ᠴᠠᠭᠠᠨ ᠰᠠᠷ᠎ᠠ ᠶᠢᠨ ᠲᠣᠬᠤᠨᠢᠭᠤᠯᠤᠯ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ ᠬᠤᠳᠠ ᠶᠢᠨ ᠵᠡᠮᠳᠡᠭᠴᠦᠳ ᠤᠨ ᠬᠤᠯᠪᠣᠭ᠎ᠠ ᠶᠢᠨ ᠲᠣᠬᠤᠨᠢᠭᠤᠯᠬᠤ ᠳᠤᠭᠤᠶᠢᠯᠠᠩ  ᠰᠢᠭᠤᠶᠢᠲᠣ ᠲᠣᠭᠤᠷᠢᠭ ᠲᠤ ᠬᠦᠷᠴᠦ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/2/8
     1 ᠰᠠᠷ᠎ᠠ ᠶᠢᠨ 18 ᠤ ᠡᠳᠦᠷ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠲᠣᠬᠤᠨᠢᠭᠤᠯᠬᠤ ᠳᠤᠭᠤᠶᠢᠯᠠᠩ ᠰᠢᠭᠤᠶᠢᠲᠣ ᠲᠣᠭᠤᠷᠢᠭ ᠲᠤ ᠬᠦᠷᠴᠦ ︽ᠴᠠᠭᠠᠨ ᠰᠠᠷ᠎ᠠ ᠶᠢ ᠤᠭᠲᠤᠵᠤ᠂ ᠬᠠᠯᠠᠭᠤᠨ ᠳᠤᠯᠠᠭᠠᠨ ᠬᠦᠷᠭᠡᠵᠦ᠂ ᠢᠷᠦᠭᠡᠯ ᠳᠡᠪᠰᠢᠭᠦᠯᠦᠶ᠎ᠡ︾ ᠭᠡᠬᠦ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠵᠡᠮᠳᠡᠭ ᠬᠥᠮᠥᠰ ᠲᠤ ᠪᠤᠳᠠᠭᠠᠨ ᠭᠤᠯᠢᠷ ᠲᠣᠰᠣ᠂ ᠴᠠᠭᠠᠨ ᠰᠠᠷ᠎ᠠ ᠶᠢᠨ ᠬᠤᠣᠰ ᠤᠶᠠᠩᠭ᠎ᠠ ᠵᠡᠷᠭᠡ ᠲᠣᠬᠤᠨᠢᠭᠤᠯᠬᠤ ᠪᠣᠳᠠᠰ ᠪᠠ ᠲᠣᠬᠤᠨᠢᠭᠤᠯᠬᠤ ᠮᠥᠩᠭᠦ ᠬᠦᠷᠭᠡᠵᠦ᠂ ᠲᠡᠳᠡᠨ ᠳᠤ ᠨᠠᠮ ᠪᠠ ᠵᠠᠰᠠᠭ ᠤᠨ ᠣᠷᠳᠣᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠦ᠂ ᠪᠠᠶᠠᠷ ᠬᠥᠷ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠪᠡ᠃      ᠬᠤᠳᠠ ᠶᠢᠨ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠪᠢᠶᠠᠨ ᠵᠢᠶᠠᠨ ᠰᠢᠨ ᠵᠢᠴᠢ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠢᠨ ᠶᠦᠩ ᠴᠢᠶᠠᠩ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ᠂ ᠲᠣᠬᠤᠨᠢᠭᠤᠯᠬᠤ ᠡᠲᠡᠭᠡᠳ ᠤᠨ ᠪᠠᠶᠢᠭ᠎ᠠ ᠬᠠᠷᠢᠶ᠎ᠠ ᠣᠷᠣᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃      ᠰᠢᠨ᠎ᠡ ᠰᠢᠭᠤᠶᠢᠲᠣ ᠲᠣᠭᠤᠷᠢᠭ ᠤᠨ ᠦᠢᠯᠡᠰ ᠪᠣᠰᠬᠠᠬᠤ ᠪᠠᠭ᠎ᠠ ᠲᠣᠭᠤᠷᠢᠭ ᠲᠤ ᠰᠠᠭᠤᠵᠤ ᠪᠠᠶᠢᠭ᠎ᠠ ᠬᠠᠨ ᠾᠧᠦ ᠫᠢᠩ ᠨᠢᠭᠡ ᠤᠳᠠᠭ᠎ᠠ ᠶᠢᠨ ᠰᠠᠨᠠᠭᠠᠨ ᠠᠴᠠ ᠭᠠᠳᠠᠭᠤᠷ ᠠᠴᠠ ᠪᠤᠯᠵᠤ ᠬᠠᠷᠠᠭ᠎ᠠ  ᠨᠢ ᠨᠢᠭᠡᠳᠦᠭᠡᠷ ᠳᠡᠰ ᠤᠨ ᠵᠡᠮᠳᠡᠭ ᠪᠣᠯᠵᠤ᠂ ᠭᠠᠭᠴᠠᠭᠠᠷ ᠢᠶᠠᠨ ᠬᠤᠶᠠᠷ ᠬᠡᠦᠬᠡᠳ ᠢ ᠲᠠᠲᠠᠵᠤ ᠥᠰᠬᠡᠵᠡᠢ᠃ᠲᠣᠬᠤᠨᠢᠭᠤᠯᠬᠤ ᠳᠤᠭᠤᠶᠢᠯᠠᠩ ᠤᠨ  ᠬᠢᠨ ᠬᠠᠨ ᠾᠧᠦ ᠫᠢᠩ ᠤᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠲᠡᠭᠦᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠠᠮᠢᠳᠤᠷᠠᠯ ᠢᠶᠠᠨ ᠪᠠᠲᠤᠳᠬᠠᠬᠤ ᠬᠡᠷᠡᠭᠲᠡᠢ ᠭᠡᠵᠦ ᠵᠣᠷᠢᠭᠵᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠵᠡᠮᠳᠡᠭᠴᠦᠳ ᠤᠨ ᠭᠡᠷ ᠪᠦᠯᠢ ᠶᠢ ᠬᠠᠪᠰᠤᠷᠤᠨ ᠪᠣᠳᠠᠲᠠᠢ ᠬᠦᠴᠢᠷᠳᠡᠯ ᠢ ᠨᠢ ᠴᠠᠭ ᠲᠤᠬᠠᠢ ᠳᠤᠨᠢ ᠰᠢᠢᠳᠪᠦᠷᠢᠯᠡᠵᠦ᠂ ᠲᠡᠳᠡᠨ ᠳᠤ ᠨᠡᠶᠢᠭᠡᠮ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠦᠨᠡᠨᠬᠦ ᠬᠦᠷᠲᠡᠭᠡᠬᠦ ᠬᠡᠷᠡᠭᠲᠡᠢ ᠭᠡᠵᠦ ᠵᠠᠬᠢᠪᠠ᠃

