ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ  ᠂ ᠰᠢᠭᠤᠶᠢᠲᠣ ᠵᠡᠭᠡᠯᠢ ᠭᠤᠳᠤᠮᠵᠢ ᠶᠢᠨ ᠬᠢᠨ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠦᠨ᠎ᠡ
ᠨᠡᠶᠢᠲᠡᠯᠡᠭᠰᠡᠨ ᠴᠠᠭ᠄
2022/2/8
        ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠤᠨ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠪᠠ ᠪᠠᠭᠠᠰᠬᠠᠵᠤ᠂ ᠬᠠᠷᠢᠶ᠎ᠠ ᠣᠷᠣᠨ ᠤ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠢ ᠪᠠᠲᠤᠯᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠠᠮᠤᠷ ᠲᠦᠪᠰᠢᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠶᠢᠨ ᠲᠥᠯᠥᠭᠡ᠂ 1 ᠰᠠᠷ᠎ᠠ ᠶᠢᠨ 27  ᠤ ᠡᠳᠦᠷ᠂ ᠰᠢᠭᠤᠶᠢᠲᠣ ᠵᠡᠭᠡᠯᠢ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠨ ᠪᠠᠶᠢᠴᠠᠭᠠᠬᠤ ᠦᠷᠳᠡᠭᠡ ᠶᠢᠨ ᠠᠵᠢᠯᠲᠠᠳ ᠬᠠᠷᠢᠶ᠎ᠠ ᠣᠷᠣᠨ ᠳᠤ ᠬᠦᠷᠴᠦ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠡᠢ᠃       ᠪᠠᠶᠢᠴᠠᠭᠠᠯᠲᠠ ᠶᠢᠨ ᠶᠠᠪᠤᠴᠠ ᠳᠤ᠂ ᠠᠵᠢᠯᠲᠠᠳ ᠭᠤᠣᠯᠳᠠᠭᠤ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ ᠂ ᠬᠥᠮᠥᠨ ᠤ ᠨᠢᠭᠤᠴᠠ ᠶᠢᠨ ᠲᠠᠯᠠᠪᠤᠷ᠂ ᠪᠠᠭᠤᠳᠠᠯ ᠵᠡᠷᠭᠡ ᠡᠵᠡᠩᠨᠡᠯᠲᠡ ᠶᠢᠨ ᠲᠠᠯᠠᠪᠤᠷ ᠭᠠᠵᠠᠷ ᠤᠨ ᠭᠠᠯ ᠤᠨᠲᠠᠷᠠᠭᠠᠬᠤ ᠲᠥᠬᠦᠭᠡᠷᠦᠮᠵᠢ ᠪᠠ ᠪᠠᠭᠠᠵᠢ ᠬᠡᠷᠡᠭᠰᠡᠯ ᠨᠢ ᠪᠦᠷᠢᠨ ᠪᠦᠲᠦᠨ ᠪᠥᠭᠡᠳ ᠬᠡᠷᠡᠭᠯᠡᠬᠦ ᠳᠤ ᠰᠠᠶᠢᠨ ᠪᠠᠶᠢᠬᠤ ᠡᠰᠡᠬᠦ᠂ ᠭᠠᠯ ᠤᠨᠲᠠᠷᠠᠭᠠᠬᠤ ᠨᠡᠪᠲᠡᠷᠡᠬᠦ ᠵᠠᠮ᠂ ᠲᠠᠷᠬᠠᠭᠠᠬᠤ ᠭᠠᠷᠬᠤ ᠵᠠᠮ ᠨᠢ ᠰᠠᠭᠠᠳ ᠦᠭᠡᠢ ᠪᠠᠶᠢᠬᠤ ᠡᠰᠡᠬᠦ᠂ ᠴᠠᠬᠢᠯᠭᠠᠨ ᠲᠦᠭᠡᠭᠡᠬᠦ ᠱᠤᠭᠤᠮ ᠨᠢ ᠳᠤᠷ᠎ᠠ ᠪᠠᠷ ᠢᠶᠠᠨ ᠲᠠᠲᠠᠭᠳᠠᠭᠰᠠᠨ ᠡᠰᠡᠬᠦ᠂ ᠴᠠᠬᠢᠯᠭᠠᠨ ᠬᠡᠷᠡᠭᠯᠡᠬᠦ ᠪᠠ ᠭᠠᠯ ᠬᠡᠷᠡᠭᠯᠡᠬᠦ ᠪᠠ ᠬᠡᠢ ᠬᠡᠷᠡᠭᠯᠡᠬᠦ ᠨᠢ ᠵᠢᠷᠤᠮᠵᠢᠭᠤᠨ ᠪᠥᠭᠡᠳ ᠠᠮᠤᠷ ᠲᠦᠪᠰᠢᠨ ᠪᠠᠶᠢᠬᠤ ᠡᠰᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠳᠤ ᠴᠢᠭᠯᠡᠭᠦᠯᠦᠨ ᠨᠠᠷᠢᠨ ᠪᠠᠶᠢᠴᠠᠭᠠᠯᠲᠠ ᠬᠢᠭᠰᠡᠨ ᠪᠠᠶᠢᠨ᠎ᠠ᠃ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠠᠶᠤᠯᠭᠦᠢ ᠶᠢᠨ ᠪᠠᠶᠢᠴᠠᠭᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠦ᠂ ᠬᠠᠷᠢᠶ᠎ᠠ ᠣᠷᠣᠨ ᠤ ᠪᠠᠨ ᠠᠮᠤᠷ ᠲᠦᠪᠰᠢᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠵᠠᠢ᠃

      ᠳᠠᠷᠠᠭᠠᠴᠢ ᠶᠢᠨ ᠠᠯᠬᠤᠮ ᠳᠤ᠂ ᠰᠢᠭᠤᠶᠢᠲᠣ ᠵᠡᠭᠡᠯᠢ ᠭᠤᠳᠤᠮᠵᠢ ᠶᠢᠨ ᠬᠢᠨ ᠠᠮᠤᠷ ᠲᠦᠪᠰᠢᠨ ᠤ ᠡᠨᠡᠬᠦ

ᠬᠥᠪᠴᠢ ᠶᠢ ᠦᠷᠭᠦᠯᠵᠢᠯᠡᠨ ᠴᠢᠩᠭ᠎ᠠ ᠠᠳᠬᠤᠵᠤ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠪᠦᠬᠦ

ᠲᠠᠯ᠎ᠠ ᠪᠠᠷ ᠪᠠᠶᠢᠴᠠᠭᠠᠵᠤ᠂ ᠠᠮᠤᠷ ᠲᠦᠪᠰᠢᠨ ᠤ ᠬᠡᠷᠡᠮ ᠢ ᠪᠠᠬᠢᠯᠡᠵᠦ᠂ ᠠᠮᠤᠷ ᠲᠦᠪᠰᠢᠨ ᠤ ᠱᠤᠭᠤᠮ ᠢ ᠵᠢᠷᠤᠵᠤ᠂

ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ᠂ ᠠᠮᠤᠷ ᠲᠦᠪᠰᠢᠨ

ᠪᠠᠷᠰ ᠵᠢᠯ ᠤᠨ ᠴᠠᠭᠠᠨ ᠰᠠᠷ᠎ᠠ ᠶᠢ ᠥᠩᠭᠡᠷᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号