ᠰᠢᠨᠬᠤᠸᠠ ᠬᠤᠷᠢᠶ᠎ᠠ ᠡᠷᠬᠡ ᠣᠯᠵᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2022/3/16

   

     ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ  

ᠰᠢᠨᠬᠤᠸᠠ ᠬᠤᠷᠢᠶ᠎ᠠ ᠡᠷᠬᠡ ᠣᠯᠵᠤ 12 ᠤᠨ ᠡᠳᠦᠷ ᠶᠡᠷᠦᠩᠬᠡᠢ ᠰᠠᠶᠢᠳ ᠯᠢ ᠺᠧ ᠴᠢᠶᠠᠩ ᠤᠨ ᠲᠦᠷᠦ ᠶᠢᠨ ᠶᠠᠪᠤᠳᠠᠯ ᠤᠨ

ᠬᠤᠷᠢᠶᠠᠨ ᠤ ᠡᠮᠦᠨ᠎ᠡ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ

ᠶᠡᠭᠡ ᠬᠤᠷᠠᠯ ᠤᠨ ᠲᠠᠪᠤᠳᠤᠭᠠᠷ ᠬᠤᠷᠠᠯ ᠳᠡᠭᠡᠷ᠎ᠡ ᠬᠢᠭᠰᠡᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ

ᠨᠡᠪᠲᠡᠷᠡᠭᠦᠯᠪᠡ᠃ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠲᠠᠪᠤᠳᠤᠭᠠᠷ ᠬᠤᠷᠠᠯᠳᠤᠭᠠᠨ ᠠᠴᠠ 3 ᠳ᠋ᠤᠭᠠᠷ ᠰᠠᠷ᠎ᠠ ᠶᠢᠨ 11 ᠤ ᠡᠳᠦᠷ ᠵᠠᠰᠠᠭ ᠤᠨ ᠣᠷᠳᠣᠨ ᠤ ᠠᠵᠢᠯ ᠤᠨ

ᠢᠯᠡᠳᠬᠡᠯ ᠤᠨ ᠲᠤᠬᠠᠢ ᠰᠢᠢᠳᠪᠦᠷᠢ ᠶᠢ ᠪᠠᠲᠤᠯᠠᠵᠤ᠂ ᠲᠣᠰ ᠢᠯᠡᠳᠬᠡᠯ ᠢ ᠵᠥᠪᠰᠢᠶᠡᠷᠡᠪᠡ᠃

     ᠢᠯᠡᠳᠬᠡᠯ ᠢ ᠭᠤᠷᠪᠠᠨ ᠬᠡᠰᠡᠭ ᠬᠤᠪᠢᠶᠠᠨ᠎ᠠ᠄ ᠨᠢᠭᠡ᠂ 2021 ᠣᠨ ᠤ ᠠᠵᠢᠯ ᠤᠨ ᠡᠷᠭᠢᠴᠡᠭᠦᠯᠦᠯ︔ ᠬᠤᠶᠠᠷ᠂

2022 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ ᠲᠦᠷᠦ ᠶᠢᠨ ᠪᠣᠳᠣᠯᠭ᠎ᠠ ᠶᠢᠨ

ᠬᠠᠨᠳᠤᠰᠢ︔ ᠭᠤᠷᠪᠠ᠂ 2022 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ᠃

     ᠢᠯᠡᠳᠬᠡᠯ ᠳᠤ᠂ ᠥᠩᠭᠡᠷᠡᠭᠰᠡᠨ ᠨᠢᠭᠡ ᠵᠢᠯ ᠪᠣᠯ ᠨᠠᠮ ᠪᠣᠯᠣᠨ ᠤᠯᠤᠰ ᠤᠨ ᠲᠡᠦᠬᠡᠨ ᠳᠠᠬᠢ ᠬᠥᠰᠢᠶ᠎ᠡ ᠳᠤᠷᠠᠰᠬᠠᠯ ᠤᠨ

ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠲᠠᠢ ᠪᠥᠭᠡᠳ ᠬᠦᠨᠳᠦ

ᠬᠡᠴᠡᠭᠦᠦ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠠ ᠠᠯᠢ ᠤᠯᠠᠨ ᠠᠶᠤᠯ ᠲᠦᠭᠰᠢᠭᠦᠷᠢ ᠰᠢᠯᠭᠠᠯᠲᠠ ᠶᠢᠨ

ᠡᠮᠦᠨ᠎ᠡ᠂ ᠪᠦᠬᠦ ᠤᠯᠤᠰ ᠢᠶᠠᠷ ᠢᠶᠠᠨ ᠬᠠᠮᠲᠤ ᠪᠠᠷ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ

ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠭᠡᠳ᠂ ᠪᠦᠬᠦ ᠵᠢᠯ ᠤᠨ ᠭᠤᠣᠯ ᠬᠠᠷᠠᠯᠲᠠ ᠡᠭᠦᠷᠭᠡ ᠪᠠᠨ

