ᠱᠢ ᠭᠤᠸᠠᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠡᠭᠦᠷ 2021 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/24
         ᠣᠶᠢᠷ᠎ᠠ ᠳᠤ᠂ ᠱᠢ ᠭᠤᠸᠠᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠡᠭᠦᠷ ︽ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠬᠤ︾ ᠪᠠᠷ ᠭᠤᠣᠯ ᠰᠡᠳᠦᠪ ᠪᠣᠯᠭᠠᠭᠰᠠᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠢᠪᠡ᠃ᠬᠤᠷᠠᠯ ᠢ ᠨᠠᠮ ᠤᠨ ᠡᠭᠦᠷ ᠤᠨ ᠱᠦᠵᠢ ᠳ᠋ᠦᠩ ᠱᠣ ᠰᠢᠶᠦ᠋ᠩ ᠡᠷᠬᠢᠯᠡᠵᠦ᠂ ᠪᠦᠬᠦ ᠡᠭᠦᠷ ᠤᠨ ᠨᠠᠮ ᠤᠨ ᠭᠡᠰᠢᠭᠦᠨ ᠣᠷᠣᠯᠴᠠᠪᠠ᠃         ᠬᠤᠷᠠᠯ ᠳᠡᠭᠡᠷ᠎ᠡ᠂ ᠨᠠᠮ ᠤᠨ ᠡᠭᠦᠷ ᠤᠨ ᠱᠦᠵᠢ ᠳ᠋ᠦᠩ ᠱᠣ ᠰᠢᠶᠦ᠋ᠩ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ ᠪᠦᠬᠦ ᠨᠠᠮ ᠤᠨ ᠭᠡᠰᠢᠭᠦᠳ ᠲᠤ ᠪᠠᠶᠢᠴᠠᠭᠠᠨ ᠦᠵᠡᠵᠦ ᠵᠠᠳᠠᠯᠤᠯᠲᠠ ᠬᠢᠭᠰᠡᠨ ᠬᠠᠷᠢᠭᠤ ᠮᠡᠳᠡᠭᠦᠯᠦᠯᠲᠡ ᠬᠢᠵᠡᠢ᠃ᠳᠠᠷᠠᠭ᠎ᠠ ᠪᠠᠷ ᠨᠢ ᠨᠠᠮ ᠤᠨ ᠭᠡᠰᠢᠭᠦᠨ ᠨᠢᠭᠡᠪᠦᠷᠢ ᠲᠥᠪ ᠴᠢᠩᠭ᠎ᠠ ᠨᠠᠷᠢᠨ ᠬᠢᠨᠠᠮᠠᠭᠠᠢ᠂ ᠦᠨᠡᠨ ᠠᠴᠠ ᠵᠥᠪ ᠢ ᠡᠷᠢᠬᠦ᠂ ᠪᠦᠯᠬᠦᠮᠳᠡᠯ ᠲᠠᠢ ᠨᠥᠬᠦᠷᠰᠡᠭ ᠣᠪᠣᠷ ᠢᠶᠠᠷ ᠥᠪᠡᠷ ᠢ ᠪᠠᠨ ᠭᠦᠨᠵᠡᠭᠡᠢ ᠵᠠᠳᠠᠯᠤᠨ ᠰᠢᠨᠵᠢᠯᠡᠵᠦ᠂ ᠡᠷᠭᠢᠴᠡᠭᠦᠯᠦᠨ ᠪᠤᠳᠤᠵᠤ᠂ ᠦᠵᠡᠯ ᠰᠠᠨᠠᠭ᠎ᠠ᠂ ᠠᠵᠢᠯ᠂ ᠠᠮᠢᠳᠤᠷᠠᠯ ᠵᠡᠷᠭᠡ ᠲᠠᠯ᠎ᠠ ᠶᠢᠨ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠨᠢᠭᠡᠳ ᠨᠢᠭᠡ ᠪᠠᠷ ᠶᠠᠷᠢᠶ᠎ᠠ ᠲᠠᠯᠪᠢᠵᠠᠢ᠃ᠬᠠᠷᠢᠯᠴᠠᠨ ᠰᠢᠭᠦᠮᠵᠢᠯᠡᠬᠦ ᠶᠠᠪᠤᠴᠠ ᠳᠤ ᠤᠯᠠᠨ ᠢᠶᠠᠷ ᠢᠶᠠᠨ ᠴᠥᠮ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠰᠢᠭᠦᠮᠵᠢᠯᠡᠯ  ᠨᠢ ᠰᠢᠭᠤᠳ ᠰᠢᠯᠤᠭᠤᠨ᠂ ᠲᠣᠭᠤᠷᠢᠭᠤᠯᠵᠤ ᠲᠣᠭᠰᠢᠭᠤᠯᠬᠤ ᠦᠭᠡᠢ᠂ ᠠᠭᠤᠯᠭ᠎ᠠ ᠨᠢ ᠬᠤᠷᠴᠠ ᠰᠢᠷᠦᠭᠦᠨ ᠪᠣᠯᠪᠠᠴᠤ ᠮᠠᠰᠢ ᠣᠨᠣᠴᠢᠲᠠᠢ ᠪᠠᠶᠢᠵᠤ᠂ ᠠᠭᠤᠷ ᠠᠮᠢᠰᠬᠤᠯ ᠨᠢ ᠮᠠᠰᠢ ᠰᠠᠶᠢᠨ ᠪᠠᠶᠢᠪᠠ᠃        ᠳ᠋ᠦᠩ  ᠱᠦ᠋ ᠰᠢᠶᠦ᠋ᠩ ᠨᠥᠬᠦᠷ ᠳ᠋ᠦᠩᠨᠡᠯᠲᠡ ᠶᠢᠨ ᠶᠠᠷᠢᠶᠠᠨ ᠳᠠᠭᠠᠨ᠂ ᠪᠦᠬᠦ ᠨᠠᠮ ᠤᠨ ᠭᠡᠰᠢᠭᠦᠨ ᠲᠡᠭᠦᠰ ᠲᠡᠭᠦᠯᠳᠡᠷ ᠵᠣᠷᠢᠭ ᠰᠠᠨᠠᠭ᠎ᠠ᠂ ᠢᠳᠡᠪᠬᠢᠲᠡᠢ ᠣᠪᠣᠷ ᠪᠣᠯᠣᠨ ᠯᠠᠪᠳᠠᠭᠤᠨ ᠪᠠᠲᠤᠲᠠᠢ ᠰᠤᠷᠲᠠᠯ ᠢᠶᠠᠷ ᠡᠨᠡ ᠵᠢᠯ ᠤᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠦᠬᠦ ᠲᠠᠯ᠎ᠠ ᠶᠢᠨ ᠳᠡᠭᠡᠭᠰᠢᠯᠡᠯᠲᠡ ᠶᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠡᠭᠦᠨ ᠤ ᠵᠡᠷᠭᠡ ᠳᠤ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠂ ᠨᠢᠭᠡ ᠳᠤ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ︔ᠬᠤᠶᠠᠷ ᠲᠤ᠂ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠬᠤ ᠬᠡᠷᠡᠭᠲᠡᠢ︔ᠭᠤᠷᠪᠠ ᠳᠤ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠢᠯᠡᠭᠦᠬᠡᠨ ᠰᠤᠷᠪᠤᠯᠵᠢᠯᠠᠵᠤ᠂ ᠤᠯᠠᠨ ᠲᠦᠮᠡᠨ ᠤ ᠪᠣᠳᠠᠲᠠᠢ ᠬᠦᠴᠢᠷᠳᠡᠯ ᠢ ᠣᠶᠢᠯᠠᠭᠠᠬᠤ ᠬᠡᠷᠡᠭᠲᠡᠢ᠃        ᠬᠤᠷᠠᠯ ᠤᠨ ᠡᠴᠦᠰ ᠲᠤ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠠᠵᠢᠯᠯᠠᠭ᠎ᠠ ᠶᠢ ᠥᠷᠨᠢᠭᠦᠯᠪᠡ᠃ᠲᠣᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢᠶᠠᠷ ᠳᠠᠮᠵᠢᠭᠤᠯᠤᠨ᠂ ᠮᠠᠨ ᠤ ᠲᠣᠪᠴᠢᠶ᠎ᠠ ᠶᠢᠨ ᠨᠠᠮ ᠤᠨ ᠡᠭᠦᠷ ᠤᠨ ᠪᠥᠬᠦ ᠨᠠᠮ ᠤᠨ ᠭᠡᠰᠢᠭᠦᠨ ᠤ ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠬᠤᠰᠢᠭᠤᠴᠢ ᠵᠢᠱᠢᠶᠡᠴᠢ ᠦᠢᠯᠡᠳᠦᠯ ᠤᠨ ᠢᠲᠡᠭᠡᠯ ᠵᠣᠷᠢᠭ ᠢ ᠬᠥᠪᠴᠢᠯᠡᠭᠰᠡᠨ ᠪᠠᠶᠢᠨ᠎ᠠ᠃

 
ᠢᠷᠡᠯᠲᠡ᠄ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号