ᠰᠢ ᠶᠢᠨ ᠫᠢᠩ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶  ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠬᠦᠰᠡᠯᠡᠩ ᠢᠲᠡᠭᠡᠯ ᠪᠢᠰᠢᠷᠡᠯ ᠤᠨ ᠦᠨᠳᠦᠰᠦ ᠰᠠᠭᠤᠷᠢ ᠶᠢ ᠪᠠᠳᠤ ᠴᠤᠭᠴᠠᠯᠠᠵᠤ ᠵᠠᠰᠠᠭ ᠤᠨ ᠠᠵᠢᠯ ᠤᠨ ᠪᠦᠲᠦᠮᠵᠢ ᠶᠢᠨ ᠵᠦᠪ ᠦᠵᠡᠯᠲᠡ ᠶᠢ ᠪᠤᠢ ᠪᠤᠯᠭᠠᠨ ᠦᠢᠯᠡᠳᠦᠯᠭᠡᠵᠢᠭᠦᠯᠵᠤ ᠰᠢᠨ᠎ᠡ ᠴᠠᠭ ᠦᠶ᠎ᠡ ᠰᠢᠨ᠎ᠡ ᠠᠶᠠᠨ ᠳᠤ ᠦᠯᠦ ᠤᠰᠤᠯᠳᠠᠬᠤ ᠲᠡᠮᠡᠴᠡᠯ ᠤᠨ ᠤᠯᠠ ᠮᠥᠷ ᠢᠶᠠᠨ ᠦᠯᠡᠳᠡᠭᠡᠬᠦ ᠬᠡᠷᠡᠭᠳᠠᠢ ᠭᠡᠵᠦ ᠴᠢᠬᠤᠯᠠᠴᠢᠯᠠᠪᠠ  ᠸᠠᠩ ᠬᠤ᠋ ᠨᠢᠩ ᠣᠷᠣᠯᠴᠠᠵᠠᠢ
ᠨᠡᠶᠢᠲᠡᠯᠡᠭᠰᠡᠨ ᠴᠠᠭ᠄
2022/3/8
      2022 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ 3 ᠰᠠᠷ᠎ᠠ ᠶᠢᠨ 1 ᠤ ᠦᠳᠡ ᠶᠢᠨ ᠡᠮᠦᠨ᠎ᠡ ᠲᠥᠪ ᠤᠨ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠵᠠᠯᠠᠭᠤ ᠺᠠᠳ᠋ᠷᠴᠤᠳ ᠪᠣᠯ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠦᠰᠡᠯ ᠡᠷᠡᠮᠡᠯᠵᠡᠯ ᠮᠥᠨ᠂ ᠡᠷᠬᠡᠪᠰᠢ ᠬᠦᠰᠡᠯᠡᠩ ᠢᠲᠡᠭᠡᠯ ᠪᠢᠰᠢᠷᠡᠯ ᠤᠨ ᠦᠨᠳᠦᠰᠦ ᠰᠠᠭᠤᠷᠢ ᠶᠢ ᠪᠠᠲᠤ ᠴᠣᠭᠴᠠᠯᠠᠵᠤ᠂ ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠵᠠᠰᠠᠭ ᠤᠨ ᠠᠵᠢᠯ ᠤᠨ ᠪᠦᠲᠦᠮᠵᠢ ᠶᠢᠨ ᠵᠦᠪ ᠦᠵᠡᠯᠲᠡ ᠶᠢ ᠪᠣᠶ ᠪᠣᠯᠭᠠᠨ ᠦᠶᠯᠡᠳᠦᠯᠭᠡᠵᠢᠭᠦᠯᠵᠤ᠂ ᠤᠯᠠᠨ ᠠᠴᠠ ᠬᠡᠳᠦᠶᠢᠳᠦᠭᠰᠡᠨ ᠡᠷᠳᠡᠮ ᠴᠢᠳᠠᠪᠤᠷᠢ ᠶᠢ ᠪᠦᠷᠢᠳᠦᠬᠦᠯᠵᠦ᠂ ᠡᠭᠦᠷᠭᠡᠯᠡᠯ ᠪᠠ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ ᠤᠨ ᠣᠯᠠᠨ ᠲᠦᠮᠡᠨᠴᠢ ᠱᠤᠭᠤᠮ ᠢ ᠲᠤᠭᠤᠰᠢᠯᠠᠭᠤᠯᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠥᠷᠥ ᠶᠢᠨ ᠵᠠᠩ ᠴᠢᠨᠠᠷ ᠢ ᠳᠠᠪᠲᠠᠨ ᠪᠣᠯᠪᠠᠰᠤᠷᠠᠭᠤᠯᠵᠤ᠂ ᠠᠷᠠᠳ ᠲᠦᠮᠡᠨ ᠳᠤ ᠤᠰᠤᠯᠳᠠᠬᠤ ᠦᠭᠡᠢ ᠤᠯᠤᠰ ᠢᠶᠠᠨ ᠬᠠᠶᠢᠷᠠᠯᠠᠬᠤ ᠰᠡᠳᠭᠢᠯᠭᠡ ᠶᠢ ᠪᠣᠶ ᠪᠣᠯᠭᠠᠵᠤ᠂ ᠡᠷᠬᠢᠮ ᠳᠡᠭᠡᠳᠦ ᠠᠷᠢᠭᠤᠨ ᠴᠡᠪᠡᠷ ᠦᠵᠡᠯ ᠰᠠᠨᠠᠭᠠᠨ ᠤ ᠲᠦᠪᠰᠢᠨ ᠢ ᠬᠥᠭᠡᠭᠡᠴᠡᠯᠳᠦᠵᠤ᠂ ᠨᠠᠮ ᠪᠠ ᠠᠷᠠᠳ ᠲᠦᠮᠡᠨ ᠤ ᠠᠵᠢᠯ ᠦᠢᠯᠡᠰ ᠤᠨ ᠲᠥᠯᠥᠭᠡ ᠠᠮᠢ ᠴᠦᠯᠡᠨ ᠲᠡᠮᠡᠴᠡᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠦᠯᠦ ᠤᠰᠤᠯᠳᠠᠬᠤ ᠲᠡᠮᠡᠴᠡᠯ ᠤᠨ ᠤᠯᠠ ᠮᠥᠷ ᠢᠶᠠᠨ ᠦᠯᠡᠳᠡᠭᠡᠬᠦ ᠬᠡᠷᠡᠭᠳᠠᠢ ᠭᠡᠵᠤ ᠴᠢᠬᠤᠯᠠᠴᠢᠯᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ ᠸᠠᠩ ᠬᠤ᠋ ᠨᠢᠩ ᠬᠢᠴᠢᠶᠡᠯ ᠡᠬᠢᠯᠡᠬᠦ ᠶᠣᠰᠣᠯᠠᠯ ᠳᠤ ᠣᠷᠣᠯᠴᠠᠵᠠᠢ᠃      ᠰᠢ ᠶᠢᠨ ᠫᠢᠩ᠂ ᠬᠦᠰᠡᠯᠡᠩ ᠢᠲᠡᠭᠡᠯ ᠪᠢᠰᠢᠷᠡᠯ ᠪᠣᠯ ᠨᠠᠮ ᠢ ᠪᠠᠶᠢᠭᠤᠯᠵᠤ ᠨᠠᠮ ᠢ ᠮᠠᠨᠳᠤᠭᠤᠯᠬᠤ ᠶᠢᠨ ᠰᠠᠭᠤᠷᠢ ᠮᠥᠨ ᠂ ᠪᠠᠰᠠ ᠴᠤ ᠨᠠᠮ ᠤᠨ ᠭᠡᠰᠢᠭᠦᠨ ᠺᠠᠳ᠋ᠷ ᠤᠨ ᠣᠷᠣᠰᠢᠨ ᠲᠣᠭᠲᠠᠨᠢᠬᠤ ᠶᠢᠨ ᠦᠨᠳᠦᠰᠦ ᠮᠥᠨ᠃ ᠵᠠᠯᠠᠭᠤ ᠺᠠᠳ᠋ᠷᠴᠤᠳ ᠠᠵᠢᠯ ᠦᠢᠯᠡᠰ ᠢ ᠰᠠᠶᠢᠳᠤᠷ ᠵᠠᠯᠭᠠᠮᠵᠢᠯᠠᠬᠤ ᠳᠤ᠂ ᠬᠠᠮᠤᠭ ᠤᠨ ᠴᠢᠬᠤᠯᠠ ᠨᠢ ᠮᠠᠷᠺᠰ ᠤᠨ ᠦᠵᠡᠯ ᠤᠨ ᠢᠲᠡᠭᠡᠯ ᠪᠢᠰᠢᠷᠡᠯ ᠢ ᠪᠠᠷᠢᠮᠲᠠᠯᠠᠬᠤ᠂ ᠡᠪ ᠬᠠᠮᠲᠤ ᠶᠣᠰᠣᠨ ᠤ ᠠᠯᠤᠰ ᠭᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠤᠨ ᠲᠥᠯᠥᠭᠡ ᠲᠡᠮᠡᠴᠡᠬᠦ ᠦᠢᠯᠡᠰ ᠢ ᠰᠠᠶᠢᠲᠤᠷ ᠵᠠᠯᠭᠠᠮᠵᠢᠯᠠᠬᠤ ᠶᠠᠪᠤᠳᠠᠯ ᠪᠤᠯᠤᠨ᠎ᠠ᠃ ᠨᠠᠮ ᠤᠨ ᠭᠡᠰᠢᠭᠦᠨ ᠺᠠᠳ᠋ᠷ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ᠂ ᠠᠯᠤᠰ ᠤᠨ ᠵᠣᠷᠢᠯᠲᠠ ᠲᠠᠢ ᠪᠠᠶᠢᠵᠤ ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠯᠦ ᠮᠠᠷᠲᠠᠵᠤ᠂ ᠠᠮᠢᠳᠤᠷᠠᠬᠤᠢ ᠶᠢᠨ ᠬᠦᠰᠡᠯᠡᠩ ᠢᠶᠠᠨ ᠨᠠᠮ ᠪᠣᠯᠤᠨ ᠠᠷᠠᠳ ᠲᠦᠮᠡᠨ ᠤ ᠦᠢᠯᠡᠰ ᠲᠤ ᠠᠭᠤᠰᠤᠯᠴᠠᠭᠤᠯᠵᠤ᠂ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠲᠡᠮᠡᠴᠡᠬᠦ ᠶᠢ ᠥᠪᠡᠷ ᠤᠨ ᠢᠶᠠᠨ ᠬᠠᠮᠤᠭ ᠤᠨ ᠶᠡᠭᠡ ᠵᠣᠯ ᠵᠢᠷᠭᠠᠯ ᠢᠶᠠᠨ ᠪᠣᠯᠭᠠᠪᠠᠯ ᠰᠠᠶ᠋ᠢ ᠡᠷᠬᠢᠮ ᠳᠡᠭᠡᠳᠦ᠂ ᠤᠳᠬ᠎ᠠ ᠠᠭᠤᠯᠭ᠎ᠠ ᠲᠠᠢ ᠬᠦᠮᠦᠨ ᠤ ᠠᠮᠢᠳᠤᠷᠠᠯ ᠢ ᠦᠩᠬᠡᠷᠡᠬᠦᠯᠵᠤ ᠴᠢᠳᠠᠨ᠎ᠠ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠳᠤ᠂ ᠡᠷᠬᠡᠪᠰᠢ ᠤᠷᠢᠳ ᠢᠶᠠᠷ ᠮᠡᠳᠡᠵᠦ ᠳᠠᠷᠠᠭ᠎ᠠ ᠨᠢ ᠢᠲᠡᠭᠡᠵᠦ᠂ ᠢᠲᠡᠭᠡᠭᠰᠡᠨ ᠤ ᠳᠠᠷᠠᠭ᠎ᠠ ᠦᠢᠯᠡᠳᠦᠯᠬᠡᠵᠢᠬᠦᠯᠬᠦ ᠬᠡᠷᠡᠭᠲᠡᠢ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠪᠣᠯ ᠨᠢᠭᠡᠨ ᠴᠠᠭ ᠤᠨ ᠶᠠᠪᠤᠳᠠᠯ ᠪᠢᠰᠢ ᠬᠠᠷᠢᠨ ᠨᠢᠭᠡ ᠨᠠᠰᠤᠨ ᠤ ᠶᠠᠪᠤᠳᠠᠯ ᠮᠥᠨ᠂ ᠪᠠᠶᠢᠩᠭᠤ ᠳᠠᠪᠳᠠᠵᠤ ᠪᠠᠶᠢᠩᠭᠤ ᠪᠣᠯᠪᠠᠰᠤᠷᠠᠵᠤ᠂ ᠪᠠᠶᠢᠩᠭᠤ ᠤᠬᠠᠵᠤ ᠪᠠᠶᠢᠩᠭᠤ ᠤᠷᠤᠭᠰᠢᠯᠠᠬᠤ ᠬᠡᠷᠡᠭᠲᠡᠢ᠂ ᠶᠠᠮᠠᠷᠪᠠ ᠴᠠᠭ ᠦᠶ᠎ᠠ ᠳᠤ ᠴᠦ ᠬᠡᠤᠨ ᠴᠥᠮ ᠬᠤᠪᠢᠷᠠᠰᠢ ᠦᠭᠡᠢ ᠡᠷᠡᠰ ᠪᠠᠲᠤ ᠪᠠᠶᠢᠵᠤ᠂ ᠶᠡᠭᠡ ᠰᠠᠯᠬᠢ ᠳᠠᠪᠠᠯᠭᠠᠨ ᠤ ᠰᠢᠯᠭᠠᠯᠲᠠ ᠶᠢ ᠳᠠᠭᠠᠭᠠᠵᠤ ᠳᠡᠶᠢᠯᠬᠦ ᠬᠡᠷᠡᠭᠲᠡᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠵᠠᠯᠠᠭᠤ ᠺᠠᠳ᠋ᠷᠴᠤᠳ ᠡᠷᠬᠡᠪᠰᠢ ᠠᠷᠢᠭᠤᠨ ᠴᠢᠬᠡᠴᠢ ᠪᠣᠯ ᠵᠢᠷᠭᠠᠯ ᠮᠥᠨ᠂ ᠬᠤᠪᠳᠤᠭ ᠰᠢᠨᠤᠬᠠᠢ ᠪᠣᠯ ᠭᠠᠢ ᠵᠣᠪᠠᠯᠠᠩ ᠮᠥᠨ ᠭᠡᠬᠦ ᠶᠣᠰᠣ ᠶᠢ ᠪᠠᠲᠤ ᠴᠡᠭᠡᠵᠢᠯᠡᠵᠦ᠂ ᠦᠷᠭᠦᠯᠵᠢ ᠨᠠᠮ ᠤᠨ ᠤᠨᠤᠯ ᠪᠣᠯᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠲᠠᠢ ᠬᠠᠷᠭᠤᠭᠤᠯᠵᠤ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠲᠠᠢ ᠬᠠᠷᠭᠤᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠲᠠᠢ ᠪᠠᠨ ᠬᠠᠷᠭᠤᠭᠤᠯᠵᠤ᠂ ᠵᠠᠷᠢᠮ ᠤᠴᠢᠷ ᠶᠠᠪᠤᠳᠠᠯ ᠢ ᠬᠢᠬᠦ ᠴᠢᠬᠤᠯᠠᠳᠠᠢ ᠡᠰᠡᠬᠦ᠂ ᠬᠢᠵᠦ ᠪᠤᠯᠬᠤ ᠡᠰᠡᠬᠦ ᠶᠢ ᠲᠣᠳᠣᠷᠬᠠᠢ ᠲᠠᠨᠢᠵᠤ᠂ ᠴᠠᠭ ᠢᠮᠠᠭᠲᠠ ᠪᠡᠶ᠎ᠡ ᠪᠠᠨ ᠬᠢᠴᠢᠶᠡᠨ ᠲᠤᠩᠭᠠᠨ ᠪᠤᠳᠤᠯᠬᠢᠯᠠᠵᠤ᠂ ᠰᠠᠬᠢᠯᠭ᠎ᠠ ᠪᠠᠲᠤ ᠬᠠᠤᠯᠢ ᠲᠦᠷᠢᠮ ᠢ ᠴᠢᠩᠭ᠎ᠠ ᠰᠠᠬᠢᠬᠤ ᠬᠡᠷᠡᠭᠲᠡᠢ᠃ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠳᠤ᠂ ᠬᠠᠮᠤᠭ ᠤᠨ ᠴᠢᠬᠤᠯᠠ ᠨᠢ ᠳᠣᠲᠣᠭᠠᠳᠤ ᠰᠡᠳᠭᠢᠯ ᠢᠶᠠᠨ ᠪᠠᠲᠤ ᠰᠠᠬᠢᠵᠤ᠂ ᠪᠠᠭ᠎ᠠ ᠶᠠᠪᠤᠳᠠᠯ ᠵᠢᠵᠢᠭ ᠤᠴᠢᠷ ᠠᠴᠠ ᠡᠬᠢᠯᠡᠨ ᠰᠠᠬᠢᠵᠤ᠂ ᠰᠡᠳᠭᠢᠯ ᠢᠶᠠᠨ ᠵᠠᠰᠠᠨ ᠶᠣᠰᠣ ᠤᠴᠢᠷ ᠢ ᠮᠡᠳᠡᠵᠦ᠂ ᠶᠣᠰᠣ ᠮᠣᠷᠠᠯ ᠢ ᠡᠷᠬᠢᠮᠯᠡᠨ ᠪᠡᠶ᠎ᠡ ᠪᠠᠨ ᠬᠦᠨᠳᠦᠳᠭᠡᠵᠦ᠂ ︽ᠦᠵᠡᠯ ᠰᠠᠨᠠᠭᠠᠨ ᠤ ᠲᠣᠭᠤᠰᠣ︾ ᠪᠠᠨ ᠦᠷᠭᠦᠯᠵᠢ ᠭᠦᠪᠢᠵᠦ᠂ ︽ᠬᠤᠪᠳᠤᠭ ᠰᠢᠨᠤᠯ ᠤᠨ ᠬᠤᠣᠷ ᠬᠦᠨᠦᠬᠡᠯ︾ ᠢ ᠢᠯᠡᠭᠦᠬᠡᠨ ᠪᠣᠳᠣᠯᠬᠢᠯᠠᠵᠤ᠂ ︽ᠰᠡᠳᠭᠢᠯ ᠳᠠᠬᠢ ᠬᠤᠯᠠᠭᠠᠶᠢᠴᠢ︾ ᠪᠠᠨ ᠦᠷᠭᠦᠯᠵᠢ ᠲᠡᠪᠴᠢᠵᠤ᠂ ᠮᠠᠭᠤᠬᠠᠢ ᠪᠤᠳᠤᠯ ᠢ ᠦᠯᠦ ᠡᠪᠦᠷᠯᠡᠬᠦ ᠪᠠᠯᠠᠢ ᠬᠢᠳᠡᠯ ᠢ ᠦᠯᠦ ᠦᠢᠯᠡᠳᠬᠦ  ᠶᠢ ᠪᠠᠳᠤᠯᠠᠬᠤ ᠬᠡᠷᠡᠭᠳᠠᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠺᠠᠳ᠋ᠷᠴᠤᠳ ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠳᠤ᠂ ᠱᠠᠳᠤ ᠱᠠᠳᠤ ᠪᠠᠷ ᠰᠡᠷᠭᠡᠶᠢᠯᠡᠨ᠂ ᠭᠠᠵᠠᠷ ᠪᠣᠯᠭᠠᠨ ᠳᠤ ᠰᠡᠷᠭᠡᠶᠢᠯᠡᠬᠦ ᠬᠡᠷᠡᠭᠲᠡᠢ᠃ ᠤᠯᠤᠰ ᠲᠦᠷᠦ ᠶᠢᠨ ᠪᠣᠭᠤᠮᠲᠠ ᠶᠢ ᠪᠠᠲᠤ ᠰᠠᠬᠢᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠵᠥᠪ ᠪᠤᠷᠤᠭᠤ ᠠᠰᠠᠭᠤᠳᠠᠯ ᠳᠡᠭᠡᠷ᠎ᠠ᠂ ᠤᠯᠤᠰ ᠲᠦᠷᠦ ᠶᠢᠨ ᠵᠠᠷᠴᠢᠮ ᠤᠨ ᠠᠰᠠᠭᠤᠳᠠᠯ ᠳᠡᠭᠡᠷ᠎ᠡ ᠲᠠᠷᠢᠬᠢ ᠲᠣᠯᠣᠭᠠᠢ ᠣᠨᠴᠠᠭᠠᠢ ᠰᠡᠷᠭᠡᠭ᠂ ᠵᠣᠭᠰᠣᠯᠲᠠ ᠣᠨᠴᠠᠭᠠᠢ ᠡᠷᠡᠰ ᠪᠠᠲᠤ ᠪᠠᠶᠢᠬᠤ ᠬᠡᠷᠡᠭᠲᠡᠢ᠂ ᠶᠠᠭᠠᠬᠢᠭᠰᠠᠨ ᠴᠤ ᠬᠤᠶᠠᠷ ᠨᠢᠭᠤᠷᠳᠠᠨ᠂ ᠬᠤᠶᠠᠷ ᠰᠡᠳᠭᠢᠯᠳᠡᠨ ᠪᠤᠯᠵᠤ ᠪᠣᠯᠬᠤ ᠦᠭᠡᠢ᠂ ᠶᠠᠭᠠᠬᠢᠭᠰᠠᠨ ᠴᠤ ᠨᠠᠮ ᠤᠨ ᠵᠠᠷᠴᠢᠮ ᠢᠶᠠᠷ ᠠᠷᠠᠯᠵᠢᠶ᠎ᠠ ᠬᠢᠵᠦ ᠪᠣᠯᠬᠤ ᠦᠭᠡᠢ᠃ ᠡᠷᠬᠡ ᠶᠢᠨ ᠪᠣᠭᠤᠮᠲᠠ ᠶᠢ ᠰᠠᠬᠢᠵᠤ᠂ ᠡᠷᠬᠡ ᠶᠢᠨ ᠲᠤᠬᠠᠢ ᠪᠢᠰᠢᠷᠡᠨ ᠵᠢᠷᠦᠬᠡᠰᠢᠶᠡᠬᠦ ᠰᠡᠳᠭᠢᠯᠭᠡ ᠪᠠᠨ ᠢᠮᠠᠭᠲᠠ ᠪᠠᠲᠤᠯᠠᠵᠤ᠂ ᠲᠥᠪ ᠭᠤᠣᠯᠴᠢ ᠪᠠᠷ ᠡᠷᠬᠡ ᠪᠠᠨ ᠬᠡᠷᠡᠭᠯᠡᠬᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ ᠠᠷᠠᠳ ᠤᠨ ᠲᠥᠯᠥᠭᠡ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠪᠠᠷᠢᠮᠲᠠᠯᠠᠬᠤ ᠬᠡᠷᠡᠭᠲᠡᠢ᠃ ᠶᠠᠪᠤᠯᠴᠠᠭᠠᠨ ᠤ ᠪᠣᠭᠤᠮᠲᠠ ᠶᠢ ᠰᠠᠬᠢᠵᠤ᠂ ᠶᠠᠪᠤᠯᠴᠠᠭᠠᠨ ᠳᠤ ᠡᠷᠬᠡᠪᠰᠢ ᠵᠠᠷᠴᠢᠮ ᠲᠠᠢ᠂ ᠶᠣᠰᠣ ᠳᠦᠷᠢᠮ ᠲᠠᠢ ᠪᠠᠶᠢᠵᠤ᠂ ᠨᠡᠶᠢᠭᠡᠮ ᠤᠨ ᠬᠠᠷᠢᠯᠴᠠᠭᠠᠨ ᠤ ᠬᠦᠷᠢᠶ᠎ᠡ᠂ ᠠᠮᠢᠳᠤᠷᠠᠯ ᠤᠨ ᠬᠦᠷᠢᠶ᠎ᠡ᠂ ᠨᠠᠶᠢᠵᠠ ᠶᠢᠨ ᠬᠦᠷᠢᠶ᠎ᠡ ᠪᠠᠨ ᠲᠠᠰᠤᠷᠠᠯᠲᠠ ᠦᠭᠡᠢ ᠴᠡᠪᠡᠷᠰᠢᠭᠦᠯᠬᠦ ᠬᠡᠷᠡᠭᠲᠡᠢ᠃ ᠠᠮᠢᠳᠤᠷᠠᠯ ᠤᠨ ᠪᠣᠭᠤᠮᠲᠠ ᠶᠢ ᠰᠠᠬᠢᠵᠤ᠂ ᠡᠷᠡᠭᠦᠯ ᠰᠠᠶᠢᠬᠠᠨ ᠳᠤᠷ᠎ᠠ ᠰᠣᠨᠢᠷᠬᠠᠯ ᠢ ᠬᠥᠮᠦᠵᠢᠭᠦᠯᠵᠦ᠂ ᠡᠭᠡᠯ ᠪᠣᠷᠣᠭᠵᠢᠭᠤᠨ ᠠᠮᠢᠳᠤᠷᠠᠯ ᠢ ᠡᠷᠬᠢᠮᠯᠡᠵᠦ᠂ ᠡᠪ ᠬᠠᠮᠲᠤᠴᠤᠳ ᠤᠨ ᠤᠤᠷ ᠴᠢᠨᠠᠷ ᠢᠶᠠᠨ ᠬᠠᠳᠠᠭᠠᠯᠠᠬᠤ ᠬᠡᠷᠡᠭᠲᠡᠢ᠃ ᠲᠥᠷᠥᠯ ᠰᠠᠳᠤᠨ ᠤ ᠬᠠᠷᠢᠴᠠᠭ᠎ᠠ ᠶᠢᠨ ᠪᠤᠭᠤᠮᠳᠠ ᠶᠢ ᠰᠠᠬᠢᠵᠤ᠂ ᠭᠡᠷ ᠤᠨ ᠰᠤᠷᠭᠠᠯ ᠭᠡᠷ ᠤᠨ ᠰᠤᠷᠲᠠᠯ ᠢ ᠴᠢᠩᠳᠠᠯᠠᠵᠤ᠂ ᠥᠪᠡᠷ ᠢᠶᠠᠨ ᠬᠡᠪ ᠳᠦᠷᠢᠮ ᠪᠣᠯᠬᠤ ᠮᠥᠷᠲᠡᠭᠡᠨ ᠪᠠᠰᠠ ᠲᠥᠷᠥᠯ ᠰᠠᠳᠤᠨ ᠦᠷ᠎ᠡ ᠬᠡᠦᠬᠡᠳ ᠢᠶᠠᠨ ᠴᠢᠩᠭ᠎ᠠ ᠬᠠᠷᠠᠵᠤ᠂ ᠴᠢᠩᠭ᠎ᠠ ᠬᠠᠮᠢᠶᠠᠷᠬᠤ ᠬᠡᠷᠡᠭᠲᠡᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠵᠠᠰᠠᠭ ᠤᠨ ᠠᠵᠢᠯ ᠤᠨ ᠪᠦᠲᠦᠮᠵᠢ ᠶᠢᠨ ᠵᠦᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠬᠦ ᠳᠤ ᠰᠢᠢᠳᠪᠦᠷᠢᠯᠡᠬᠦ ᠴᠢᠨᠠᠷᠲᠠᠢ ᠦᠢᠯᠡᠳᠦᠯ ᠦᠵᠡᠭᠦᠯᠬᠦ ᠨᠢ ᠨᠠᠮᠴᠢ ᠴᠢᠨᠠᠷ ᠪᠣᠯᠤᠨ᠎ᠠ᠃ ᠨᠠᠮᠴᠢ ᠴᠢᠨᠠᠷ ᠢᠶᠠᠷ ᠴᠢᠩᠭ᠎ᠠ ᠪᠠᠶᠢᠵᠤ᠂ ᠠᠮᠢᠨᠴᠢᠷ ᠰᠠᠨᠠᠭ᠎ᠠ ᠡᠯᠳᠡᠪ ᠤᠨ ᠪᠤᠳᠤᠯ ᠢᠶᠠᠨ ᠲᠠᠶᠠᠭᠳᠠᠪᠠᠯ ᠰᠠᠶ᠋ᠢ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠬᠠᠵᠠᠭᠠᠶᠢᠳᠠᠬᠤ ᠦᠭᠡᠢ ᠪᠠᠶᠢᠬᠤ ᠶᠢ ᠪᠠᠲᠤᠯᠠᠵᠤ ᠴᠢᠳᠠᠨ᠎ᠠ᠃ ᠠᠷᠠᠳ ᠲᠦᠮᠡᠨ ᠳᠤ ᠪᠤᠶᠠᠨ ᠦᠢᠯᠡᠳᠬᠦ ᠪᠣᠯ ᠬᠠᠮᠤᠭ ᠤᠨ ᠶᠡᠭᠡ ᠵᠠᠰᠠᠭ ᠤᠨ ᠠᠵᠢᠯ ᠤᠨ ᠪᠦᠲᠦᠮᠵᠢ ᠪᠣᠯᠬᠤ ᠶᠢ ᠡᠪ ᠬᠠᠮᠲᠤᠴᠤᠳ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ᠃ ᠪᠢᠳᠡ ᠠᠵᠢᠯ ᠢᠶᠠᠨ ᠲᠥᠯᠥᠪᠵᠢᠭᠦᠯᠦᠨ ᠠᠬᠢᠭᠤᠯᠬᠤ ᠳᠤ᠂ ᠵᠠᠪᠠᠯ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ ᠲᠦᠮᠡᠨ ᠳᠤ ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠡᠳ᠋ᠯᠡᠭᠦᠯᠬᠦ ᠶᠢ ᠪᠠᠷᠢᠮᠲᠠᠯᠠᠵᠤ᠂ ᠰᠠᠶᠢᠨ ᠶᠠᠪᠤᠳᠠᠯ ᠪᠣᠳᠠᠲᠤ ᠶᠠᠪᠤᠳᠠᠯ ᠢ ᠤᠯᠠᠨ ᠲᠦᠮᠡᠨ ᠤ ᠰᠡᠳᠭᠢᠯ ᠳᠤ ᠰᠠᠭᠤᠭᠳᠠᠳᠠᠯ᠎ᠠ ᠬᠢᠬᠦ ᠬᠡᠷᠡᠭᠲᠡᠢ᠃ ᠶᠠᠭᠤ ᠶᠢ ᠰᠠᠶᠢᠨ ᠶᠠᠪᠤᠳᠠᠯ ᠪᠣᠳᠠᠲᠤ ᠶᠠᠪᠤᠳᠠᠯ ᠭᠡᠬᠦ ᠶᠢ ᠤᠯᠠᠨ ᠲᠦᠮᠡᠨ ᠤ ᠦᠨᠳᠦᠰᠤᠨ ᠬᠡᠷᠡᠭᠴᠡᠭᠡ ᠠᠴᠠ ᠪᠣᠳᠣᠯᠬᠢᠯᠠᠬᠤ ᠠᠴᠠ ᠪᠢᠰᠢ᠂ ᠪᠠᠶᠠᠴᠢ ᠲᠠᠯ᠎ᠠ ᠠᠴᠠ ᠪᠠᠨ ᠲᠠᠭᠠᠮᠠᠭᠯᠠᠵᠤ ᠪᠣᠯᠬᠤ ᠦᠭᠡᠢ᠂ ᠳᠥᠭᠦᠮ ᠬᠢᠯᠪᠠᠷ ᠪᠣᠯᠭᠠᠵᠤ᠂ ᠥᠷᠥᠭᠡᠰᠦᠭᠡᠯ ᠲᠡᠯ᠎ᠡ ᠶᠢᠨ ᠪᠤᠯᠭᠠᠵᠤ ᠪᠣᠯᠬᠤ ᠦᠭᠡᠢ᠃ ᠬᠠᠮᠢᠭ᠎ᠠ ᠠᠷᠠᠳ ᠲᠦᠮᠡᠨ ᠤ ᠬᠡᠷᠡᠭᠴᠡᠭᠡ ᠪᠠᠶᠢᠪᠠᠯ ᠲᠡᠨᠳᠡ ᠳᠠᠷᠤᠢ ᠰᠠᠶᠢᠨ ᠶᠠᠪᠤᠳᠠᠯ ᠪᠣᠳᠠᠲᠤ ᠶᠠᠪᠤᠳᠠᠯ ᠬᠢᠵᠦ᠂ ᠲᠡᠨᠳᠡ ᠳᠠᠷᠤᠢ ᠠᠮᠵᠢᠯᠲᠠ ᠪᠦᠲᠦᠮᠵᠢ ᠭᠠᠷᠭᠠᠵᠤ ᠴᠢᠳᠠᠨ᠎ᠠ᠃ ᠠᠵᠢᠯ ᠤᠨ ᠪᠦᠲᠦᠮᠵᠢ ᠰᠠᠶᠢᠨ ᠪᠠᠶᠢᠬᠤ ᠡᠰᠡᠬᠦ ᠶᠢ ᠤᠯᠠᠨ ᠲᠦᠮᠡᠨ ᠳᠤ ᠦᠭᠬᠦᠭᠰᠡᠨ ᠪᠣᠳᠠᠲᠠᠢ ᠲᠦᠷᠦᠭᠳᠡᠯ ᠠᠴᠠ ᠦᠵᠡᠵᠦ᠂ ᠤᠯᠠᠨ ᠲᠦᠮᠡᠨ ᠢᠶᠠᠷ ᠦᠨᠡᠯᠡᠭᠦᠯᠬᠦ ᠬᠡᠷᠡᠭᠲᠡᠢ᠃ ᠵᠠᠷᠢᠮ ᠤᠴᠢᠷ ᠶᠠᠪᠤᠳᠠᠯ ᠨᠢ ᠰᠠᠶᠢᠨ ᠶᠠᠪᠤᠳᠠᠯ ᠪᠤᠳᠠᠳᠤ ᠶᠠᠪᠤᠳᠠᠯ ᠮᠥᠨ ᠡᠰᠡᠬᠦ ᠨᠢ ᠵᠥᠪᠬᠡᠨ ᠤᠯᠠᠨ ᠲᠦᠮᠡᠨ ᠤ ᠨᠢᠳᠤᠨ ᠡᠮᠦᠨᠡᠬᠢ ᠬᠡᠷᠡᠭᠴᠡᠭᠡ ᠶᠢ ᠦᠵᠡᠭᠡᠳ ᠪᠣᠯᠬᠤ ᠦᠭᠡᠢ᠂ ᠪᠠᠰᠠ ᠠᠷᠬᠠᠭ ᠭᠡᠮ ᠦᠯᠡᠳᠡᠭᠡᠬᠦ ᠡᠰᠡᠬᠦ᠂ ︽ᠨᠢᠭᠡ ᠠᠰᠠᠭᠤᠳᠠᠯ ᠢ ᠰᠢᠢᠳᠪᠦᠷᠢᠯᠡᠪᠡᠯ ᠠᠷᠪᠠᠨ ᠬᠠᠷᠠᠮᠰᠠᠯ ᠦᠯᠡᠳᠡᠭᠡᠬᠦ︾ ᠡᠰᠡᠬᠦ ᠶᠢ ᠦᠵᠡᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠨᠠᠮ ᠤᠨ ᠦᠨᠳᠦᠰᠦᠨ ᠱᠤᠭᠤᠮ ᠢ ᠪᠠᠷᠢᠮᠲᠠᠯᠠᠵᠤ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠬᠤ ᠬᠡᠷᠡᠭᠳᠠᠢ᠂ ᠭᠡᠪᠡᠴᠦ ᠰᠢᠨ᠎ᠡ ᠪᠠᠶᠢᠳᠠᠯ ᠳᠤᠤᠷᠠᠬᠢ ᠬᠦᠭᠵᠢᠯᠳᠡ ᠨᠢ ᠰᠢᠨ᠎ᠡ ᠱᠠᠬᠠᠶ ᠡᠮᠦᠰᠴᠦ ᠬᠠᠭᠤᠴᠢᠨ ᠵᠠᠮ ᠢᠶᠠᠷ ᠢᠶᠠᠨ ᠵᠠᠮᠨᠠᠵᠤ ᠪᠣᠯᠬᠤ ᠥᠬᠡᠶ᠂ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠠᠵᠢᠯ ᠤᠨ ᠠᠮᠵᠢᠯᠲᠠ ᠶᠢ ᠴᠥᠮ ᠬᠢᠵᠦ ᠪᠠᠶᠢᠭᠠᠳ ᠪᠦᠲᠦᠭᠡᠭᠰᠡᠨ ᠶᠤᠮ᠂ ᠦᠨᠡᠨ ᠬᠦ ᠪᠤᠳᠠᠳᠠᠢ ᠠᠵᠢᠯᠯᠠᠪᠠᠯ ᠰᠠᠶ᠋ᠢ ᠦᠨᠡᠨ ᠬᠦ ᠠᠮᠵᠢᠯᠲᠠ ᠪᠦᠲᠦᠮᠵᠢ ᠭᠠᠷᠭᠠᠵᠤ᠂ ᠵᠢᠩᠭᠢᠨᠢ ᠠᠮᠵᠢᠯᠲᠠ ᠪᠦᠲᠦᠮᠵᠢ ᠭᠠᠷᠭᠠᠵᠤ ᠴᠢᠳᠠᠨ᠎ᠠ᠃ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠨᠠᠮ ᠤᠨ ᠭᠡᠰᠢᠭᠦᠨ ᠺᠠᠳ᠋ᠷ ᠡᠷᠬᠡᠪᠰᠢ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠣᠳᠠᠲᠠᠢ ᠴᠢᠳᠡᠪᠦᠷᠢ ᠶᠢ ᠡᠷᠬᠢᠮᠯᠡᠵᠦ᠂ ᠪᠣᠳᠠᠲᠠᠢ ᠠᠷᠭ᠎ᠠ ᠬᠡᠮᠵᠢᠶ᠎ᠡ ᠭᠠᠷᠭᠠᠵᠤ᠂ ᠪᠣᠳᠠᠲᠠᠢ ᠦᠷ᠎ᠡ ᠪᠦᠲᠦᠮᠵᠢ ᠶᠢ ᠡᠷᠬᠢᠮᠯᠡᠵᠦ᠂ ᠴᠢᠳᠠᠮᠠᠭᠠᠢ ᠬᠢᠵᠦ ᠰᠠᠶᠢᠲᠤᠷ ᠪᠦᠲᠦᠭᠡᠵᠦ᠂ ᠤᠷᠢᠶ᠎ᠠ ᠬᠠᠰᠬᠢᠷᠬᠤ ᠮᠠᠶ᠋ᠢᠭ ᠤᠨ᠂ ᠣᠪᠣᠷ ᠢᠶᠠᠨ ᠢᠯᠡᠳᠭᠡᠬᠦ ᠮᠠᠶ᠋ᠢᠭ ᠤᠨ᠂ ᠴᠢᠮᠡᠭᠯᠡᠬᠦ ᠮᠠᠶ᠋ᠢᠭ ᠤᠨ ᠨᠠᠶᠢᠳᠠᠪᠤᠷᠢᠵᠢᠭᠤᠯᠬᠤ ᠠᠷᠭ᠎ᠠ ᠬᠢᠳᠡᠯ ᠢ ᠡᠷᠡᠰ ᠬᠤᠷᠢᠭᠯᠠᠬᠤ ᠬᠡᠷᠡᠭᠲᠡᠢ᠃ ᠲᠠᠷᠤᠢ ᠳᠤᠨᠢ ᠭᠦᠢᠴᠡᠳᠭᠡᠬᠦ ᠪᠠᠴᠢᠮ ᠡᠭᠦᠷᠭᠡ ᠶᠢ ᠪᠤᠯ᠂ ᠲᠠᠷᠤᠢ ᠳᠤᠨᠢ ᠬᠡᠯᠡᠵᠤ ᠲᠠᠷᠤᠢ ᠳᠤᠨᠢ ᠬᠦᠢᠴᠡᠳᠭᠡᠵᠤ᠂ ᠱᠠᠯᠠᠪᠳᠠᠨ ᠲᠦᠷᠭᠡᠨ ᠬᠢᠬᠦ ᠬᠡᠷᠡᠭᠲᠡᠢ᠂ ᠠᠯᠭᠤᠷᠯᠠᠵᠤ ᠤᠳᠠᠭᠠᠰᠢᠷᠠᠭᠤᠯᠤᠭᠠᠳ ᠪᠠᠶᠢᠵᠤ ᠪᠣᠯᠬᠤ ᠦᠭᠡᠢ᠃ ᠤᠷᠳᠤ ᠬᠤᠭᠤᠴᠠᠭᠠᠨ ᠤ ᠡᠭᠦᠷᠭᠡ ᠶᠢ ᠪᠤᠯ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠪᠣᠯᠤᠨ ᠲᠡᠰᠪᠦᠷᠢ ᠲᠡᠪᠴᠢᠶᠡᠷᠢ ᠲᠠᠢ ᠪᠠᠶᠢᠵᠤ᠂ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠨ ᠲᠦᠰᠦᠪᠯᠡᠵᠤ᠂ ᠲᠤᠰᠤᠯ ᠤᠰᠤ ᠪᠠᠷ ᠴᠢᠯᠠᠭᠤ ᠶᠢ ᠴᠤᠭᠤᠯᠵᠤ᠂ ᠤᠳᠠᠭᠠᠨ ᠳᠠᠭᠠᠭᠠᠮᠠᠭᠠᠢ ᠪᠠᠷᠢᠮᠲᠠᠯᠠᠬᠤ ᠬᠡᠷᠡᠭᠲᠡᠢ᠃ ᠨᠠᠷᠢᠯᠢᠭ ᠣᠨᠣᠪᠴᠢᠲᠠᠢ ᠰᠡᠳᠭᠢᠬᠦᠢ ᠪᠠᠨ ᠴᠢᠩᠭᠠᠳᠬᠠᠵᠤ᠂ ᠲᠦᠯᠦᠪᠵᠢᠭᠦᠯᠬᠦ ᠳᠡᠭᠡᠨ ᠶᠡᠭᠡ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠬᠡᠷᠡᠭᠵᠢᠭᠦᠯᠬᠦ ᠶᠠᠪᠤᠴᠠ ᠳᠠᠭᠠᠨ ᠨᠠᠷᠢᠯᠢᠭ ᠣᠨᠣᠪᠴᠢᠲᠠᠢ ᠬᠢᠵᠤ᠂ ᠬᠠᠳᠬᠤᠮᠠᠯ ᠬᠠᠳᠬᠤᠬᠤ ᠰᠢᠬ ᠤᠷᠠᠨ ᠨᠠᠷᠢᠯᠢᠭ ᠢᠶᠠᠷ ᠠᠵᠢᠯ ᠢᠶᠠᠨ ᠯᠠᠪᠳᠠᠭᠤᠨ ᠪᠠᠲᠤᠲᠠᠢ ᠬᠢᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠵᠠᠯᠠᠭᠤ ᠺᠠᠳ᠋ᠷᠴᠤᠳ ᠤᠳᠤᠷᠢᠳᠬᠤ ᠠᠵᠢᠯ ᠢ ᠡᠭᠦᠷᠭᠡᠯᠡᠬᠦ ᠳᠤ ᠡᠵᠡᠮᠰᠢᠬᠦ ᠴᠢᠬᠤᠯᠠᠲᠠᠢ ᠴᠢᠳᠠᠪᠤᠷᠢ ᠮᠠᠰᠢ ᠤᠯᠠᠨ ᠪᠠᠶᠢᠨ᠎ᠠ᠃ ᠬᠠᠮᠤᠭ ᠤᠨ ᠦᠨᠳᠦᠰᠦᠨ ᠴᠢᠳᠠᠪᠤᠷᠢ ᠪᠣᠯ ᠣᠨᠣᠯ ᠤᠨ ᠬᠡᠪ ᠪᠣᠯᠪᠠᠰᠤᠷᠠᠯ ᠪᠣᠯᠤᠨ᠎ᠠ᠃ ᠮᠠᠷᠺᠰ ᠤᠨ ᠦᠵᠡᠯ ᠤᠨ ᠵᠣᠭᠰᠣᠯᠲᠠ᠂ ᠦᠵᠡᠯᠲᠡ᠂ ᠠᠷᠭ᠎ᠠ ᠪᠣᠯ ᠠᠵᠢᠯ ᠢᠶᠠᠨ ᠰᠠᠶᠢᠲᠤᠷ ᠬᠢᠬᠦ ᠶᠢᠨ ᠬᠠᠮᠤᠭ ᠤᠨ ᠴᠢᠳᠠᠮᠠᠭᠠᠢ ᠡᠷᠳᠡᠮ ᠮᠥᠨ᠂ ᠪᠢᠳᠡᠨ ᠤ ᠶᠢᠷᠲᠢᠨᠴᠦ ᠶᠢ ᠲᠠᠨᠢᠬᠤ᠂ ᠶᠢᠷᠲᠢᠨᠴᠦ ᠶᠢ ᠥᠭᠡᠷᠡᠴᠢᠯᠡᠬᠦ ᠶᠢ ᠵᠢᠯᠣᠭᠤᠳᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠮᠥᠨ᠃ ᠨᠠᠮ ᠤᠨ ᠭᠡᠰᠢᠭᠦᠨ ᠺᠠᠳ᠋ᠷᠴᠤᠳ ᠵᠠᠪᠠᠯ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠤᠨᠤᠯ ᠤᠨ ᠰᠠᠭᠤᠷᠢ ᠪᠠᠨ ᠪᠠᠲᠤᠳᠬᠠᠵᠤ᠂ ᠤᠬᠠᠮᠰᠠᠷ ᠠᠴᠠ ᠪᠠᠨ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠰᠢᠨ᠎ᠡ ᠪᠠᠶᠢᠳᠠᠯ ᠢ ᠠᠵᠢᠭᠯᠠᠵᠤ᠂ ᠰᠢᠨ᠎ᠡ ᠪᠠᠶᠢᠳᠠᠯ ᠢ ᠰᠤᠳᠤᠯᠵᠤ᠂ ᠰᠢᠨ᠎ᠡ ᠠᠰᠠᠭᠤᠳᠠᠯ ᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢᠶᠠᠨ ᠵᠥᠪ ᠴᠢᠭᠯᠡᠯ ᠲᠡᠶᠢᠰᠢ᠂ ᠪᠤᠰᠤᠳᠴᠢ ᠵᠢᠮ᠎ᠡ ᠶᠣᠰᠣ ᠪᠠᠷ ᠠᠬᠢᠭᠤᠯᠬᠤ ᠬᠡᠷᠡᠭᠲᠡᠢ᠃ ᠤᠨᠤᠯ ᠪᠠ ᠦᠢᠯᠡᠳᠦᠯᠭᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠢᠯᠡᠳᠦᠯᠭᠡ ᠶᠢᠨ ᠳᠤᠮᠳᠠ ᠠᠴᠠ ᠵᠢᠩᠬᠢᠨᠢ ᠮᠡᠳᠡᠯᠭᠡ ᠰᠤᠷᠬᠤ᠂ ᠦᠨᠡᠨ ᠶᠣᠰᠣ ᠶᠢ ᠣᠶᠢᠯᠠᠭᠠᠬᠤ ᠶᠢ ᠴᠢᠬᠤᠯᠠᠴᠢᠯᠠᠵᠤ᠂ ᠳᠠᠪᠲᠠᠨ ᠪᠣᠯᠪᠠᠰᠤᠷᠠᠬᠤ ᠪᠠᠨ ᠴᠢᠩᠭᠠᠳᠬᠠᠵᠤ᠂ ᠡᠷᠳᠡᠮ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃ ᠡᠭᠦᠨ ᠤ ᠵᠠᠩᠭᠢᠯᠠᠭ᠎ᠠ ᠨᠢ ᠳᠠᠷᠤᠤ ᠬᠢᠴᠢᠶᠡᠩᠭᠦᠢ ᠪᠠᠶᠢᠵᠤ᠂ ᠳᠤᠷᠠᠲᠠᠶ᠎ᠠ ︽ᠪᠠᠭ᠎ᠠ ᠰᠤᠷᠭᠠᠭᠤᠯᠢ ᠶᠢᠨ ᠰᠤᠷᠤᠭᠴᠢ︾ ᠪᠤᠯᠵᠤ᠂ ᠮᠡᠳᠡᠬᠦ ᠦᠭᠡᠢ ᠪᠣᠯ ᠠᠰᠠᠭᠤᠵᠤ᠂ ᠳᠤᠤᠷᠠᠬᠢ ᠬᠦᠮᠦᠨ ᠠᠴᠠ ᠪᠠᠨ ᠠᠰᠠᠭᠤᠬᠤ ᠠᠴᠠ ᠢᠴᠢᠬᠦ ᠦᠭᠡᠢ ᠪᠠᠶᠢᠵᠤ᠂ ᠪᠡᠶᠡᠴᠢ ᠲᠠᠭᠠᠮᠠᠭᠯᠠᠯ ᠬᠢᠵᠦ᠂ ᠣᠪᠯᠠᠵᠦ ᠮᠡᠳᠡᠮᠡᠬᠡᠶᠢᠷᠡᠵᠦ ᠶᠠᠭᠠᠬᠢᠭᠰᠠᠨ ᠴᠤ ᠪᠣᠯᠬᠤ ᠦᠭᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠪᠦᠬᠦ ᠨᠠᠮ ᠢᠶᠠᠷ ᠢᠶᠠᠨ ᠡᠭᠦᠷᠭᠡᠯᠡᠯ ᠪᠠ ᠲᠡᠮᠡᠴᠡᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠪᠠᠯ ᠰᠠᠶ᠋ᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠤᠭ᠎ᠠ ᠬᠠᠷᠠᠯᠲᠠ ᠶᠢ ᠪᠡᠶᠡᠯᠡᠭᠦᠯᠵᠦ ᠴᠢᠳᠠᠨ᠎ᠠ᠃ ᠡᠭᠦᠷᠭᠡᠯᠡᠯ ᠪᠠ ᠲᠡᠮᠡᠴᠡᠯ ᠪᠣᠯ ᠨᠢᠭᠡ ᠵᠦᠢᠯ ᠤᠨ ᠵᠣᠷᠢᠭ ᠰᠠᠨᠠᠭ᠎ᠠ ᠮᠥᠨ᠂ ᠭᠤᠶᠠᠴᠢ ᠦᠭᠡᠢ ᠵᠠᠩ ᠰᠤᠷᠲᠠᠯ ᠪᠠ ᠰᠦᠷᠳᠡᠰᠢ ᠦᠭᠡᠢ ᠰᠥᠰᠥ ᠵᠣᠷᠢᠭ ᠢ ᠬᠠᠮᠤᠭ ᠠᠴᠠ ᠬᠡᠷᠡᠭᠰᠡᠨ᠎ᠡ᠃ ᠭᠤᠶᠠᠴᠢ ᠦᠭᠡᠢ ᠬᠥᠮᠦᠨ ᠠᠶᠤᠬᠤ ᠦᠭᠡᠢ᠂ ᠠᠶᠤᠬᠤ ᠦᠭᠡᠢ ᠬᠥᠮᠦᠨ ᠰᠠᠶ᠋ᠢ ᠡᠭᠦᠷᠭᠡᠯᠡᠵᠦ᠂ ᠲᠡᠮᠡᠴᠡᠵᠦ ᠴᠢᠳᠠᠨ᠎ᠠ᠃ ᠡᠭᠦᠷᠭᠡᠯᠡᠯ ᠪᠠ ᠲᠡᠮᠡᠴᠡᠯ ᠪᠣᠯ ᠨᠢᠭᠡ ᠵᠦᠢᠯ ᠤᠨ ᠬᠠᠷᠢᠭᠤᠴᠠᠯᠭ᠎ᠠ ᠮᠥᠨ᠂ ᠵᠣᠷᠢᠭᠲᠠᠢ ᠬᠠᠷᠢᠭᠤᠴᠠᠬᠤ ᠶᠢ ᠰᠠᠶ᠋ᠢ ᠵᠢᠩᠭᠢᠨᠢ ᠡᠭᠦᠷᠭᠡᠯᠡᠯ᠂ ᠵᠢᠩᠭᠢᠨᠢ ᠲᠡᠮᠡᠴᠡᠯ ᠬᠡᠵᠤ ᠬᠡᠯᠡᠨ᠎ᠡ᠃ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠠ ᠲᠣᠬᠢᠶᠠᠯ ᠤᠨ ᠡᠮᠦᠨ᠎ᠡ ᠰᠠᠨᠠᠭᠠᠴᠢᠯᠠᠭ᠎ᠠ ᠠᠴᠠ ᠪᠠᠨ ᠲᠡᠮᠡᠴᠡᠵᠦ᠂ ᠡᠷᠡᠭᠡᠯᠵᠡᠬᠦ ᠦᠭᠡᠢ᠂ ᠬᠠᠷᠠᠵᠤ ᠰᠠᠭᠤᠬᠤ ᠦᠭᠡᠢ ᠪᠠᠶᠢᠬᠤ ᠬᠡᠷᠡᠭᠲᠡᠢ︔ ᠬᠦᠴᠢᠷ ᠪᠡᠷᠬᠡᠰᠢᠶᠡᠯ ᠤᠨ ᠡᠮᠦᠨ᠎ᠡ ᠬᠦᠴᠢᠷ ᠢ ᠰᠥᠷᠦᠨ ᠤᠷᠤᠭᠰᠢᠯᠠᠵᠤ᠂ ᠬᠠᠷᠢᠯᠴᠠᠨ ᠲᠦᠯᠬᠢᠯᠴᠡᠬᠦ ᠦᠭᠡᠢ᠂ ᠵᠠᠶᠢᠯᠠᠬᠤ ᠦᠭᠡᠢ ᠪᠠᠶᠢᠬᠤ ᠬᠡᠷᠡᠭᠲᠡᠢ︔ ᠠᠶᠤᠯ ᠲᠦᠭᠰᠢᠭᠦᠷᠢ ᠶᠢ ᠢᠳᠡᠪᠬᠢᠲᠡᠢ ᠠᠷᠭᠠᠴᠠᠭᠠᠵᠤ᠂ ᠵᠢᠷᠦᠬᠡᠰᠢᠶᠡᠬᠦ ᠦᠭᠡᠢ᠂ ᠵᠠᠶᠢᠯᠠᠬᠤ ᠦᠭᠡᠢ ᠪᠠᠶᠢᠬᠤ ᠬᠡᠷᠡᠭᠲᠡᠢ᠃ ᠡᠭᠦᠷᠭᠡᠯᠡᠯ ᠪᠠ ᠲᠡᠮᠡᠴᠡᠯ ᠪᠣᠯ ᠨᠢᠭᠡ ᠵᠦᠢᠯ ᠤᠨ ᠪᠠᠶᠢᠷᠢᠰᠢᠯ ᠮᠥᠨ᠂ ᠬᠡᠰᠡᠭ ᠲᠠᠯ᠎ᠠ ᠨᠢ ᠪᠦᠬᠦ ᠲᠠᠯ᠎ᠠ ᠶᠢ ᠳᠠᠭᠠᠬᠤ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠶᠡᠭᠡ ᠲᠠᠯ᠎ᠠ ᠶᠢᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠨᠢ ᠨᠡᠩ ᠡᠷᠬᠢᠮ ᠨᠠᠨᠳᠢᠨ ᠶᠤᠮ᠃ ᠬᠡᠬᠦᠳᠡᠭ ᠰᠡᠳᠬᠢᠯ ᠳᠡᠭᠡᠨ ︽ᠤᠯᠤᠰ ᠤᠨ ᠶᠡᠭᠡ ᠶᠠᠪᠤᠳᠠᠯ︾ ᠢ ᠡᠪᠦᠷᠯᠡᠵᠤ᠂ ᠪᠦᠬᠦ ᠲᠠᠯ᠎ᠠ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠠᠰᠠᠭᠤᠳᠠᠯ ᠢ ᠪᠣᠳᠣᠯᠬᠢᠯᠠᠵᠤ᠂ ᠤᠴᠢᠷ ᠶᠠᠪᠤᠳᠠᠯ ᠢ ᠬᠢᠵᠦ᠂ ᠠᠯᠢᠪᠠ ᠠᠵᠢᠯ ᠳᠤ ᠴᠥᠮ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠤᠷᠢᠲᠠᠯ ᠪᠣᠯᠭᠠᠵᠤ᠂ ᠬᠡᠰᠡᠭ ᠲᠠᠯ᠎ᠠ ᠶᠢᠨ ᠠᠰᠢᠭ ᠲᠤᠰᠠ ᠶᠢᠨ ᠲᠥᠯᠥᠭᠡ ᠪᠦᠬᠦ ᠲᠠᠯ᠎ᠠ ᠶᠢᠨ ᠠᠰᠢᠭ ᠲᠤᠰᠠ ᠶᠢ ᠬᠤᠬᠢᠷᠠᠭᠤᠯᠵᠤ ᠪᠣᠯᠬᠤ ᠦᠭᠡᠢ᠂ ᠲᠦᠷ ᠴᠠᠭ ᠤᠨ ᠠᠰᠢᠭ ᠲᠤᠰᠠ ᠶᠢᠨ ᠲᠥᠯᠥᠭᠡ ᠦᠨᠳᠦᠰᠦᠨ ᠠᠰᠢᠭ ᠲᠤᠰᠠ ᠪᠠ ᠠᠯᠤᠰ ᠬᠡᠳᠦ ᠶᠢᠨ ᠠᠰᠢᠭ ᠲᠤᠰᠠ ᠶᠢ ᠬᠤᠬᠢᠷᠠᠭᠤᠯᠵᠤ ᠪᠣᠯᠬᠤ ᠦᠭᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠡᠳᠡᠭᠡᠷ ᠵᠢᠯ ᠤᠳ ᠲᠤ᠂ ᠪᠢᠳᠡ ᠡᠷᠬᠡᠪᠰᠢ ᠮᠠᠰᠢ ᠤᠯᠠᠨ ᠰᠢᠨ᠎ᠡ ᠲᠡᠦᠬᠡ ᠶᠢᠨ ᠣᠨᠴᠠᠯᠢᠭ ᠲᠠᠢ ᠠᠭᠤᠤ ᠶᠡᠭᠡ ᠲᠡᠮᠡᠴᠡᠯ ᠬᠢᠬᠦ ᠪᠠᠷ ᠪᠡᠯᠡᠳᠭᠡᠬᠦ ᠬᠡᠷᠡᠭᠲᠡᠢ ᠭᠡᠵᠦ ᠴᠢᠬᠤᠯᠠᠴᠢᠯᠠᠪᠠ᠂ ᠶᠠᠭ ᠡᠶᠢᠮᠦ ᠦᠵᠡᠯ ᠰᠠᠨᠠᠭᠠᠨ ᠤ ᠪᠡᠯᠡᠳᠭᠡᠯ ᠲᠠᠢ ᠪᠣᠯᠪᠠᠯ ᠪᠢᠳᠡ ᠰᠠᠶ᠋ᠢ ᠠᠯᠢ ᠤᠯᠠᠨ ᠠᠶᠤᠯ ᠲᠦᠭᠰᠢᠭᠦᠷᠢ ᠶᠢᠨ ᠰᠢᠯᠭᠠᠯᠲᠠ ᠶᠢ ᠯᠠᠪᠳᠠᠭᠤᠨ ᠢᠶᠠᠷ ᠠᠷᠭᠠᠴᠠᠭᠠᠵᠤ ᠴᠢᠳᠠᠨ᠎ᠠ᠃ ᠭᠠᠭᠴᠠ ᠬᠦ ᠠᠰ ᠲᠤᠯᠤᠨ ᠡᠷᠡᠯᠬᠡᠭᠯᠡᠨ ᠪᠠᠶᠢᠯᠳᠤᠵᠤ ᠢᠯᠠᠯᠳᠠ ᠤᠯᠬᠤ ᠣᠮᠤᠭ ᠵᠤᠷᠢᠭ ᠢᠶᠠᠷ ᠵᠣᠷᠢᠭᠲᠠᠶ ᠲᠡᠮᠡᠴᠡᠵᠦ᠂ ᠴᠢᠳᠠᠮᠠᠭᠠᠶ ᠲᠡᠮᠡᠴᠡᠪᠡᠯ ᠪᠢᠳᠡ ᠰᠠᠶ᠋ᠢ ᠨᠡᠷ᠎ᠡ ᠬᠦᠨᠳᠦ ᠪᠠᠨ ᠣᠯᠵᠤ᠂ ᠰᠠᠨᠠᠭᠠᠴᠢᠯᠠᠭᠠᠲᠤ ᠪᠠᠶᠢᠷᠢ ᠶᠢ ᠣᠯᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠦᠨᠡᠨ ᠬᠦ ᠬᠠᠮᠠᠭᠠᠯᠠᠵᠤ ᠴᠢᠳᠠᠨ᠎ᠠ ᠭᠡᠳᠡᠭ ᠢ ᠲᠤᠭ᠎ᠠ ᠲᠣᠮᠰᠢ ᠥᠬᠡᠶ ᠪᠣᠳᠠᠲᠤ ᠶᠠᠪᠤᠳᠠᠯ ᠪᠢᠳᠡᠨ ᠳᠤ ᠬᠡᠯᠡᠵᠦ ᠥᠭᠪᠡ᠃ ᠵᠠᠯᠠᠭᠤ ᠺᠠᠳ᠋ᠷᠴᠤᠳ ᠵᠠᠪᠠᠯ ᠨᠢᠷᠤᠭᠤ ᠭᠡᠳᠡᠶᠢᠵᠦ᠂ ᠡᠮᠦᠨ᠎ᠡ ᠨᠢ ᠭᠠᠪᠰᠢᠭᠠᠶᠢᠯᠠᠨ ᠲᠡᠮᠡᠴᠡᠵᠦ᠂ ᠲᠡᠮᠡᠴᠡᠯ ᠤᠨ ᠳᠤᠮᠳᠠ ᠰᠠᠯᠬᠢ ᠪᠣᠷᠣᠭᠠᠨ ᠢ ᠦᠩᠬᠡᠷᠡᠬᠦᠯᠵᠤ ᠂ ᠨᠢᠳᠦ ᠨᠡᠭᠡᠭᠡᠵᠤ ᠬᠠᠷᠠᠭ᠎ᠠ ᠪᠠᠨ ᠦᠷᠬᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠯᠢ ᠤᠯᠠᠨ ᠲᠥᠪᠯᠡᠷᠡᠩᠭᠦᠢ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠤ ᠴᠢᠬᠤᠯᠠ ᠨᠢᠭᠡ ᠵᠣᠷᠢᠯᠭ᠎ᠠ ᠪᠣᠯ ᠳᠠᠷᠤᠢ ᠪᠦᠬᠦ ᠨᠠᠮ ᠢ ᠬᠥᠮᠦᠵᠢᠭᠦᠯᠦᠨ ᠵᠢᠯᠣᠭᠤᠳᠴᠤ ᠳᠤᠮᠳᠠᠳᠤ ᠤᠯᠤᠰ ᠤᠨ ᠡᠪ ᠬᠠᠮᠲᠤ ᠨᠠᠮ ᠭᠡᠭᠴᠢ ᠶᠠᠭᠤ ᠪᠣᠯᠬᠤ᠂ ᠶᠠᠭᠤ ᠬᠢᠬᠦ ᠭᠡᠬᠦ ᠡᠨᠡ ᠬᠦ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠭᠦᠯᠵᠦ᠂ ᠨᠠᠮ ᠪᠣᠯᠤᠨ ᠠᠷᠠᠳ ᠲᠦᠮᠡᠨ ᠤ ᠴᠢᠰᠤ ᠮᠢᠬᠠᠨ ᠤ ᠬᠠᠷᠢᠴᠠᠭ᠎ᠠ ᠶᠢ ᠢᠮᠠᠭᠲᠠ ᠪᠠᠲᠤᠯᠠᠪᠠ᠃ ᠨᠠᠮ ᠤᠨ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠬᠤ ᠳᠤ ᠡᠩ ᠲᠡᠷᠢᠭᠦᠨ ᠳᠤ ᠣᠯᠠᠨ ᠲᠦᠮᠡᠨ ᠳᠤ ᠬᠠᠶᠢᠷ᠎ᠠ ᠰᠡᠳᠭᠢᠯᠭᠡ ᠲᠠᠢ ᠪᠠᠶᠢᠵᠤ᠂ ᠥᠪᠡᠷ ᠢ ᠪᠠᠨ ᠦᠨᠡᠨ ᠬᠦ ᠤᠯᠠᠨ ᠲᠦᠮᠡᠨ ᠤ ᠨᠢᠭᠡ ᠭᠡᠰᠢᠭᠦᠨ ᠢᠶᠠᠷ ᠦᠵᠡᠵᠦ᠂ ᠤᠯᠠᠨ ᠲᠦᠮᠡᠨ ᠤ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠬᠤ ᠬᠡᠷᠡᠭᠲᠡᠢ᠃ ᠰᠢᠨ᠎ᠡ ᠪᠠᠶᠢᠳᠠᠯ ᠳᠣᠣᠷᠠᠬᠢ ᠤᠯᠠᠨ ᠲᠦᠮᠡᠨ ᠤ ᠠᠵᠢᠯ ᠤᠨ ᠣᠨᠴᠠᠯᠢᠭ ᠪᠠ ᠵᠢᠮ᠎ᠡ ᠶᠣᠰᠣ ᠶᠢ ᠭᠦᠨᠵᠡᠭᠡᠢ ᠰᠤᠳᠤᠯᠤᠨ ᠣᠨᠣᠪᠴᠢᠲᠠᠢ ᠡᠵᠡᠮᠰᠢᠵᠦ᠂ ᠤᠯᠠᠨ ᠲᠦᠮᠡᠨ ᠤ ᠠᠵᠢᠯ ᠤᠨ ᠠᠷᠭ᠎ᠠ ᠶᠢ ᠰᠠᠶᠢᠵᠢᠷᠠᠭᠤᠯᠤᠨ᠂ ᠤᠯᠠᠨ ᠲᠦᠮᠡᠨ ᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠯ ᠪᠣᠯ ᠭᠠᠷ ᠲᠤ ᠬᠦᠷᠭᠡᠵᠦ ᠢᠷᠡᠭᠰᠡᠨ ᠤᠯᠠᠨ ᠲᠦᠮᠡᠨ ᠤ ᠠᠵᠢᠯ ᠮᠥᠨ᠂ ᠵᠠᠬᠢᠳᠠᠯ ᠰᠤᠷᠪᠤᠯᠵᠢᠯᠠᠯ ᠤᠨ ᠠᠷᠭ᠎ᠠ ᠵᠠᠮ ᠢᠶᠠᠷ ᠳᠠᠮᠵᠢᠭᠤᠯᠤᠨ ᠤᠯᠠᠨ ᠲᠦᠮᠡᠨ ᠤ ᠬᠦᠰᠡᠯ ᠡᠷᠡᠮᠡᠯᠵᠡᠯ ᠪᠠ ᠭᠤᠶᠤᠴᠢᠯᠠᠯ ᠱᠠᠭᠠᠷᠳᠠᠯᠭ᠎ᠠ ᠶᠢ ᠲᠣᠳᠣᠷᠬᠠᠢ ᠣᠶᠢᠯᠠᠭᠠᠵᠤ᠂ ᠠᠵᠢᠯ ᠤᠨ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠨ ᠡᠷᠢᠨ ᠣᠯᠵᠤ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠬᠠᠯᠠᠨ ᠰᠠᠶᠢᠵᠢᠷᠠᠭᠤᠯᠵᠤ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠬᠦ ᠬᠡᠷᠡᠭᠲᠡᠢ᠃ ᠤᠳᠤᠷᠢᠳᠬᠤ ᠺᠠᠳ᠋ᠷᠴᠤᠳ ᠰᠦᠯᠵᠢᠶ᠎ᠡ ᠶᠢ ᠰᠤᠷᠴᠤ᠂ ᠰᠦᠯᠵᠢᠶ᠎ᠡ ᠶᠢ ᠤᠶᠢᠯᠠᠭᠠᠵᠤ᠂ ᠰᠦᠯᠵᠢᠶ᠎ᠡ ᠶᠢ ᠬᠡᠷᠡᠭᠯᠡᠵᠦ᠂ ᠣᠯᠠᠨ ᠲᠦᠮᠡᠨ ᠤ ᠬᠦᠰᠡᠯ ᠪᠣᠳᠣᠯ ᠢ ᠤᠶᠢᠯᠠᠭᠠᠨ᠂ ᠰᠠᠶᠢᠨ ᠪᠣᠳᠣᠯ ᠰᠠᠶᠢᠨ ᠰᠠᠨᠠᠭᠤᠯᠭ᠎ᠠ ᠶᠢ ᠴᠤᠭᠯᠠᠭᠤᠯᠵᠤ᠂ ᠰᠦᠯᠵᠢᠶᠡᠨ ᠢᠷᠭᠡᠳ ᠤᠨ ᠠᠩᠬᠠᠷᠤᠯ ᠳᠤ ᠢᠳᠡᠪᠬᠢᠲᠡᠶ ᠬᠠᠷᠢᠭᠤ ᠥᠭᠬᠦ ᠬᠡᠷᠡᠭᠲᠡᠶ᠃ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠰᠦᠯᠵᠢᠶ᠎ᠠ ᠪᠠ ᠪᠤᠳᠠᠳᠤ ᠴᠤᠭᠴᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢᠨ᠎ᠡ ᠪᠠᠷ ᠠᠵᠢᠯ ᠣᠯᠤᠭᠰᠠᠨ ᠬᠥᠮᠦᠰ ᠤᠨ ᠦᠵᠡᠯ ᠰᠠᠨᠠᠭ᠎ᠠ ᠶᠢ ᠬᠥᠲᠥᠯᠥᠨ ᠵᠢᠯᠣᠭᠤᠳᠬᠤ ᠪᠠ ᠨᠢᠭᠲᠠᠷᠠᠭᠤᠯᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃      ᠴᠧᠨ ᠰᠢ ᠬᠢᠴᠢᠶᠠᠯ ᠡᠬᠢᠯᠡᠬᠦ ᠶᠣᠰᠣᠯᠠᠯ ᠢ ᠡᠷᠬᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠳᠤ ᠵᠠᠯᠠᠭᠤ ᠺᠠᠳ᠋ᠷᠴᠤᠳ ᠲᠤ ᠲᠠᠯᠪᠢᠭᠰᠠᠨ ᠴᠢᠩ ᠰᠡᠳᠭᠢᠯ ᠤᠨ ᠬᠦᠰᠡᠯ ᠡᠷᠡᠮᠡᠯᠵᠡᠯ ᠠᠭᠤᠯᠤᠭᠳᠠᠵᠤ᠂ ᠥᠷᠭᠡᠨ ᠤᠯᠠᠨ ᠵᠠᠯᠠᠭᠤ ᠺᠠᠳ᠋ᠷᠴᠤᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠴᠢᠷᠮᠠᠶᠢᠬᠤ ᠴᠢᠭᠯᠡᠯ ᠢ ᠲᠣᠳᠣᠷᠬᠠᠢ ᠵᠢᠭᠠᠨ ᠦᠭᠴᠡᠢ ᠂ ᠭᠦᠨᠵᠡᠭᠡᠢ ᠰᠤᠷᠤᠯᠴᠠᠨ ᠣᠶᠢᠯᠠᠭᠠᠵᠤ᠂ ᠦᠨᠡᠨ ᠬᠦ ᠰᠡᠳᠭᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠲᠡᠭᠡᠷ᠎ᠡ ᠪᠠᠨ ᠢᠯᠡᠷᠡᠭᠦᠯᠬᠦ ᠬᠡᠷᠡᠭᠲᠡᠢ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠨᠠᠭᠰᠢᠳᠠ ᠰᠠᠶᠢᠲᠤᠷ ᠣᠶᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢ ᠬᠢᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠬᠦ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠳᠡᠭᠡᠳᠦ ᠬᠡᠮᠵᠢᠶᠡᠨ ᠤ ᠤᠬᠠᠮᠰᠠᠷ ᠪᠣᠯᠭᠠᠨ ᠬᠤᠪᠢᠷᠠᠭᠤᠯᠵᠤ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠢᠯᠡᠳᠭᠡᠪᠡ᠃      ᠳ᠋ᠢᠩ ᠰᠢᠤᠸᠠᠢ ᠰᠢᠶᠠᠩ᠂ ᠬᠤᠸᠠᠩ ᠺᠦᠨ ᠮᠢᠩ ᠬᠢᠴᠢᠶᠡᠯ ᠡᠬᠢᠯᠡᠬᠦ ᠶᠣᠰᠣᠯᠠᠯ ᠳᠤ ᠣᠷᠣᠯᠴᠠᠪᠠ᠃      2022 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠰᠤᠷᠤᠯᠭᠠᠲᠠᠳ ᠬᠢᠴᠢᠶᠡᠯ ᠡᠬᠢᠯᠡᠬᠦ ᠶᠣᠰᠣᠯᠠᠯ ᠳᠤ ᠣᠷᠣᠯᠴᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠢᠴᠢᠶᠡᠯ ᠡᠬᠢᠯᠡᠬᠦ ᠶᠣᠰᠣᠯᠠᠯ ᠳᠤ ᠰᠤᠯᠠ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号