ᠨᠡᠯᠢᠶᠡᠳ ᠰᠠᠶᠢᠨ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠰᠠᠶᠢᠨ ᠡᠬᠢᠯᠡᠯᠲᠡ ᠲᠠᠢ

ᠪᠣᠯᠵᠤ᠂ ᠮᠠᠨ ᠤ ᠤᠯᠤᠰ ᠤᠨ ᠬᠥᠭᠵᠢᠯᠲᠡ ᠮᠥᠨ ᠬᠦ ᠴᠢᠬᠤᠯᠠ ᠶᠡᠭᠡ ᠰᠢᠨ᠎ᠡ ᠠᠮᠵᠢᠯᠲᠠ ᠣᠯᠵᠠᠢ᠃

     ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ

ᠪᠣᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠳᠡᠭ ᠢ 5.5% ᠣᠷᠴᠢᠮ ᠢᠶᠠᠷ ᠨᠡᠮᠡᠭᠳᠡᠭᠦᠯᠦᠨ᠎ᠡ︔

ᠬᠤᠲᠠ ᠪᠠᠯᠭᠠᠰᠤᠨ ᠤ 1100 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ

ᠪᠠᠯᠭᠠᠰᠤᠨ ᠤ ᠪᠠᠶᠢᠴᠠᠭᠠᠯᠲᠠ ᠬᠢᠭᠰᠡᠨ ᠠᠵᠢᠯ ᠠᠯᠳᠠᠯᠲᠠ ᠶᠢᠨ ᠨᠤᠷᠮ᠎ᠠ ᠶᠢ ᠪᠦᠬᠦ ᠵᠢᠯ ᠳᠤ 5.5% ᠶᠢᠨ ᠳᠣᠲᠣᠷ᠎ᠠ

ᠬᠢᠵᠠᠭᠠᠷᠯᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢ 3% ᠣᠷᠴᠢᠮ ᠥᠰᠬᠡᠨ᠎ᠡ︔ ᠰᠠᠭᠤᠭᠠᠯᠢ ᠠᠷᠠᠳ ᠤᠨ

ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠵᠡᠷᠭᠡᠴᠡᠭᠦᠯᠦᠨ᠎ᠡ︔ ᠭᠠᠳᠠᠭᠠᠳᠤ

ᠣᠷᠣᠭᠤᠯᠤᠯᠲᠠ ᠭᠠᠷᠭᠠᠯᠲᠠ ᠶᠢᠨ ᠲᠣᠭᠲᠠᠭᠤᠨ ᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠵᠦ᠂ ᠣᠯᠠᠨ ᠤᠯᠤᠰ ᠤᠨ

ᠣᠷᠣᠯᠭ᠎ᠠ ᠵᠠᠷᠤᠯᠭ᠎ᠠ ᠶᠢ ᠦᠨᠳᠦᠰᠦᠨ ᠳᠤ ᠪᠠᠨ ᠲᠡᠩᠴᠡᠭᠦᠷᠢᠰᠢᠭᠦᠯᠦᠨ᠎ᠡ︔ ᠠᠮᠤ ᠪᠤᠳᠠᠭᠠᠨ ᠤ ᠤᠨᠠᠯᠲᠠ ᠶᠢ 1.3 ᠲᠦᠮᠡ

ᠭᠠᠷᠤᠢ ᠳ᠋ᠦᠩᠰᠢᠭᠤᠷ ᠵᠢᠩ ᠳᠤ ᠬᠦᠷᠭᠡᠨ᠎ᠡ︔ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ

ᠰᠠᠶᠢᠵᠢᠷᠠᠭᠤᠯᠵᠤ᠂ ᠭᠤᠣᠯ ᠪᠣᠯᠬᠤ ᠪᠣᠬᠢᠷᠳᠤᠯ ᠪᠣᠳᠠᠰ ᠤᠨ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ

ᠳᠣᠷᠣᠭᠰᠢᠯᠠᠭᠤᠯᠤᠨ᠎ᠠ︔ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠶᠢᠨ ᠬᠠᠷᠠᠯᠲᠠ ᠶᠢ ︽ᠠᠷᠪᠠᠨ ᠳᠥᠷᠪᠡᠳᠦᠭᠡᠷ

ᠲᠠᠪᠤᠨ ᠵᠢᠯ ᠤᠨ ᠲᠥᠯᠦᠪᠵᠢᠭᠦᠯᠭᠡ︾ ᠶᠢᠨ ᠬᠤᠭᠤᠴᠠᠭᠠᠨ ᠳᠤ ᠨᠢᠭᠡᠳᠦᠯᠲᠡᠢ ᠲᠥᠯᠥᠪᠵᠢᠭᠦᠯᠦᠨ ᠬᠢᠨᠠᠨ ᠰᠢᠯᠭᠠᠬᠤ ᠶᠢᠨ

