ᠬᠠᠩᠰᠢ ᠶᠢᠨ ᠡᠳᠦᠷ ᠤᠨ ᠳᠠᠬᠢᠯᠭ᠎ᠠ ᠳᠤ ᠪᠢᠳᠡ ᠰᠠᠨᠠᠭᠠᠴᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2022/4/1
ᠥᠷᠭᠡᠨ ᠤᠯᠠᠨ ᠠᠷᠠᠳ ᠲᠦᠮᠡᠨ ᠲᠠᠨ᠎ᠠ᠄ᠬᠠᠩᠰᠢ ᠶᠢᠨ ᠡᠳᠦᠷ ᠪᠣᠯ ᠬᠠᠭᠤᠴᠢᠨ ᠨᠠᠶᠢᠵᠠ ᠪᠠᠨ ᠳᠤᠷᠠᠰᠤᠨ ᠰᠠᠨᠠᠭᠠᠯᠵᠠᠬᠤ᠂ ᠭᠠᠰᠢᠭᠤᠳᠠᠯ ᠢᠶᠠᠨ ᠢᠯᠡᠳᠬᠡᠬᠦ ᠤᠯᠠᠮᠵᠢᠯᠠᠯᠲᠤ ᠪᠠᠶᠠᠷ ᠤᠨ ᠡᠳᠦᠷ ᠪᠣᠯᠬᠤ ᠪᠥᠭᠡᠳ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠭᠠᠯ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠴᠠᠭ ᠬᠤᠭᠤᠴᠠᠭ᠎ᠠ ᠪᠣᠯᠣᠨ᠎ᠠ᠃ᠵᠠᠩ ᠵᠠᠩᠰᠢᠯ ᠢᠶᠠᠷ ᠪᠣᠯ᠂ ᠬᠠᠩᠰᠢ ᠶᠢᠨ ᠡᠳᠦᠷ ᠪᠣᠯᠬᠤ ᠪᠦᠷᠢ᠂ ᠬᠥᠮᠥᠰ ᠪᠤᠯᠠᠰᠢᠨ ᠳᠤ ᠭᠠᠷᠴᠤ ᠴᠠᠭᠠᠰᠤ ᠰᠢᠲᠠᠭᠠᠬᠤ᠂ ᠬᠦᠵᠢ ᠵᠤᠯᠠ ᠠᠰᠠᠭᠠᠬᠤ ᠵᠡᠷᠭᠡ ᠠᠷᠭ᠎ᠠ ᠪᠠᠷ ᠨᠥᠭᠴᠢᠭᠰᠡᠳ ᠤᠨ ᠲᠥᠷᠥᠯ ᠰᠠᠳᠤᠨ ᠢᠶᠠᠨ ᠳᠠᠭᠢᠵᠤ᠂ ᠮᠥᠷᠥᠭᠡᠳᠦᠨ ᠰᠠᠨᠠᠭᠠᠯᠵᠠᠬᠤ ᠰᠡᠳᠬᠢᠯᠭᠡ ᠪᠠᠨ ᠢᠯᠡᠳᠬᠡᠳᠡᠭ᠃ᠡᠶᠢᠮᠦᠷᠬᠦ ᠠᠷᠭ᠎ᠠ ᠮᠠᠶ᠋ᠢᠭ ᠨᠢ ᠣᠷᠴᠢᠨ ᠠᠬᠤᠢ ᠶᠢ ᠪᠣᠬᠢᠷᠲᠤᠭᠤᠯᠬᠤ ᠮᠥᠷᠲᠡᠭᠡᠨ ᠪᠠᠰᠠ ᠤᠢ ᠰᠢᠭᠤᠢ ᠶᠢᠨ ᠭᠠᠯ ᠤᠨ ᠠᠶᠤᠯ ᠢ ᠠᠮᠠᠷᠬᠠᠨ ᠡᠭᠦᠰᠬᠡᠵᠦ᠂ ᠤᠢ ᠰᠢᠭᠤᠢ ᠶᠢᠨ ᠡᠬᠢ ᠪᠠᠶᠠᠯᠢᠭ ᠪᠠ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠳᠠᠭ᠃ᠬᠠᠩᠰᠢ ᠶᠢᠨ ᠡᠳᠦᠷ ᠤᠨ ᠠᠮᠤᠷ ᠲᠦᠪᠰᠢᠨ᠂ ᠪᠣᠯᠪᠠᠰᠤᠨ᠂ ᠪᠣᠬᠢᠷᠳᠤᠯ ᠦᠭᠡᠢ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠪᠠᠲᠤᠯᠠᠬᠤ ᠶᠢᠨ ᠲᠥᠯᠥᠭᠡ᠂ ᠱᠢ ᠭᠤᠸᠠᠢ ᠲᠣᠭᠤᠷᠢᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ   ᠠᠴᠠ ᠥᠷᠭᠡᠨ ᠣᠯᠠᠨ ᠠᠷᠠᠳ ᠲᠦᠮᠡᠨ ᠳᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄ᠨᠢᠭᠡ᠂ ᠤᠷᠢᠳᠴᠢᠯᠠᠨ ᠪᠣᠯᠵᠣᠵᠤ ᠳᠠᠬᠢᠬᠤ᠂ ᠰᠦᠯᠵᠢᠶ᠎ᠡ ᠪᠠᠷ ᠳᠠᠬᠢᠬᠤ᠃ᠬᠥᠮᠥᠨ ᠴᠤᠭᠯᠠᠬᠤ   ᠠᠴᠠ ᠵᠠᠶᠢᠯᠠᠰᠬᠢᠵᠦ᠂ ᠪᠣᠯᠵᠤᠭ᠎ᠠ ᠪᠠᠷ ᠴᠠᠭ   ᠢ ᠵᠥᠷᠢᠭᠦᠯᠦᠨ ᠣᠷᠭᠢᠯ   ᠢ ᠵᠥᠷᠢᠭᠦᠯᠵᠦ᠂ ᠣᠪᠣᠭᠠᠯᠠᠬᠤ   ᠠᠴᠠ ᠵᠠᠶᠢᠯᠠᠰᠬᠢᠵᠦ᠂ ᠲᠠᠬᠢᠯᠭ᠎ᠠ   ᠶᠢᠨ ᠠᠮᠤᠷ ᠲᠦᠪᠰᠢᠨ   ᠢ ᠪᠠᠲᠤᠯᠠᠨ᠎ᠠ᠃ᠰᠦᠯᠵᠢᠶᠡᠨ ᠤ ᠲᠠᠬᠢᠯᠭ᠎ᠠ ᠪᠠᠷ ᠳᠡᠮᠵᠢᠨ ᠨᠠᠰᠤ ᠨᠥᠭᠴᠢᠭᠰᠡᠨ ᠲᠥᠷᠥᠯ ᠰᠠᠳᠤᠨ ᠢᠶᠠᠨ ᠳᠤᠷᠠᠰᠤᠨ ᠰᠠᠨᠠᠭᠠᠯᠵᠠᠵᠤ᠂ ᠪᠤᠰᠤᠳ ᠲᠠᠢ ᠨᠢᠭᠲᠠ ᠬᠠᠷᠢᠯᠴᠠᠬᠤ   ᠠᠴᠠ ᠵᠠᠶᠢᠯᠠᠰᠬᠢᠵᠦ᠂ ᠲᠤᠬᠠᠢ   ᠶᠢᠨ ᠲᠠᠯᠠᠪᠤᠷ ᠤᠨ ᠲᠠᠬᠢᠯᠭ᠎ᠠ   ᠶᠢ ᠪᠠᠭᠠᠰᠬᠠᠨ᠎ᠠ᠃ᠬᠤᠶᠠᠷ᠂ ᠬᠠᠭᠤᠴᠢᠨ ᠳᠠᠳᠬᠠᠯ ᠢᠶᠠᠨ ᠲᠠᠶᠠᠭᠳᠠᠵᠤ᠂ ᠪᠣᠯᠪᠠᠰᠤᠨ ᠢᠶᠠᠷ ᠳᠠᠬᠢᠬᠤ ᠬᠡᠷᠡᠭᠲᠡᠢ᠃ᠪᠤᠯᠠᠰᠢᠨ ᠳᠤ ᠭᠠᠷᠴᠤ ᠴᠠᠭᠠᠰᠤ ᠰᠢᠲᠠᠭᠠᠬᠤ᠂ ᠬᠦᠵᠢ ᠠᠰᠠᠭᠠᠬᠤ᠂ ᠫᠤᠤᠵᠢᠩ ᠲᠠᠯᠪᠢᠬᠤ ᠵᠡᠷᠭᠡ ᠳᠠᠬᠢᠯᠭ᠎ᠠ ᠳᠤ ᠭᠠᠯ ᠬᠡᠷᠡᠭᠯᠡᠬᠦ ᠵᠠᠩᠰᠢᠯ ᠢ ᠤᠬᠠᠮᠰᠠᠷ ᠠᠴᠠ ᠪᠠᠨ ᠲᠠᠶᠠᠭᠳᠠᠵᠤ᠂ ᠨᠢᠭᠡ ᠪᠠᠭᠴᠠ ᠴᠡᠴᠡᠭ ᠬᠦᠷᠭᠡᠬᠦ᠂ ᠨᠢᠭᠡ ᠰᠠᠭᠤᠷᠢ ᠮᠣᠳᠣ ᠲᠠᠷᠢᠬᠤ᠂ ᠨᠢᠭᠡ ᠬᠤᠨᠳᠠᠭ᠎ᠠ ᠠᠷᠢᠬᠢ ᠪᠠᠷᠢᠬᠤ᠂ ᠨᠢᠭᠡ ᠤᠳᠠᠭ᠎ᠠ ᠶᠢᠨ ᠤᠩᠭᠤᠨ ᠤ ᠬᠥᠰᠢᠶ᠎ᠡ ᠶᠢ ᠴᠡᠪᠡᠷᠯᠡᠬᠦ ᠵᠡᠷᠭᠡ ᠭᠠᠯ ᠦᠭᠡᠢ᠂ ᠤᠲᠤᠭ᠎ᠠ ᠦᠭᠡᠢ᠂ ᠪᠣᠬᠢᠷᠳᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ ᠳᠠᠬᠢᠯᠭ᠎ᠠ ᠶᠢᠨ ᠬᠡᠯᠪᠡᠷᠢ ᠪᠠᠷ ᠭᠠᠰᠢᠭᠤᠳᠠᠯ ᠢᠶᠠᠨ ᠢᠯᠡᠳᠬᠡᠵᠦ᠂ ᠤᠯᠠᠮᠵᠢᠯᠠᠯ ᠢᠶᠠᠨ ᠪᠠᠳᠠᠷᠠᠭᠤᠯᠵᠤ᠂ ᠪᠦᠬᠦ ᠨᠡᠶᠢᠭᠡᠮ ᠳᠤ ᠪᠣᠯᠪᠠᠰᠤᠨ ᠳᠠᠬᠢᠯᠭ᠎ᠠ ᠶᠢᠨ ᠰᠢᠨ᠎ᠡ ᠬᠡᠪ ᠰᠤᠷᠲᠠᠯ ᠢ ᠪᠦᠷᠢᠯᠳᠦᠭᠦᠯᠦᠨ᠎ᠡ᠃ᠭᠤᠷᠪᠠ᠂ ᠰᠢᠭᠤᠶᠢᠲᠤ ᠣᠷᠣᠨ ᠳᠤ ᠣᠷᠣᠬᠤ ᠳᠠᠭᠠᠨ ᠭᠠᠯ ᠤᠨ ᠲᠦᠷᠦᠯ ᠢ ᠠᠪᠴᠤ ᠶᠠᠪᠤᠵᠤ ᠪᠣᠯᠬᠤ ᠦᠭᠡᠢ᠃ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠣᠭᠲᠠᠭᠠᠯ ᠢ ᠤᠬᠠᠮᠰᠠᠷ   ᠠᠴᠠ ᠪᠠᠨ ᠵᠢᠷᠤᠮᠯᠠᠨ ᠰᠠᠬᠢᠵᠤ᠂ ᠭᠠᠯ ᠤᠨ ᠲᠥᠷᠥᠯ ᠪᠠ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠢ ᠣᠶᠢᠲᠤ ᠭᠠᠵᠠᠷ ᠨᠤᠲᠤᠭ ᠪᠡᠯᠴᠢᠭᠡᠷ ᠲᠤ ᠠᠪᠴᠤ ᠣᠷᠣᠬᠤ ᠦᠭᠡᠢ᠂ ᠣᠶ ᠰᠢᠭᠤᠢ ᠨᠤᠲᠤᠭ ᠪᠡᠯᠴᠢᠭᠡᠷ ᠤᠨ ᠣᠷᠣᠨ ᠪᠦᠰᠡ ᠳᠤ ᠲᠣᠭᠲᠠᠭᠠᠯ   ᠠᠴᠠ ᠵᠥᠷᠢᠴᠡᠨ ᠭᠠᠯ ᠬᠡᠷᠡᠭᠯᠡᠬᠦ ᠦᠭᠡᠢ ᠪᠠᠶᠢᠵᠤ᠂ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ᠂ ᠬᠤᠸᠠᠷ ᠫᠤᠤᠵᠢᠩ ᠲᠠᠯᠪᠢᠬᠤ᠂ ᠬᠦᠵᠢ ᠠᠰᠠᠭᠠᠬᠤ᠂ ᠴᠠᠭᠠᠰᠤ ᠰᠢᠲᠠᠭᠠᠬᠤ᠂ ᠡᠰᠢ ᠰᠦᠷᠡᠯ ᠰᠢᠲᠠᠭᠠᠬᠤ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ᠳᠥᠷᠪᠡ᠂ ᠰᠡᠷᠭᠡᠶᠢᠯᠡᠯᠲᠡ ᠪᠠᠨ ᠴᠢᠩᠭᠠᠳᠬᠠᠵᠤ᠂ ᠬᠠᠷᠢᠯᠴᠠᠨ ᠬᠢᠨᠠᠯᠲᠠ ᠲᠠᠯᠪᠢᠬᠤ ᠬᠡᠷᠡᠭᠲᠡᠢ᠃ᠤᠬᠠᠮᠰᠠᠷ ᠠᠴᠠ ᠪᠠᠨ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭᠠᠨ ᠤ ᠤᠯᠠᠭᠠᠨ ᠱᠤᠭᠤᠮ ᠢ ᠪᠠᠲᠤ ᠪᠠᠶᠢᠭᠤᠯᠵᠤ᠂ ᠥᠪᠡᠷ ᠤᠨ ᠦᠢᠯᠡ ᠠᠵᠢᠯᠯᠠᠭ᠎ᠠ ᠪᠠᠨ ᠴᠢᠩᠭ᠎ᠠ ᠬᠢᠵᠠᠭᠠᠷᠯᠠᠬᠤ ᠶᠢᠨ ᠬᠠᠮᠲᠤ ᠬᠠᠷᠢᠯᠴᠠᠨ ᠬᠢᠨᠠᠯᠲᠠ ᠲᠠᠯᠪᠢᠬᠤ ᠶᠢ ᠰᠠᠶᠢᠲᠤᠷ ᠬᠢᠵᠦ᠂ ᠢᠯᠠᠩᠭᠤᠶ᠎ᠠ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠶᠢᠴᠤᠳ᠂ ᠨᠠᠰᠤᠨ ᠳᠤ ᠦᠯᠦ ᠬᠦᠷᠦᠭᠰᠡᠳ ᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠮᠠᠩᠬᠤᠤ᠂ᠳᠦᠯᠡᠢ᠂ ᠶᠠᠪᠠ᠂ ᠮᠡᠳᠡᠷᠡᠯ ᠤᠨ ᠡᠪᠡᠳᠴᠢᠲᠡᠨ ᠵᠡᠷᠭᠡ ᠣᠨᠴᠠᠭᠠᠢ ᠬᠥᠮᠥᠰ ᠢ ᠬᠢᠨᠠᠨ ᠬᠠᠮᠠᠭᠠᠯᠠᠵᠤ ᠬᠢᠨᠠᠨ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃ᠲᠠᠪᠤ᠂ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠲᠦᠷᠭᠡᠨ ᠲᠤᠰᠬᠠᠯ ᠭᠠᠷᠭᠠᠬᠤ ᠬᠡᠷᠡᠭᠲᠡᠢ᠃ᠠᠭᠤᠷ ᠠᠮᠢᠰᠬᠤᠯ ᠤᠨ ᠨᠥᠯᠥᠭᠡ ᠠᠴᠠ ᠪᠣᠯᠵᠤ᠂ ᠡᠨᠡ ᠵᠢᠯ ᠮᠠᠨ ᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠶᠢᠳᠠᠯ ᠲᠤᠶᠢᠯ ᠤᠨ ᠬᠦᠨᠳᠦ ᠨᠣᠴᠢᠲᠠᠢ ᠪᠠᠶᠢᠵᠤ᠂ ᠣᠳᠣᠳ ᠤᠨ ᠭᠠᠯ ᠳᠤ ᠲᠦᠮᠡᠨ ᠮᠦ ᠣᠶ ᠰᠢᠭᠤᠢ ᠶᠢ ᠦᠭᠡᠶᠢᠬᠢᠵᠦ ᠮᠡᠳᠡᠨ᠎ᠡ᠃ᠳᠡᠭᠡᠳᠦ ᠬᠡᠮᠵᠢᠶ᠎ᠡ ᠪᠠᠷ ᠰᠡᠷᠡᠮᠵᠢᠯᠡᠨ᠂ ᠲᠦᠷᠭᠡᠨ ᠲᠤᠰᠬᠠᠵᠤ᠂ ᠭᠠᠯ ᠤᠨ ᠪᠠᠶᠢᠳᠠᠯ ᠢ ᠣᠯᠵᠤ ᠮᠡᠳᠡᠮᠡᠭᠴᠡ ᠳᠠᠷᠤᠢ ᠲᠦᠷᠭᠡᠨ ᠣᠶ ᠰᠢᠭᠤᠢ ᠶᠢᠨ ᠭᠠᠯ ᠰᠡᠷᠭᠡᠶᠢᠯᠡᠬᠦ ᠰᠡᠷᠡᠮᠵᠢ ᠶᠢᠨ ᠳᠣᠬᠢᠶᠠᠨ ᠤ ᠤᠲᠠᠰᠤ 12119 ᠶᠢ ᠤᠲᠠᠰᠤᠳᠠᠬᠤ ᠶᠢᠨ ᠬᠠᠮᠲᠤ ᠪᠠᠶᠢᠭ᠎ᠠ ᠬᠠᠷᠢᠶ᠎ᠠ ᠭᠠᠵᠠᠷ ᠲᠠᠭᠠᠨ ᠮᠡᠳᠡᠭᠦᠯᠵᠦ᠂ ᠭᠠᠯ ᠤᠨᠲᠠᠷᠠᠭᠠᠬᠤ ᠠᠵᠢᠯ ᠢ ᠲᠦᠷᠭᠡᠨ ᠬᠢᠬᠦ ᠳᠤ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ᠪᠣᠬᠢᠷᠳᠤᠯ ᠦᠭᠡᠢ ᠠᠮᠢ ᠠᠬᠤᠢ ᠶᠢᠨ ᠬᠠᠯᠬᠠᠪᠴᠢ ᠶᠢ ᠬᠠᠮᠲᠤ ᠪᠠᠷ ᠪᠠᠶᠢᠭᠤᠯᠵᠤ᠂ ᠠᠮᠢ ᠠᠬᠤᠢ ᠶᠢᠨ ᠪᠣᠯᠪᠠᠰᠤᠨ ᠤ ᠦᠵᠡᠰᠬᠦᠯᠡᠩᠲᠦ ᠰᠠᠶᠢᠬᠠᠨ ᠴᠢᠯᠠᠭᠤᠨ ᠲᠠᠶᠠᠭ  ᠢ ᠬᠠᠮᠲᠤ ᠪᠠᠷ ᠱᠤᠭᠤᠬᠤ ᠪᠣᠯ ᠪᠦᠬᠦ ᠣᠷᠣᠨ ᠤ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠪᠣᠯᠣᠨ᠎ᠠ᠂ ᠮᠥᠨᠴᠦ ᠪᠢᠳᠡᠨ ᠤ ᠬᠠᠮᠲᠤ ᠶᠢᠨ ᠬᠠᠷᠢᠭᠤᠴᠠᠯᠭ᠎ᠠ ᠪᠣᠯᠣᠨ᠎ᠠ᠃ᠤᠯᠠᠨ ᠢᠶᠠᠷ ᠢᠶᠠᠨ ᠡᠵᠡᠨ ᠬᠥᠮᠥᠨ ᠤ ᠵᠣᠷᠢᠭ ᠰᠠᠨᠠᠭ᠎ᠠ ᠶᠢ ᠢᠳᠡᠪᠬᠢᠲᠡᠢ ᠪᠠᠳᠠᠷᠠᠭᠤᠯᠵᠤ᠂ ᠤᠢ ᠰᠢᠭᠤᠢ ᠨᠤᠲᠤᠭ ᠪᠡᠯᠴᠢᠭᠡᠷ ᠢ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠪᠠᠭ᠋ᠠᠷᠠᠯᠲᠤ ᠰᠢᠭᠤᠶᠢᠲᠤ ᠣᠷᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号