     ᠰᠢᠨ᠎ᠡ ᠰᠢᠭᠤᠶᠢᠲᠣ ᠲᠣᠭᠤᠷᠢᠭ ᠤᠨ ᠲᠤᠤ ᠶᠤᠸᠠᠨ ᠪᠠᠭ᠎ᠠ ᠲᠣᠭᠤᠷᠢᠭ ᠤᠨ ᠶᠢᠨ ᠭᠠᠢ ᠬᠤᠸᠠ ᠶᠢᠨ ᠭᠡᠷ ᠲᠤ᠂

ᠪᠢᠶᠠᠨ ᠵᠢᠶᠠᠨ ᠰᠢᠨ ᠲᠡᠭᠦᠨ ᠳᠤ ᠥᠪᠡᠷ ᠤᠨ ᠰᠡᠳᠬᠢᠯ ᠤᠨ ᠥᠩᠭᠡᠷᠡᠯᠲᠡ ᠪᠠᠨ ᠬᠤᠪᠢᠶᠠᠯᠴᠠᠵᠤ᠂ ᠲᠡᠭᠦᠨ ᠢ ᠡᠳᠦᠷ

ᠪᠣᠯᠭᠠᠨ ᠡᠪᠡᠳᠴᠢᠨ ᠡᠮᠭᠡᠭ ᠲᠠᠢ ᠡᠷᠡᠯᠬᠡᠭ ᠢᠶᠠᠷ ᠲᠡᠮᠡᠴᠡᠬᠦ ᠶᠢ ᠵᠣᠷᠢᠭᠵᠢᠭᠤᠯᠬᠤ ᠶᠢᠨ ᠬᠠᠮᠲᠤ ᠵᠡᠮᠳᠡᠭᠴᠦᠳ ᠤᠨ

ᠬᠤᠯᠪᠣᠭ᠎ᠠ ᠶᠢ ᠲᠥᠯᠥᠭᠡᠯᠡᠨ ᠲᠡᠭᠦᠨ ᠤ ᠬᠠᠯᠠᠭᠤᠨ ᠳᠤᠯᠠᠭᠠᠨ ᠥᠯᠵᠡᠢ ᠪᠡᠯᠭᠡ ᠲᠠᠢ ᠴᠠᠭᠠᠨ ᠰᠠᠷ᠎ᠠ ᠶᠢ

ᠥᠩᠭᠡᠷᠡᠭᠦᠯᠬᠦ ᠶᠢ ᠵᠥᠩᠨᠡᠪᠡ᠃ ᠶᠢᠨ ᠭᠠᠢ ᠬᠤᠸᠠ ᠢᠯᠡᠷᠬᠡᠶᠢᠯᠡᠬᠦ ᠳᠡᠭᠡᠨ᠂ ᠨᠠᠮ ᠪᠠ ᠵᠠᠰᠠᠭ ᠤᠨ ᠣᠷᠳᠣᠨ ᠤ ᠰᠠᠶᠢᠨ

ᠲᠥᠷᠥ ᠶᠢᠨ ᠪᠣᠳᠣᠯᠭ᠎ᠠ ᠳᠤ ᠲᠠᠯᠠᠷᠬᠠᠵᠤ ᠪᠠᠶᠢᠨ᠎ᠠ᠂ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠲᠡᠭᠦᠨ ᠳᠤ

ᠦᠵᠡᠭᠦᠯᠦᠭᠰᠡᠨ ᠬᠠᠷᠠᠭᠠᠯᠵᠠᠯ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠂ ᠲᠡᠷᠡ ᠬᠤᠶᠢᠰᠢᠳᠠ ᠶᠢᠨ

ᠠᠮᠢᠳᠤᠷᠠᠯ ᠤᠨ ᠳᠤᠮᠳᠠ ᠪᠠᠨ ᠢᠯᠡ ᠲᠣᠳᠣ ᠢᠳᠡᠪᠬᠢᠲᠡᠢ ᠰᠡᠳᠬᠢᠴᠡ ᠶᠢᠨ ᠪᠠᠶᠢᠳᠠᠯ ᠲᠠᠢ ᠪᠠᠶᠢᠬᠤ ᠪᠣᠯᠣᠨ᠎ᠠ ᠭᠡᠵᠡᠢ᠃

