【ᠬᠢᠨᠠᠯᠲᠠ ᠲᠠᠯᠪᠢᠵᠤ ᠪᠠᠶᠢᠴᠠᠭᠠᠬᠤ】 ᠰᠢᠭᠤᠶᠢᠲᠤ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠴᠢᠩᠭ᠎ᠠ ᠠᠩᠬᠠᠷᠴᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2022/3/1
         ᠬᠠᠷᠢᠶᠠᠲᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠴᠢᠩᠭ᠎ᠠ ᠠᠩᠬᠠᠷᠴᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃

        ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠢᠯᠡ ᠪᠠᠷ ᠪᠠᠶᠢᠴᠠᠭᠠᠵᠤ ᠳᠠᠯᠳᠠᠭᠤᠷ

ᠰᠤᠷᠪᠤᠯᠵᠢᠯᠠᠬᠤ ᠠᠷᠭ᠎ᠠ  ᠪᠠᠷ ᠭᠤᠣᠯᠳᠠᠯᠭ᠎ᠠ  ᠲᠠᠢ ᠲᠠᠯᠠᠪᠤᠷ ᠭᠠᠵᠠᠷ ᠪᠠ ᠬᠠᠮᠢᠶ᠎ᠠ ᠪᠦᠬᠦᠢ ᠨᠢᠭᠡᠴᠡ ᠳᠤ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ  ᠶᠢ ᠨᠠᠶᠢᠳᠠᠪᠤᠷᠢᠵᠢᠭᠤᠯᠤᠭᠰᠠᠨ ᠡᠰᠡᠬᠦ᠂

ᠳᠤᠯᠠᠭᠠᠨ ᠤ ᠬᠡᠮᠵᠢᠶ᠎ᠡ ᠶᠢ ᠬᠡᠮᠵᠢᠬᠦ ᠵᠢᠴᠢ ᠡᠷᠡᠭᠦᠯ ᠮᠡᠨᠳᠦ ᠶᠢᠨ ᠨᠣᠮᠧᠷ᠂ ᠠᠶᠠᠯᠠᠯ ᠤᠨ ᠨᠣᠮᠧᠷ ᠢ ᠪᠠᠶᠢᠴᠠᠭᠠᠨ

ᠰᠢᠯᠭᠠᠬᠤ ᠵᠡᠷᠭᠡ ᠠᠵᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠭᠰᠡᠨ ᠡᠰᠡᠬᠦ᠂ ᠠᠵᠢᠯᠲᠠᠳ ᠱᠠᠭᠠᠷᠳᠠᠯᠭ᠎ᠠ

ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠷᠨᠢᠭᠦᠯᠦᠭᠰᠡᠨ ᠡᠰᠡᠬᠦ ᠵᠡᠷᠭᠡ ᠪᠠᠶᠢᠳᠠᠯ ᠳᠤ

ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠡᠭᠦᠨ ᠤ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠳᠤᠮᠳᠠ ᠠᠶᠤᠯ ᠲᠦᠭᠰᠢᠭᠦᠷᠢ ᠶᠡᠬᠡᠲᠡᠢ ᠣᠷᠣᠨ ᠤ

ᠭᠠᠳᠠᠨ᠎ᠠ ᠠᠴᠠ ᠢᠷᠡᠭᠰᠡᠨ ᠬᠥᠮᠥᠰ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠭᠰᠠᠨ᠂ ᠭᠤᠣᠯᠳᠠᠯᠭ᠎ᠠ ᠲᠠᠢ

ᠬᠥᠮᠥᠰ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠲᠦᠷᠦ ᠶᠢᠨ ᠪᠣᠳᠣᠯᠭ᠎ᠠ ᠶᠢ ᠤᠬᠠᠭᠤᠯᠤᠭᠰᠠᠨ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠭᠰᠡᠨ

ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠷ ᠪᠠᠶᠢᠴᠠᠭᠠᠵᠤ ᠬᠢᠨᠠᠨ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ

ᠡᠵᠡᠮᠳᠡᠬᠦ ᠬᠢᠨᠠᠯᠲᠠ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠭᠡᠮ ᠢ ᠴᠠᠭ ᠲᠤᠬᠠᠢ

 ᠳᠤᠨᠢ ᠡᠮᠬᠢᠯᠡᠨ ᠲᠢᠭᠯᠡᠬᠦ ᠶᠢᠨ ᠬᠠᠮᠲᠤ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠪᠠ᠃

        ᠲᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ

ᠵᠥᠪᠯᠡᠯ ︽ᠪᠠᠶᠢᠯᠳᠤᠭᠠᠨ ᠳᠤ ᠣᠷᠤᠯᠴᠠᠬᠤ︾ ᠪᠠᠶᠢᠳᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠠᠵᠢᠯ ᠳᠤ ᠬᠠᠨᠳᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ

ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠭᠤᠭᠴᠤᠭ᠎ᠠ ᠳᠤ ᠦᠷᠭᠦᠯᠵᠢᠯᠡᠨ

ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠴᠢᠩᠭ᠎ᠠ ᠬᠢᠨᠠᠯᠲᠠ ᠲᠠᠯᠪᠢᠬᠤ ᠪᠠᠷ ᠬᠠᠷᠢᠭᠤᠴᠠᠯᠭ᠎ᠠ ᠪᠠᠨ ᠭᠦᠢᠴᠡᠳᠬᠡᠨ

ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ

ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠨ᠎ᠠ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号