ᠱᠢ ᠭᠤᠸᠠᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠰᠢ ᠶᠢᠨ ᠫᠢᠩ ᠶᠡᠷᠦᠩᠬᠡᠢ ᠱᠦᠵᠢ  ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠳᠡᠭᠡᠷ᠎ᠡ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2022/3/24
        3 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠱᠢ ᠭᠤᠸᠠᠢ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃       ᠬᠤᠷᠠᠯ ᠠᠴᠠ᠂ ᠪᠦᠬᠦ ᠺᠠᠳ᠋ᠷ ᠠᠵᠢᠯᠲᠠᠨ ᠠᠵᠢᠯᠴᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠰᠤᠷᠤᠯᠴᠠᠵᠤ᠂ ᠤᠬᠠᠭᠤᠯᠭ᠎ᠠ ᠶᠢ ᠥᠷᠭᠡᠨ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠴᠢᠩᠭ᠎ᠠ ᠠᠳᠬᠤᠵᠤ᠂ ᠨᠠᠮ ᠤᠨ ᠦᠨᠳᠦᠰᠦᠲᠡᠨ ᠤ ᠤᠨᠤᠯ ᠪᠣᠯᠣᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠴᠢᠳᠠᠪᠤᠷᠢ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃        ᠬᠤᠷᠠᠯ ᠠᠴᠠ᠂ ᠪᠦᠬᠦ ᠺᠠᠳ᠋ᠷ ᠠᠵᠢᠯᠲᠠᠨ ᠠᠵᠢᠯᠴᠢᠨ ᠲᠡᠷᠡ ᠬᠡᠪ ᠢᠶᠠᠷ ᠨᠢ ᠰᠤᠷᠤᠯᠴᠠᠵᠤ᠂ ᠦᠭᠡ ᠥᠭᠦᠯᠡᠪᠦᠷᠢ ᠳᠠᠷᠠᠭᠠᠯᠠᠨ ᠣᠶᠢᠯᠠᠭᠠᠵᠤ᠂ ᠠᠭᠤᠯᠤᠭᠳᠠᠬᠤᠨ ᠴᠢᠬᠤᠯᠠ ᠤᠳᠬ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠡᠵᠡᠮᠰᠢᠵᠦ᠂ ᠲᠠᠷᠢᠬᠢᠨ ᠳᠤᠨᠢ ᠬᠠᠳᠠᠩᠰᠢᠭᠤᠯᠤᠨ ᠰᠡᠳᠬᠢᠯ ᠳᠤᠨᠢ ᠬᠠᠳᠠᠩᠰᠢᠭᠤᠯᠵᠤ᠂ ᠠᠵᠢᠯᠯᠠᠭ᠎ᠠ ᠳᠡᠭᠡᠷ᠎ᠡ ᠪᠠᠨ ᠦᠷ᠎ᠡ ᠪᠦᠲᠦᠮᠵᠢ ᠭᠠᠷᠭᠠᠬᠤ ᠶᠢ ᠪᠡᠶᠡᠯᠡᠭᠦᠯᠵᠦ᠂ ︽ᠲᠦᠷᠪᠡᠨ ᠤᠬᠠᠮᠰᠠᠷ︾  ᠢᠶᠠᠨ ᠴᠢᠨᠠᠭᠰᠢᠳᠠ ᠴᠢᠩᠭᠠᠳᠬᠠᠵᠤ᠂︽ᠲᠦᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃        ᠬᠤᠷᠠᠯ ᠤᠨ ᠳᠠᠷᠠᠭ᠎ᠠ ᠪᠦᠬᠦ ᠺᠠᠳ᠋ᠷ ᠠᠵᠢᠯᠲᠠᠨ ᠠᠵᠢᠯᠴᠢᠨ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠴᠢᠩᠭ᠎ᠠ ᠠᠳᠬᠤᠵᠤ᠂ ᠦᠨᠳᠦᠰᠦᠲᠡᠨ ᠤ ᠠᠵᠢᠯ ᠢ ᠦᠨᠡᠨᠬᠦ ᠰᠠᠶᠢᠲᠤᠷ ᠬᠢᠵᠦ᠂ ᠶᠡᠷᠦᠩᠬᠡᠢ ᠱᠦᠵᠢ ᠶᠢᠨ ᠨᠠᠨᠳᠢᠨ ᠨᠠᠶᠢᠳᠠᠯᠭ᠎ᠠ ᠶᠢ ᠲᠠᠰᠤᠷᠠᠯᠳᠡ ᠦᠭᠡᠢ ᠤᠷᠤᠭᠰᠢᠯᠠᠬᠤ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠵᠤ᠂ ᠪᠦᠬᠦ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ ᠭᠡᠵᠦ ᠢᠯᠡᠳᠬᠡᠵᠡᠭᠡᠪᠡ᠃

 
ᠢᠷᠡᠯᠲᠡ᠄ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号