      ᠲᠣᠬᠤᠨᠢᠭᠤᠯᠬᠤ ᠳᠤᠭᠤᠶᠢᠯᠠᠩ ᠤᠨ ᠬᠢᠨ ᠪᠠᠰᠠ ᠰᠢᠭᠤᠶᠢᠲᠣ ᠭᠤᠳᠤᠮᠵᠢ ᠳᠤ ᠰᠠᠭᠤᠭ᠎ᠠ ᠱᠢ ᠼᠦᠢ ᠫᠢᠩ

ᠨᠠᠰᠤᠲᠠᠨ ᠢ ᠰᠤᠷᠪᠤᠯᠵᠢᠯᠠᠪᠠ᠃ ᠱᠢ ᠼᠦᠢ ᠫᠢᠩ ᠨᠠᠰᠤᠲᠠᠨ ᠴᠢᠰᠤᠨ ᠳᠠᠷᠤᠯᠲᠠ ᠥᠨᠳᠥᠷ᠂ ᠪᠦᠰᠡᠯᠡᠭᠦᠷ

ᠨᠢᠷᠤᠭᠤᠨ ᠤ ᠡᠪᠡᠳᠴᠢᠨ ᠲᠠᠢ ᠪᠥᠭᠡᠳ ᠵᠡᠭᠦᠨ ᠬᠥᠯ ᠤᠨ ᠡᠪᠦᠳᠦᠭ ᠨᠢ ᠴᠦ ᠮᠤᠷᠤᠶᠢᠬᠤ ᠳᠤ ᠳᠥᠭᠦᠮ ᠦᠭᠡᠢ

ᠪᠠᠶᠢᠳᠠᠭ᠃ᠲᠣᠬᠤᠨᠢᠭᠤᠯᠬᠤ ᠳᠤᠭᠤᠶᠢᠯᠠᠩ ᠤᠨ ᠭᠡᠰᠢᠭᠦᠳ ᠨᠠᠰᠤᠲᠠᠨ ᠤ ᠭᠠᠷ   ᠢ ᠠᠳᠬᠤᠵᠤ᠂ ᠨᠠᠰᠤᠲᠠᠨ ᠤ

ᠦᠢᠯᠡᠳᠪᠦᠷᠢᠯᠡᠯ ᠠᠮᠢᠳᠤᠷᠠᠯ ᠤᠨ ᠪᠠᠶᠢᠳᠠᠯ   ᠢ ᠨᠠᠷᠢᠨ ᠣᠶᠢᠯᠠᠭᠠᠵᠤ᠂ ᠨᠠᠰᠤᠲᠠᠨ   ᠢ ᠪᠡᠶ᠎ᠡ ᠪᠠᠨ ᠢᠯᠡᠭᠦᠬᠡᠨ

ᠠᠩᠬᠠᠷᠴᠤ᠂ ᠬᠦᠢᠲᠡᠨ   ᠢ ᠰᠡᠷᠭᠡᠶᠢᠯᠡᠨ ᠳᠤᠯᠠᠭᠠᠯᠠᠬᠤ   ᠶᠢ ᠰᠠᠶᠢᠲᠤᠷ ᠬᠢᠵᠦ᠂ ᠠᠮᠢᠳᠤᠷᠠᠯ ᠶᠠᠪᠤᠬᠤ ᠲᠤᠲᠤᠮ ᠰᠠᠶᠢᠨ

ᠪᠣᠯᠬᠤ   ᠶᠢ ᠢᠲᠡᠭᠡᠵᠦ ᠪᠠᠶᠢᠨ᠎ᠠ ᠭᠡᠵᠦ ᠵᠠᠬᠢᠵᠠᠢ᠃ ᠡᠭᠦᠨ ᠤ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ

 ᠬᠢᠨ ᠶᠠᠳᠠᠭᠤ ᠬᠦᠴᠢᠷᠳᠡᠯᠲᠡᠢ ᠵᠡᠮᠳᠡᠭ ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠴᠠᠭ ᠢᠮᠠᠭᠲᠠ ᠰᠡᠳᠬᠢᠯ ᠳᠡᠭᠡᠨ

ᠪᠤᠳᠤᠵᠤ᠂ ᠬᠠᠪᠰᠤᠷᠤᠨ ᠲᠡᠳᠬᠦᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ

ᠪᠦᠷᠢᠨᠰᠢᠭᠦᠯᠵᠦ᠂ ᠦᠨᠡᠨ ᠰᠡᠳᠬᠢᠯᠭᠡ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠤ ᠶᠠᠪᠤᠳᠠᠯ ᠬᠢᠵᠦ

ᠬᠠᠶᠢᠷ᠎ᠠ ᠬᠠᠯᠠᠮᠵᠢ ᠶᠢ ᠬᠦᠷᠭᠡᠵᠦ᠂ ᠴᠠᠭᠠᠨ ᠰᠠᠷ᠎ᠠ ᠠᠴᠠ ᠡᠮᠦᠨ᠎ᠡ ᠰᠤᠷᠪᠤᠯᠵᠢᠯᠠᠵᠤ ᠬᠠᠪᠰᠤᠷᠤᠨ ᠲᠡᠳᠬᠦᠬᠦ ᠵᠡᠷᠭᠡ

ᠠᠵᠢᠯ ᠢ ᠰᠠᠶᠢᠲᠤᠷ ᠬᠢᠵᠦ᠂ ᠲᠡᠳᠡᠨ ᠤ ᠬᠠᠯᠠᠭᠤᠨ ᠪᠦᠯᠢᠶᠡᠨ᠂ ᠥᠯᠵᠡᠢ ᠪᠡᠯᠭᠡ ᠲᠠᠢ᠂ ᠠᠮᠤᠷ ᠲᠠᠶᠢᠪᠤᠩ ᠴᠠᠭᠠᠨ

ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号