨ ᠵᠣᠭᠤᠰ ᠲᠣᠷᠭᠠᠬᠤ ᠦᠢᠯᠡ ᠠᠵᠢᠯᠯᠠᠭ᠎ᠠ ᠶᠢ ᠬᠤᠷᠢᠭᠯᠠᠨ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ ᠢ ᠰᠤᠳᠤᠯᠤᠨ ᠬᠡᠷᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠠᠵᠢᠯᠯᠠᠭ᠎ᠠ ᠶᠢ ᠬᠠᠮᠵᠢᠯᠴᠠᠨ ᠴᠡᠭᠴᠡᠯᠡᠨ ᠵᠠᠰᠠᠬᠤ ᠪᠠ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ︽ᠭᠤᠷᠪᠠ ᠶᠢ ᠳᠤᠷ᠎ᠠ ᠪᠠᠷ ᠢᠶᠠᠨ ᠬᠢᠬᠦ︾ ᠪᠠᠶᠢᠳᠠᠯ ᠢᠶᠠᠷ ᠲᠤᠯᠭᠠᠨ ᠬᠠᠰᠤᠬᠤ ᠶᠢ ᠰᠡᠷᠭᠡᠶᠢᠯᠡᠨ ᠬᠤᠷᠢᠭᠯᠠᠵᠤ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠪᠠᠭᠤᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠠᠰᠠᠭᠤᠯᠲᠠ᠄ ᠠᠵᠤ ᠦᠢᠯᠡᠳᠪᠦᠷᠢ ᠪᠠ ᠦᠢᠯᠡᠴᠢᠯᠡᠭᠡᠨ ᠤ ᠦᠢᠯᠡᠰ ᠵᠡᠷᠭᠡ ᠣᠨᠴᠠᠭᠠᠶ ᠬᠦᠴᠢᠷᠳᠡᠯ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠰᠡᠷᠭᠦᠭᠡᠨ ᠬᠦᠭᠵᠢᠭᠦᠯᠬᠦ ᠶᠢ ᠳᠡᠮᠵᠢᠬᠦ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠠᠯ᠎ᠠ ᠪᠠᠷ᠂ ᠬᠡᠷᠬᠢᠨ ᠣᠨᠣᠴᠠᠲᠠᠶ ᠪᠠᠷ ᠬᠦᠴᠦᠯᠡᠬᠦ ᠪᠣᠶ︖      ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠄      ︽ᠪᠠᠭᠤᠷᠠᠭᠤᠯᠬᠤ︾ — ᠵᠠᠷᠤᠳᠠᠯ ᠲᠤᠰᠢᠶᠠᠬᠤ ᠨᠣᠷᠮ᠎ᠠ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠠᠵᠢᠯ ᠠᠯᠳᠠᠯᠲᠠ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠲᠤᠰᠢᠶᠠᠬᠤ ᠨᠤᠷᠮ᠎ᠠ ᠶᠢ ᠱᠠᠲᠤᠴᠢ ᠴᠢᠨᠠᠷᠲᠠᠶ ᠪᠠᠷ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠠᠰᠠ ᠨᠢᠭᠡ ᠵᠢᠯ ᠦᠷᠭᠦᠯᠵᠢᠯᠡᠨ ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠶᠢ 2023 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃      ︽ᠪᠤᠴᠠᠭᠠᠬᠤ︾ — ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠰᠦᠢᠳᠬᠡᠯ ᠪᠤᠴᠠᠭᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠰᠦᠢᠳᠬᠡᠯ ᠪᠤᠴᠠᠭᠠᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠵᠢᠯᠲᠠᠨ ᠢᠶᠠᠨ ᠬᠠᠰᠤᠭᠰᠠᠨ ᠦᠭᠡᠢ ᠪᠤᠶᠤ ᠴᠦᠬᠡᠨ ᠬᠠᠰᠤᠭᠰᠠᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ ᠵᠣᠬᠢᠬᠤ ᠬᠠᠷᠢᠴᠠᠯ ᠢᠶᠠᠷ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠢ ᠪᠤᠴᠠᠭᠠᠬᠤ ᠶᠢᠨ ᠬᠠᠮᠲᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠪᠤᠴᠠᠭᠠᠬᠤ ᠬᠠᠷᠢᠴᠠᠯ ᠢ ᠤᠳᠤ ᠶᠢᠨ ᠬᠡᠷᠡᠭᠵᠢᠭᠦᠯᠵᠦ ᠪᠠᠶᠢᠭ᠎ᠠ 60% ᠠᠴᠠ ᠬᠠᠮᠤᠭ ᠤᠨ ᠥᠨᠳᠥᠷ ᠲᠤ ᠪᠠᠨ 90% ᠪᠣᠯᠲᠠᠯ᠎ᠠ ᠳᠡᠭᠡᠭᠰᠢᠯᠡᠭᠦᠯᠦᠨ᠎ᠡ ᠭᠡᠵᠦ ᠲᠣᠳᠣᠷᠬᠠᠶ ᠲᠣᠭᠲᠠᠭᠠᠵᠠᠶ᠃      ︽ᠬᠤᠶᠢᠰᠢᠯᠠᠭᠤᠯᠬᠤ︾ — ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠡᠷᠴᠢᠮ ᠢ ᠴᠢᠩᠭᠠᠷᠠᠭᠤᠯᠤᠨ᠎ᠠ᠃ ᠠᠵᠢᠯ ᠠᠯᠳᠠᠯᠲᠠ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠦᠯᠡᠳᠡᠪᠦᠷᠢ ᠪᠠᠷ ᠨᠡᠯᠢᠶᠡᠳ ᠠᠷᠪᠢᠨ ᠮᠤᠵᠢ ᠣᠷᠣᠨ ᠤ ᠦᠢᠯᠡᠴᠢᠯᠡᠭᠡᠨ ᠤ ᠦᠢᠯᠡᠰ ᠤᠨ ᠳᠣᠲᠤᠷᠠᠬᠢ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ ᠤᠨ ᠠᠵᠤ ᠠᠬᠤᠶᠢᠯᠠᠯ ᠳᠤ ᠬᠤᠶᠢᠰᠢᠯᠠᠭᠤᠯᠤᠨ ᠲᠤᠰᠢᠶᠠᠬᠤ ᠲᠦᠷᠦ ᠶᠢᠨ ᠪᠤᠳᠤᠯᠭ᠎ᠠ ᠶᠢ ᠱᠠᠲᠤᠴᠢ ᠴᠢᠨᠠᠷᠲᠠᠶ ᠪᠠᠷ ᠬᠡᠷᠡᠭᠵᠢᠭᠦᠯᠬᠦ ᠶᠢ ᠵᠥᠪᠰᠢᠶᠡᠷᠡᠨ᠎ᠡ᠃ ᠪᠣᠳᠠᠲᠠᠶ ᠠᠷᠭ᠎ᠠ ᠶᠢ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠭᠤᠶᠤᠴᠢᠯᠠᠯ ᠭᠠᠷᠭᠠᠪᠠᠯ᠂ ᠳᠠᠭᠠᠳᠬᠠᠯ ᠳᠤ ᠣᠷᠣᠯᠴᠠᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠬᠤᠶᠢᠰᠢᠯᠠᠭᠤᠯᠤᠨ ᠲᠤᠰᠢᠶᠠᠵᠤ ᠪᠣᠯᠤᠨ᠎ᠠ᠂ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠨᠢ ᠨᠢᠭᠡ ᠵᠢᠯ ᠠᠴᠠ ᠬᠡᠲᠦᠷᠡᠬᠦ ᠥᠭᠡᠢ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠬᠤᠭᠤᠴᠠᠭ᠎ᠠ ᠰᠠᠭᠠᠲᠠᠭᠤᠯᠤᠭᠰᠠᠨ ᠮᠥᠩᠭᠦ ᠬᠤᠷᠢᠶᠠᠬᠤ ᠥᠭᠡᠢ᠃      ᠠᠰᠠᠭᠤᠯᠲᠠ᠄ ᠲᠥᠪ ᠤᠨ ᠡᠳ᠋ ᠤᠨ ᠵᠠᠰᠠᠭ ᠠᠴᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠰᠢᠢᠳᠪᠦᠷᠢᠯᠡᠬᠦ ᠪᠠᠷ ᠪᠤᠢ︖      ᠡᠳ᠋ ᠤᠨ ᠵᠠᠰᠠᠭ ᠤᠨ ᠶᠠᠮᠤᠨ᠄      ᠨᠢᠭᠡᠳᠦᠭᠡᠷ ᠲᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠰᠢᠨ᠎ᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠨ᠎ᠡ᠃ ᠡᠭᠦᠨ ᠳᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠥᠬᠦᠭᠡᠷᠦᠮᠵᠢ ᠪᠠᠭᠠᠵᠢ ᠬᠡᠷᠡᠭᠰᠡᠯ ᠤᠨ ᠭᠠᠶᠢᠯᠢ ᠲᠤᠰᠢᠶᠠᠬᠤ ᠠᠴᠠ ᠡᠮᠦᠨᠡᠬᠢ ᠬᠠᠰᠤᠵᠤ ᠭᠠᠷᠭᠠᠬᠤ ᠡᠷᠴᠢᠮ ᠢ ᠴᠢᠩᠭᠠᠷᠠᠭᠤᠯᠵᠤ᠂ ᠣᠷᠣᠨ ᠨᠤᠲᠤᠭ ᠤᠨ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠯᠡᠬᠦ ᠪᠡᠶᠡᠴᠢ ᠴᠣᠭᠴᠠ ᠶᠢᠨ ᠬᠡᠪᠴᠢᠶ᠎ᠡ ᠶᠢ ᠥᠷᠭᠡᠳᠬᠡᠵᠦ᠂ ᠵᠢᠵᠢᠭ ᠬᠡᠯᠪᠡᠷᠢ ᠶᠢᠨ ᠥᠴᠦᠬᠡᠨ ᠠᠰᠢᠭᠲᠤ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠬᠠᠰᠤᠵᠤ ᠭᠡᠯᠳᠦᠷᠢᠭᠦᠯᠬᠦ ᠡᠷᠴᠢᠮ ᠢ ᠴᠢᠩᠭᠠᠷᠠᠭᠤᠯᠬᠤ ᠵᠡᠷᠭᠡ ᠪᠠᠭᠲᠠᠨ᠎ᠠ᠃      ᠬᠤᠶᠠᠳᠤᠭᠠᠷ ᠲᠤ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠠᠲᠤᠯᠠᠨ᠎ᠠ᠃ 2021 ᠣᠨ ᠤ 12 ᠳ᠋ᠤᠭᠠᠷ ᠰᠠᠷ᠎ᠠ ᠳᠤ᠂ ᠡᠯ᠎ᠡ ᠭᠠᠵᠠᠷ ᠤᠨ 2022 ᠣᠨ ᠳᠤ ᠰᠢᠨ᠎ᠡ ᠪᠠᠷ ᠨᠡᠮᠡᠭᠳᠡᠭᠦᠯᠬᠦ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠤᠭ᠎ᠠ ᠶᠢ ᠨᠢᠭᠡᠨᠲᠡ 1.46 ᠲᠦᠮᠡᠨ ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠪᠠ ᠃ 1 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠣᠷᠣᠨ ᠨᠤᠲᠤᠭ ᠤᠨ ᠬᠢᠨ ᠨᠢᠭᠡᠨᠲᠡ ᠰᠢᠨ᠎ᠡ ᠪᠠᠷ ᠨᠡᠮᠡᠭᠳᠡᠭᠦᠯᠬᠦ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 4844 ᠳ᠋ᠦᠩᠰᠢᠭᠤᠷ ᠲᠥᠭᠦᠷᠢᠭ ᠲᠠᠷᠬᠠᠭᠠᠭᠰᠠᠨ ᠪᠠᠶᠢᠨ᠎ᠠ᠃      ᠭᠤᠷᠪᠠᠳᠤᠭᠠᠷ ᠲᠤ᠂ ᠲᠤᠰᠬᠠᠶ ᠵᠦᠢᠯ ᠤᠨ ᠪᠡᠯᠡ ᠮᠥᠩᠭᠦ ᠪᠠ ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠬᠡᠪᠴᠢᠶ᠎ᠡ ᠶᠢ ᠨᠡᠮᠡᠭᠳᠡᠭᠦᠯᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠳᠡᠮᠵᠢᠨ᠎ᠡ᠃ ᠨᠢᠭᠡ ᠪᠦᠯᠦᠭ ᠳᠤᠲᠠᠭᠳᠠᠯ ᠲᠠᠢ ᠲᠠᠯ᠎ᠠ ᠪᠠᠭᠤᠷᠠᠶ ᠵᠦᠢᠯᠡᠰ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠲᠡᠮᠵᠢᠵᠤ᠂ ᠨᠢᠭᠡ ᠪᠦᠯᠦᠭ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠨᠢᠭᠡ ᠪᠦᠯᠦᠭ ᠴᠢᠬᠤᠯᠠ ᠶᠡᠭᠡ ᠮᠡᠷᠭᠡᠵᠢᠯ ᠤᠨ ᠲᠣᠨᠤᠭ ᠲᠦᠬᠦᠭᠡᠷᠦᠮᠵᠢ᠂ ᠰᠢᠨ᠎ᠡ ᠮᠠᠲ᠋ᠧᠷᠢᠶᠠᠯ ᠤᠨ ᠦᠢᠯᠡᠳᠬᠦᠨ ᠤ ᠬᠡᠷᠡᠭᠯᠡᠯᠲᠡ ᠶᠢ ᠠᠬᠢᠭᠤᠯᠤᠨ᠎ᠠ᠃      ᠳᠥᠷᠪᠡᠳᠦᠭᠡᠷ ᠲᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠬᠡᠷᠡᠭᠴᠡᠭᠡ ᠪᠠᠷ ᠠᠵᠤ ᠦᠢᠯᠡᠳᠪᠦᠷᠢ ᠶᠢᠨ ᠦᠢᠯᠡᠳᠬᠦᠨ ᠤ ᠬᠠᠩᠭᠠᠯᠭ᠎ᠠ ᠶᠢ ᠳᠠᠶᠢᠴᠢᠯᠠᠬᠤ ᠶᠢ ᠳᠡᠮᠵᠢᠨ᠎ᠡ᠃ ᠵᠢᠱᠢᠶᠡᠯᠡᠪᠡᠯ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠴᠠᠬᠢᠯᠭᠠᠨ ᠴᠡᠨᠡᠭᠯᠡᠬᠦ ᠱᠣᠩ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠶᠢ ᠳᠡᠮᠵᠢᠨ᠎ᠡ︔ ᠲᠥᠪ ᠤᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠵᠣᠬᠢᠰᠲᠠᠶ ᠪᠠᠷ ᠨᠡᠮᠡᠭᠳᠡᠭᠦᠯᠵᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠵᠣᠬᠢᠰᠲᠠᠶ ᠪᠠᠷ ᠤᠷᠢᠳᠴᠢᠯᠠᠨ ᠥᠷᠨᠢᠭᠦᠯᠬᠦ ᠵᠡᠷᠭᠡ ᠪᠣᠯᠤᠨ᠎ᠠ᠃      ᠲᠠᠪᠤᠳᠤᠭᠠᠷ ᠲᠤ᠂ ᠳᠤᠮᠳᠠ ᠵᠢᠵᠢᠭ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠲᠠᠭᠤᠨ ᠢᠶᠠᠷ ᠠᠵᠢᠯᠯᠠᠬᠤ ᠳᠤ ᠬᠦᠴᠦᠨ ᠨᠡᠮᠡᠷᠢᠯᠡᠨ᠎ᠡ᠃ ᠡᠭᠦᠨ ᠳᠤ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠤ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠤᠰ ᠤᠨ ᠲᠠᠰ ᠤᠨ ᠲᠤᠰᠬᠠᠢ ᠰᠣᠳᠤᠨ ᠣᠨᠴᠠ ᠰᠢᠨ᠎ᠡ ᠪᠠ ︽ᠵᠢᠵᠢᠭ ᠠᠪᠤᠷᠭᠤ ᠬᠥᠮᠦᠨ︾ ᠤ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ᠂ ᠣᠷᠣᠨ ᠨᠤᠲᠤᠭ ᠤᠨ ᠳᠤᠮᠳᠠ ᠵᠢᠵᠢᠭ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠪᠠᠯᠠ ᠮᠥᠩᠭᠦ ᠳᠣᠭᠢᠷᠠᠭᠤᠯᠬᠤ ᠶᠢ ᠵᠣᠷᠢᠭᠵᠢᠭᠤᠯᠬᠤ ᠵᠡᠷᠭᠡ ᠪᠠᠭᠲᠠᠨ᠎ᠠ᠃      ᠠᠰᠠᠭᠤᠯᠲᠠ᠄ ︽ᠲᠤᠰᠬᠠᠢ ᠰᠣᠳᠤᠨ ᠣᠨᠴᠠ ᠰᠢᠨ᠎ᠡ︾ ︽ᠵᠢᠵᠢᠭ ᠠᠪᠤᠷᠭᠤ ᠬᠥᠮᠦᠨ︾ ᠤ ᠠᠵᠤ ᠠᠬᠤᠶᠢᠯᠠᠯ ᠢ ᠪᠤᠶᠢᠵᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖      ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠄      ᠨᠢᠭᠡ ᠳᠤ᠂ ᠴᠢᠨᠠᠷ ᠰᠠᠶᠢᠲᠠᠶ ᠠᠵᠤ ᠠᠬᠤᠶᠢᠯᠠᠯ ᠢ ᠱᠠᠲᠤᠴᠢᠯᠠᠨ ᠪᠤᠶᠢᠵᠢᠭᠤᠯᠬᠤ ᠲᠣᠭᠲᠠᠯᠴᠠᠭ᠎ᠠ ᠶᠢ ᠪᠦᠷᠢᠨᠰᠢᠬᠦᠯᠦᠨ᠎ᠠ ᠃ ᠣᠶᠢᠷ᠎ᠠ ᠶᠢᠨ ᠬᠤᠭᠤᠴᠠᠭᠠᠨ ᠳᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠠᠴᠠ ᠱᠠᠲᠤᠴᠢᠯᠠᠨ ᠪᠤᠶᠢᠵᠢᠭᠤᠯᠬᠤ ᠠᠵᠢᠯ ᠤᠨ ᠵᠦᠭᠯᠡᠭᠦᠷ ᠢ ᠨᠡᠶᠢᠲᠡᠯᠡᠵᠦ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ︽ᠲᠤᠰᠬᠠᠢ ᠰᠣᠳᠤᠨ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ᠂ ︽ᠵᠢᠵᠢᠭ ᠠᠪᠤᠷᠭᠤ ᠬᠥᠮᠦᠨ︾ ᠤ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠶ ᠠᠵᠤ ᠠᠬᠤᠶᠢᠯᠠᠯ ᠢ ᠱᠠᠲᠤᠴᠢᠯᠠᠨ ᠪᠤᠶᠢᠵᠢᠭᠤᠯᠬᠤ ᠰᠠᠭᠤᠷᠢ ᠶᠢ ᠪᠠᠬᠢᠵᠢᠭᠦᠯᠵᠦ᠂ 2022 ᠣᠨ ᠳᠤ 3000 ᠣᠷᠴᠢᠮ ︽ᠵᠢᠵᠢᠭ ᠠᠪᠤᠷᠭᠤ ᠬᠥᠮᠦᠨ︾ ᠤ ᠠᠵᠤ ᠠᠬᠤᠶᠢᠯᠠᠯ᠂ 200 ᠣᠷᠴᠢᠮ ᠲᠠᠩ ᠲᠥᠷᠥᠯ ᠤᠨ ᠮᠠᠩᠯᠠᠶ ᠳᠤ ᠰᠢᠯᠭᠠᠷᠠᠭᠰᠠᠨ ᠠᠵᠤ ᠠᠬᠤᠶᠢᠯᠠᠯ ᠢ ᠰᠢᠨ᠎ᠡ ᠪᠠᠷ ᠪᠤᠶᠢᠵᠢᠭᠤᠯᠬᠤ ᠪᠠᠷ ᠴᠢᠷᠮᠠᠶᠢᠨ᠂ ᠡᠯ᠎ᠡ ᠮᠤᠵᠢ ᠶᠢᠨ ︽ᠲᠤᠰᠬᠠᠢ ᠰᠣᠳᠤᠨ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ 5 ᠲᠦᠮᠡ ᠣᠷᠴᠢᠮ ᠪᠤᠶᠢᠵᠢᠭᠤᠯᠬᠤ ᠶᠢ ᠳᠠᠶᠢᠴᠢᠯᠠᠬᠤ ᠪᠣᠯᠤᠨ᠎ᠠ᠃      ᠬᠤᠶᠠᠷ ᠲᠤ᠂ ᠳᠤᠮᠳᠠ ᠵᠢᠵᠢᠭ ᠠᠵᠤ ᠠᠬᠤᠶᠢᠯᠠᠯ ᠳᠤ ᠲᠣᠭᠠᠴᠢᠯᠠᠭᠰᠠᠨ ᠬᠦᠴᠦᠨ ᠴᠢᠳᠠᠮᠵᠢ ᠶᠢ ᠣᠯᠭᠤᠨ᠎ᠠ᠃ ︽ᠲᠤᠰᠬᠠᠢ ᠰᠣᠳᠤᠨ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ ᠳᠤ ᠪᠣᠳᠠᠲᠤ ᠶᠠᠪᠤᠳᠠᠯ ᠬᠢᠵᠦ ᠥᠭᠬᠦ ᠨᠠᠷᠢᠨ ᠬᠠᠭᠤᠳᠠᠰᠤ︾ ᠶᠢᠨ ᠡᠯ᠎ᠡ ᠵᠦᠢᠯ ᠤᠨ ᠡᠭᠦᠷᠭᠡ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠬᠤᠪᠢᠷᠠᠯᠲᠠ ᠶᠢ ᠦᠨᠡᠯᠡᠬᠦ ᠪᠠᠷᠢᠮᠵᠢᠶ᠎ᠠ ᠶᠢ ᠲᠣᠭᠲᠠᠭᠠᠵᠤ᠂ ᠳᠤᠮᠳᠠ ᠵᠢᠵᠢᠭ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠵᠤ ᠬᠡᠯᠪᠡᠷᠢ ᠪᠠᠨ ᠬᠤᠪᠢᠷᠠᠭᠤᠯᠬᠤ ᠪᠥᠲᠥᠭᠡᠨ ᠪᠠᠶᠢᠭᠤᠯᠤᠯᠲᠠ ᠶᠢᠨ ᠵᠦᠭᠯᠡᠭᠦᠷ ᠢ ᠨᠠᠶᠢᠷᠠᠭᠤᠯᠤᠨ ᠵᠣᠬᠢᠶᠠᠵᠤ᠂ ᠠᠵᠢᠯ ᠲᠥᠷᠥᠯ ᠬᠤᠪᠢᠶᠠᠨ ᠲᠣᠭᠠᠴᠢᠯᠠᠨ ᠬᠡᠯᠪᠡᠷᠢ ᠪᠠᠨ ᠬᠤᠪᠢᠷᠠᠭᠤᠯᠬᠤ ᠵᠠᠮ ᠱᠤᠭᠤᠮ ᠢ ᠲᠣᠭᠲᠠᠭᠠᠵᠤ᠂ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠨ ᠬᠡᠯᠪᠡᠷᠢ ᠪᠠᠨ ᠬᠤᠪᠢᠷᠠᠭᠤᠯᠬᠤ ᠶᠢ ᠵᠢᠯᠣᠭᠤᠳᠬᠤ ᠪᠠ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃      ᠭᠤᠷᠪᠠ ᠳᠤ᠂ ᠲᠤᠮᠤ ᠳᠤᠮᠳᠠ ᠵᠢᠵᠢᠭ ᠠᠵᠤ ᠠᠬᠤᠶᠢᠯᠠᠯ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ ᠃ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ᠂ ᠬᠠᠮᠵᠢᠯᠴᠠᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠨᠡᠩ ᠥᠨᠳᠥᠷ ᠪᠦᠲᠦᠮᠵᠢᠲᠡᠶ᠂ ᠨᠡᠩ ᠳᠥᠭᠦᠮ ᠳᠥᠲᠡ ᠵᠣᠯᠭᠠᠭᠤᠯᠬᠤ ᠶᠢ ᠠᠬᠢᠭᠤᠯᠵᠤ᠂ ᠶᠠᠮᠤᠨ ᠮᠤᠵᠢ ᠬᠤᠯᠪᠣᠭᠠᠯᠠᠨ ᠬᠥᠳᠡᠯᠦᠯᠴᠡᠵᠦ ᠪᠠᠶᠢᠩᠭᠤᠵᠢᠬᠰᠠᠨ ᠵᠣᠯᠭᠠᠭᠤᠯᠬᠤ ᠲᠣᠭᠲᠠᠴᠠ ᠪᠠ ᠵᠣᠯᠭᠠᠭᠤᠯᠬᠤ ᠲᠠᠪᠴᠠᠩ ᠢ ᠪᠠᠶᠢᠭᠤᠯᠵᠤ᠂ ᠲᠠᠭᠠᠭᠤᠯᠤᠭᠴᠢ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠮᠡᠷᠭᠡᠵᠢᠯ᠂ ᠵᠠᠬ᠎ᠠ ᠳᠡᠯᠭᠡᠭᠦᠷ᠂ ᠪᠠᠷᠢᠮᠵᠢᠶ᠎ᠠ᠂ ᠴᠢᠳᠠᠪᠤᠷᠢᠲᠠᠨ ᠵᠡᠷᠭᠡ ᠰᠢᠨ᠎ᠡ ᠶᠢ ᠡᠭᠦᠳᠬᠦ ᠡᠬᠢ ᠪᠠᠶᠠᠯᠢᠭ ᠢ ᠳᠡᠯᠭᠡᠷᠡᠭᠦᠯᠬᠦ ᠶᠢ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠠᠭᠤᠰᠤᠯᠴᠠᠨ ᠨᠡᠪᠲᠡᠷᠡᠯᠴᠡᠵᠦ ᠰᠢᠨ᠎ᠡ ᠶᠢ ᠡᠭᠦᠳᠦᠭᠰᠡᠨ ᠨᠡᠶᠢᠲᠡᠯᠢᠭ ᠬᠡᠪ ᠵᠠᠭᠪᠤᠷ ᠪᠠ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠠᠭᠤᠰᠤᠯᠴᠠᠨ ᠨᠡᠪᠲᠡᠷᠡᠯᠴᠡᠵᠦ ᠬᠥᠭᠵᠢᠭᠦᠯᠬᠦ ᠪᠠᠷ ᠳᠠᠮᠵᠢᠭᠤᠯᠤᠨ᠂ ᠨᠡᠩ ᠤᠯᠠᠨ ︽ᠲᠤᠰᠬᠠᠢ ᠰᠣᠳᠤᠨ ᠣᠨᠴᠠ ᠰᠢᠨ᠎ᠡ︾᠂ ︽ᠵᠢᠵᠢᠭ ᠠᠪᠤᠷᠭᠤ ᠬᠥᠮᠦᠨ︾ ᠤ ᠳᠤᠮᠳᠠ ᠵᠢᠵᠢᠭ ᠠᠵᠤ ᠠᠬᠤᠶᠢᠯᠠᠯ ᠢ ᠲᠠᠶᠢᠴᠢᠯᠠᠨ ᠪᠤᠶᠢᠵᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号