ᠬᠠᠮᠲᠤ ᠵᠣᠬᠢᠬᠤ ᠬᠠᠷᠢᠮᠠᠬᠠᠢ ᠴᠢᠨᠠᠷᠲᠠᠢ ᠪᠠᠶᠢᠯᠭᠠᠵᠤ᠂ ᠰᠢᠨ᠎ᠡ ᠪᠠᠷ ᠨᠡᠮᠡᠭᠳᠡᠭᠰᠡᠨ ᠡᠭᠦᠰᠦᠮᠡᠯ ᠡᠨᠧᠷᠭᠢ ᠶᠢᠨ ᠰᠤᠷᠪᠤᠯᠵᠢ ᠪᠠ

ᠲᠦᠭᠦᠬᠡᠢ ᠮᠠᠲ᠋ᠧᠷᠢᠶᠠᠯ ᠤᠨ ᠬᠡᠷᠡᠭᠯᠡᠬᠦ ᠡᠨᠧᠷᠭᠢ ᠶᠢ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢᠨ

ᠬᠢᠵᠠᠭᠠᠷᠯᠠᠯ ᠳᠤ ᠣᠷᠣᠭᠤᠯᠬᠤ ᠦᠭᠡᠢ᠃

     ᠢᠯᠡᠳᠬᠡᠯ ᠳᠤ ᠵᠢᠭᠠᠵᠤ ᠭᠠᠷᠭᠠᠭᠰᠠᠨ ᠨᠢ᠂ ᠡᠨᠡ ᠵᠢᠯ ᠬᠤᠷᠸ᠎ᠠ ᠠᠵᠤ ᠠᠬᠤᠢ ᠶᠢᠨ ᠶᠡᠭᠡ ᠪᠠᠶᠢᠳᠠᠯ ᠢ ᠬᠦᠴᠦᠯᠡᠨ

ᠲᠣᠭᠲᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠨ᠎ᠠ︔ ᠵᠠᠬ᠎ᠠ

ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠪᠠᠲᠤᠯᠠᠬᠤ ᠲᠠᠯ᠎ᠠ ᠪᠠᠷ ᠬᠦᠴᠦᠯᠡᠨ᠂

ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ︔ ᠥᠭᠡᠷᠡᠴᠢᠯᠡᠯᠲᠡ ᠶᠢ ᠭᠤᠶᠢᠪᠢᠰᠢ

ᠦᠭᠡᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠣᠨ ᠬᠥᠭᠵᠢᠯᠲᠡ ᠶᠢᠨ ᠳᠣᠲᠣᠭᠠᠳᠤ

ᠬᠥᠳᠡᠯᠭᠡᠬᠦ ᠬᠦᠴᠦᠨ ᠢ ᠨᠡᠩ ᠶᠡᠭᠡ ᠪᠠᠷ ᠬᠥᠭᠵᠢᠭᠡᠨ᠎ᠡ︔ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ

ᠪᠣᠯᠭᠠᠭᠰᠠᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠣᠳᠠᠲᠤ ᠴᠣᠭᠴᠠᠲᠤ ᠠᠵᠤ ᠠᠬᠤᠢ ᠶᠢᠨ ᠰᠠᠭᠤᠷᠢ ᠶᠢ

ᠪᠠᠬᠢᠵᠢᠭᠦᠯᠦᠨ ᠪᠤᠵᠠᠭᠠᠶᠢᠷᠠᠭᠤᠯᠤᠨ᠎ᠠ︔ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠡᠷᠡᠰ

ᠬᠡᠷᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠠ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢ

ᠠᠬᠢᠭᠤᠯᠤᠨ᠎ᠠ︔ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠢ ᠶᠡᠭᠡ ᠪᠠᠷ ᠠᠳᠬᠤᠵᠤ᠂ ᠬᠥᠳᠡᠭᠡ ᠲᠣᠰᠬᠤᠨ ᠤ ᠪᠦᠬᠦ

ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠤᠨ᠎ᠠ︔ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂

ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ︔ ᠠᠮᠢ ᠠᠬᠤᠢ ᠣᠷᠴᠢᠨ

ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ

ᠠᠬᠢᠭᠤᠯᠤᠨ᠎ᠠ︔ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ

ᠴᠢᠩᠭᠠᠳᠬᠠᠵᠤ ᠨᠡᠶᠢᠭᠡᠮ ᠤᠨ ᠵᠠᠰᠠᠯᠲᠠ ᠳᠤ ᠰᠢᠨ᠎ᠡ ᠶᠢ ᠡᠭᠦᠳᠦᠨ᠎ᠡ ᠭᠡᠵᠡᠢ᠃

 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号