ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/1
  ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ   ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠰᠠᠶᠢᠲᠤᠷ ᠬᠡᠷᠡᠭᠯᠡᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠵᠦ᠂ ᠳᠤᠲᠠᠭᠤᠳᠠᠯ ᠢ ᠨᠥᠬᠦᠪᠦᠷᠢᠯᠡᠨ ᠰᠡᠯᠭᠦᠬᠦ ᠬᠦᠴᠦᠨ ᠢ ᠨᠡᠮᠡᠭᠳᠡᠭᠦᠯᠬᠦ ᠪᠠ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠠᠬᠢᠭᠤᠯᠬᠤ ᠲᠤᠬᠠᠢ ᠪᠠᠶᠢᠷᠢᠯᠠᠭᠤᠯᠪᠠ   ᠨᠢᠭᠡ ᠪᠦᠯᠦᠭ ᠨᠥᠬᠦᠴᠡᠯ ᠪᠦᠷᠢᠳᠦᠭᠰᠡᠨ ᠤᠰᠤᠨ ᠠᠰᠢᠭᠯᠠᠯᠲᠠ ᠶᠢᠨ ᠢᠨᠵᠧᠨᠧᠷᠢᠩ ᠢ ᠰᠢᠨ᠎ᠡ ᠪᠠᠷ ᠠᠵᠢᠯ ᠡᠬᠢᠯᠡᠭᠦᠯᠵᠦ᠂ ᠤᠰᠤᠨ ᠤ ᠡᠬᠢ ᠪᠠᠶᠠᠯᠢᠭ ᠢ ᠪᠠᠲᠤᠯᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠲᠣᠭᠲᠠᠪᠠ   ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 29  ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠵᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ︔ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠰᠠᠶᠢᠲᠤᠷ ᠬᠡᠷᠡᠭᠯᠡᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠵᠦ᠂ ᠳᠤᠲᠠᠭᠤᠳᠠᠯ ᠢ ᠨᠥᠬᠦᠪᠦᠷᠢᠯᠡᠨ ᠰᠡᠯᠭᠦᠬᠦ ᠬᠦᠴᠦᠨ ᠢ ᠨᠡᠮᠡᠭᠳᠡᠭᠦᠯᠬᠦ ᠪᠠ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠠᠬᠢᠭᠤᠯᠬᠤ ᠲᠤᠬᠠᠢ ᠪᠠᠶᠢᠷᠢᠯᠠᠭᠤᠯᠪᠠ︔ ᠨᠢᠭᠡ ᠪᠦᠯᠦᠭ ᠨᠥᠬᠦᠴᠡᠯ ᠪᠦᠷᠢᠳᠦᠭᠰᠡᠨ ᠤᠰᠤᠨ ᠠᠰᠢᠭᠯᠠᠯᠲᠠ ᠶᠢᠨ ᠢᠨᠵᠧᠨᠧᠷᠢᠩ ᠢ ᠰᠢᠨ᠎ᠡ ᠪᠠᠷ ᠠᠵᠢᠯ ᠡᠬᠢᠯᠡᠭᠦᠯᠵᠦ᠂ ᠤᠰᠤᠨ ᠤ ᠡᠬᠢ ᠪᠠᠶᠠᠯᠢᠭ ᠢ ᠪᠠᠲᠤᠯᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠲᠣᠭᠲᠠᠪᠠ᠃   ᠬᠤᠷᠠᠯ ᠡᠬᠢᠯᠡᠬᠦ ᠦᠶ᠎ᠡ ᠳᠤ᠂ ᠪᠥᠬᠦ ᠨᠥᠬᠦᠳ ᠪᠣᠰᠴᠤ ᠵᠣᠭᠰᠣᠨ᠂ ︽3 · 21︾ ᠤ ᠳᠣᠷᠣᠨᠠᠲᠤ ᠶᠢᠨ ᠠᠭᠠᠷ ᠤᠨ ᠠᠶᠠᠯᠠᠯ ᠤᠨ ᠺᠣᠮᠫᠠᠨᠢ ᠶᠢᠨ MU5735 ᠨᠢᠰᠬᠡᠯ ᠤᠨ ᠠᠳᠡᠯ ᠳᠤ ᠠᠳᠡᠭᠳᠡᠭᠰᠡᠨ ᠠᠬ᠎ᠠ ᠳᠡᠭᠦᠦ ᠨᠠᠷ ᠢ ᠨᠠᠮᠠᠨᠴᠢᠯᠠᠨ ᠭᠠᠰᠢᠭᠤᠳᠠᠪᠠ᠃ ᠬᠤᠷᠠᠯ ᠠᠴᠠ ᠱᠠᠭᠠᠷᠳᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠠᠳᠡᠭᠰᠡᠳ ᠤᠨ ᠭᠡᠷ ᠪᠦᠯᠢ ᠶᠢᠨ ᠬᠢᠨ ᠢ ᠲᠣᠬᠤᠨᠢᠭᠤᠯᠬᠤ᠂ ᠲᠥᠯᠥᠪᠦᠷᠢ ᠥᠭᠬᠦ ᠵᠡᠷᠭᠡ ᠬᠤᠶᠢᠰᠢᠳᠠ ᠶᠢᠨ ᠶᠠᠪᠤᠳᠠᠯ ᠢ ᠰᠠᠶᠢᠲᠤᠷ ᠬᠢᠵᠦ᠂ ᠠᠳᠡᠯ ᠤᠨ ᠰᠢᠯᠲᠠᠭᠠᠨ ᠢ ᠦᠨᠡᠨ ᠮᠥᠨ ᠢᠶᠠᠷ  ᠨᠢ ᠪᠠᠶᠢᠴᠠᠭᠠᠨ ᠲᠣᠳᠣᠯᠠᠬᠤ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠢ ᠪᠦᠬᠦ ᠲᠠᠯ᠎ᠠ ᠪᠠᠷ ᠴᠢᠩᠭᠠᠳᠬᠠᠬᠤ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠠᠴᠠ ᠤᠯᠠᠮ ᠴᠢᠨᠠᠭᠰᠢᠳᠠ ᠪᠣᠳᠠᠲᠠᠢ ᠲᠣᠬᠢᠷᠠᠭᠤᠯᠤᠯᠲᠠ ᠬᠢᠵᠦ᠂ ᠵᠢᠭᠠᠨ ᠵᠢᠯᠤᠭᠤᠳᠴᠤ ᠱᠠᠯᠠᠪᠳᠠᠭᠤᠯᠬᠤ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠭᠦᠨᠵᠡᠭᠡᠢ ᠪᠠᠶᠢᠴᠠᠭᠠᠨ ᠴᠡᠭᠴᠡᠯᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠡᠢ᠃   ᠬᠤᠷᠠᠯ ᠠᠴᠠ ᠵᠢᠭᠠᠬᠤ ᠳᠤ ᠪᠠᠨ᠂ ᠣᠳᠣᠬᠠᠨ ᠤ ᠳᠡᠯᠡᠬᠡᠢ ᠶᠢᠨ ᠪᠠᠶᠢᠳᠠᠯ ᠨᠡᠩ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠣᠯᠵᠤ᠂ ᠤᠯᠤᠰ ᠤᠨ ᠳᠣᠲᠣᠭᠠᠳᠤ ᠶᠢᠨ ᠬᠥᠭᠵᠢᠯᠲᠡ ᠰᠢᠨ᠎ᠡ ᠥᠷᠢᠰᠦᠯᠳᠦᠭᠡᠨ ᠳᠤ ᠲᠤᠯᠭᠠᠷᠠᠵᠤ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠤᠯᠠᠮ ᠴᠢᠨᠠᠭᠰᠢᠳᠠ ᠨᠡᠮᠡᠭᠳᠡᠵᠦ ᠪᠠᠶᠢᠨ᠎ᠠ᠃ ᠡᠨᠡ ᠵᠢᠯ ᠤᠨ ᠬᠤᠷᠸ᠎ᠠ ᠲᠦᠷᠦ ᠶᠢᠨ ᠪᠣᠳᠣᠯᠭ᠎ᠠ ᠶᠢ ᠲᠣᠭᠲᠠᠭᠠᠬᠤ ᠦᠶ᠎ᠡ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠨᠥᠬᠦᠴᠡᠯ ᠤᠨ ᠮᠠᠰᠢ ᠤᠯᠠᠨ ᠬᠤᠪᠢᠷᠠᠯᠲᠠ ᠶᠢ ᠤᠷᠢᠳᠴᠢᠯᠠᠨ ᠪᠣᠳᠣᠯᠬᠢᠯᠠᠭᠰᠠᠨ ᠪᠠᠶᠢᠨ᠎ᠠ᠃ ᠨᠢᠭᠡᠳᠦᠭᠡᠷ ᠤᠯᠠᠷᠢᠯ᠂ ᠳᠡᠭᠡᠷ᠎ᠡ ᠬᠠᠭᠠᠰ ᠵᠢᠯ ᠳᠤ ᠠᠵᠤ ᠠᠬᠤᠢ ᠶᠢᠨ ᠲᠣᠭᠲᠠᠭᠤᠨ ᠡᠷᠭᠢᠯᠲᠡ ᠶᠢ ᠪᠠᠲᠤᠯᠠᠬᠤ ᠨᠢ ᠪᠦᠬᠦ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠲᠤᠶᠢᠯ ᠤᠨ ᠴᠢᠬᠤᠯᠠ ᠶᠤᠮ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠠᠷᠭ᠎ᠠ ᠬᠡᠮᠵᠢᠶ᠎ᠡ ᠶᠢ ᠱᠠᠯᠠᠪᠳᠠᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠬᠠᠷᠠᠯᠲᠠ ᠪᠠᠨ ᠰᠤᠯᠠᠷᠠᠭᠤᠯᠤᠯ ᠦᠭᠡᠢ ᠪᠠᠷᠢᠮᠲᠠᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ ᠶᠢ ᠨᠢᠭᠡᠲᠦᠯᠲᠡᠢ ᠲᠥᠯᠥᠪᠯᠡᠵᠦ᠂ ᠠᠵᠤ ᠠᠬᠤᠢ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ ᠡᠷᠲᠡᠬᠡᠨ ᠲᠣᠭᠲᠠᠭᠠᠬᠤ ᠪᠠ ᠲᠦᠷᠭᠡᠨ ᠨᠡᠶᠢᠲᠡᠯᠡᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠬᠤ ᠳᠤ ᠠᠰᠢᠭ ᠦᠭᠡᠢ ᠠᠷᠭ᠎ᠠ ᠬᠡᠮᠵᠢᠶ᠎ᠡ ᠶᠢ ᠨᠡᠶᠢᠲᠡᠯᠡᠬᠦ ᠦᠭᠡᠢ᠂ ᠨᠡᠩ ᠶᠡᠭᠡ ᠲᠣᠭᠲᠠᠪᠤᠷᠢᠲᠤ ᠪᠤᠰᠤ ᠴᠢᠨᠠᠷ ᠢ ᠠᠷᠭᠠᠴᠠᠭᠠᠬᠤ ᠤᠷᠢᠳᠴᠢᠯᠠᠭᠰᠠᠨ ᠲᠥᠰᠥᠯ ᠢ ᠲᠣᠭᠲᠠᠭᠠᠬᠤ ᠬᠡᠷᠡᠭᠲᠡᠢ ᠭᠡᠵᠡᠢ᠃   ᠬᠤᠷᠠᠯ ᠠᠴᠠ ᠵᠢᠭᠠᠬᠤ ᠳᠤ ᠪᠠᠨ᠂ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠰᠠᠶᠢᠲᠤᠷ ᠬᠡᠷᠡᠭᠯᠡᠵᠦ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠪᠣᠯ ᠬᠡᠷᠡᠭᠯᠡᠭᠡ ᠶᠢ ᠲᠠᠶᠢᠴᠢᠯᠠᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠠᠵᠢᠯ ᠣᠯᠭᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠬᠤᠷᠸ᠎ᠠ ᠬᠥᠰᠢᠭᠦᠷᠭᠡ ᠶᠢᠨ ᠨᠤᠷᠮ᠎ᠠ ᠶᠢ ᠦᠨᠳᠦᠰᠦᠨ ᠳᠤ ᠪᠠᠨ ᠲᠣᠭᠲᠠᠭᠤᠨ ᠪᠠᠶᠢᠯᠭᠠᠬᠤ ᠵᠠᠷᠴᠢᠮ ᠤᠨ ᠶᠣᠰᠣᠭᠠᠷ᠂ ᠡᠨᠡ ᠵᠢᠯ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢ 3.65 ᠲᠦᠮᠡᠨ ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠪᠡ᠃ ᠦᠶᠡᠯᠡᠯ ᠤᠨ ᠴᠢᠨᠠᠷᠲᠠᠢ ᠲᠣᠬᠢᠷᠠᠭᠤᠯᠤᠯᠲᠠ ᠶᠢ ᠴᠢᠩᠭᠠᠳᠬᠠᠬᠤ ᠶᠢᠨ ᠲᠤᠰᠠᠳᠠ᠂ ᠨᠢᠳᠤᠨᠤᠨ ᠤ ᠵᠢᠯ ᠤᠨ ᠡᠴᠦᠰ ᠲᠤ ᠨᠢᠭᠡᠨᠲᠡ ᠬᠠᠤᠯᠢ ᠶᠣᠰᠣᠭᠠᠷ 1.46 ᠲᠦᠮᠡᠨ ᠳ᠋ᠦᠩᠰᠢᠭᠤᠷ ᠲᠥᠭᠦᠷᠢᠭ ᠢ ᠤᠷᠢᠳᠴᠢᠯᠠᠨ ᠪᠠᠭᠤᠯᠭᠠᠪᠠ᠃ ᠲᠠᠷᠠᠭᠠᠴᠢ ᠶᠢᠨ ᠠᠯᠬᠤᠮ ᠳᠤ᠂ ᠨᠢᠭᠡ ᠳᠤ᠂ ᠦᠯᠡᠳᠡᠭᠰᠡᠨ ᠲᠤᠰᠬᠠᠢ ᠵᠦᠢᠯ ᠤᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠱᠠᠯᠠᠪᠳᠠᠨ ᠪᠠᠭᠤᠯᠭᠠᠵᠤ᠂ ᠥᠷᠢ ᠳᠥᠯᠥᠬᠦ ᠴᠢᠳᠠᠪᠤᠷᠢ ᠪᠠᠷ ᠴᠢᠩᠭ᠎ᠠ᠂ ᠲᠥᠷᠥᠯ ᠵᠦᠢᠯ ᠤᠨ ᠨᠥᠭᠡᠴᠡ ᠭᠦᠢᠴᠡᠳ ᠭᠠᠵᠠᠷ ᠣᠷᠣᠨ ᠲᠡᠶᠢᠰᠢ ᠬᠡᠯᠪᠡᠶᠢᠯᠭᠡᠬᠦ ᠬᠡᠷᠡᠭᠲᠡᠢ᠃ ᠨᠢᠳᠤᠨᠤᠨ ᠤ ᠤᠷᠢᠳᠴᠢᠯᠠᠨ ᠪᠠᠭᠤᠯᠭᠠᠭᠰᠠᠨ ᠲᠤᠭ᠎ᠠ ᠬᠡᠮᠵᠢᠶ᠎ᠡ ᠶᠢ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠠᠷᠬᠠᠭᠠᠨ ᠳᠠᠭᠤᠰᠬᠠᠵᠤ᠂ ᠡᠨᠡ ᠵᠢᠯ ᠤᠨ ᠪᠠᠭᠤᠯᠭᠠᠭᠰᠠᠨ ᠲᠤᠭ᠎ᠠ ᠬᠡᠮᠵᠢᠶ᠎ᠡ ᠶᠢ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠠᠷᠬᠠᠭᠠᠵᠤ ᠳᠠᠭᠤᠰᠬᠠᠨ᠎ᠠ᠃ ᠬᠤᠶᠠᠷ ᠲᠤ᠂ ᠲᠤᠰᠬᠠᠢ ᠵᠦᠢᠯ ᠤᠨ ᠵᠢᠭᠡᠯᠡᠯᠭᠡ ᠶᠢᠨ ᠦᠢᠯᠡᠳᠦᠯ ᠴᠢᠳᠠᠪᠤᠷᠢ ᠶᠢ ᠨᠡᠩ ᠰᠠᠶᠢᠨ ᠪᠠᠳᠠᠷᠠᠭᠤᠯᠬᠤ ᠬᠡᠷᠡᠭᠲᠡᠢ᠃ ᠣᠳᠣᠬᠠᠨ ᠳᠤ ᠠᠰᠢᠭᠲᠠᠢ ᠮᠥᠷᠲᠡᠭᠡᠨ ᠠᠯᠤᠰ ᠢᠷᠡᠭᠡᠳᠦᠢ ᠳᠤ ᠴᠦ ᠠᠰᠢᠭ ᠬᠦᠷᠲᠡᠭᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠳᠤᠲᠠᠭᠤᠳᠠᠯ ᠢ ᠨᠥᠬᠦᠪᠦᠷᠢᠯᠡᠬᠦ ᠵᠡᠷᠭᠡ ᠬᠦᠷᠢᠶᠡᠨ ᠳᠠᠬᠢ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠨᠥᠭᠡᠴᠡ ᠬᠦᠴᠦᠨ ᠢ ᠨᠡᠮᠡᠭᠳᠡᠭᠦᠯᠦᠨ᠂ ᠬᠢᠷᠢ ᠲᠦᠪᠰᠢᠨ ᠢ ᠳᠡᠭᠡᠭᠰᠢᠯᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠡᠮᠵᠢᠨ᠎ᠡ᠃ ᠲᠤᠰᠬᠠᠢ ᠵᠦᠢᠯ ᠤᠨ ᠵᠢᠭᠡᠯᠡᠯᠭᠡ ᠶᠢ ᠬᠡᠷᠡᠭᠯᠡᠬᠦ ᠬᠡᠪᠴᠢᠶ᠎ᠡ ᠶᠢ ᠵᠦᠢ ᠵᠣᠬᠢᠰᠲᠠᠢ ᠥᠷᠭᠡᠳᠬᠡᠵᠦ᠂ ᠵᠠᠮ ᠬᠠᠷᠢᠯᠴᠠᠭ᠎ᠠ᠂ ᠡᠨᠧᠷᠭᠢ ᠶᠢᠨ ᠰᠤᠷᠪᠤᠯᠵᠢ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠵᠡᠷᠭᠡ ᠬᠦᠷᠢᠶᠡᠨ ᠳᠠᠬᠢ ᠲᠥᠷᠥᠯ ᠵᠦᠢᠯ ᠳᠤ ᠭᠤᠣᠯᠳᠠᠯᠭ᠎ᠠ ᠲᠠᠢ ᠪᠠᠷ ᠬᠡᠷᠡᠭᠯᠡᠭᠰᠡᠨ ᠤ ᠰᠠᠭᠤᠷᠢᠨ ᠳᠡᠭᠡᠷ᠎ᠡ᠂ ᠵᠣᠬᠢᠬᠤ ᠠᠰᠢᠭ ᠣᠷᠣᠯᠭ᠎ᠠ ᠲᠠᠢ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠥᠷᠥᠯ ᠵᠦᠢᠯ ᠢ ᠲᠡᠮᠵᠢᠨ᠎ᠠ᠃ ᠪᠡᠯᠡ ᠮᠥᠩᠭᠦ  ᠨᠢ ᠲᠥᠷᠥᠯ ᠵᠦᠢᠯ ᠢᠶᠠᠨ ᠳᠠᠭᠠᠬᠤ ᠶᠢ ᠪᠠᠷᠢᠮᠲᠠᠯᠠᠵᠤ᠂ ᠲᠥᠷᠥᠯ ᠵᠦᠢᠯ ᠤᠨ ᠠᠵᠢᠯ ᠢ ᠡᠬᠢᠯᠡᠭᠦᠯᠬᠦ ᠪᠠ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠣᠳᠠᠲᠤ ᠵᠦᠢᠯᠡᠰ ᠤᠨ ᠠᠵᠢᠯ ᠤᠨ ᠬᠡᠮᠵᠢᠶ᠎ᠡ ᠶᠢ ᠠᠯᠢ ᠲᠦᠷᠭᠡᠨ ᠢᠶᠠᠷ ᠪᠤᠢ ᠪᠣᠯᠭᠠᠨ᠎ᠠ᠃ ᠭᠤᠷᠪᠠ ᠳᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠵᠠᠬ᠎ᠠ ᠳᠡᠯᠭᠡᠭᠦᠷ ᠤᠨ ᠠᠷᠭ᠎ᠠ ᠪᠠᠷ ᠲᠤᠰᠬᠠᠢ ᠵᠦᠢᠯ ᠤᠨ ᠵᠢᠭᠡᠯᠡᠯᠭᠡ ᠶᠢᠨ ︽ᠬᠥᠰᠢᠭᠦᠷᠭᠡ︾ ᠶᠢᠨ ᠦᠢᠯᠡᠳᠦᠯ ᠢ ᠪᠠᠳᠠᠷᠠᠭᠤᠯᠵᠤ᠂ ᠨᠡᠩ ᠤᠯᠠᠨ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠲᠠᠲᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠳᠡᠮᠵᠢᠬᠦ ᠬᠡᠷᠡᠭᠲᠡᠢ᠃ ᠳᠥᠷᠪᠡ ᠳᠤ᠂ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠰᠤᠯᠠ ᠲᠠᠯᠪᠢᠬᠤ ᠶᠢ ᠰᠡᠷᠭᠡᠶᠢᠯᠡᠵᠦ᠂ ᠲᠣᠭᠲᠠᠭᠠᠯ ᠢ ᠵᠥᠷᠢᠴᠡᠨ ᠠᠰᠠᠷ ᠲᠠᠭᠲᠤ ᠲᠠᠩᠬᠢᠮ ᠪᠠᠭᠤᠳᠠᠯ ᠪᠠ ᠥᠩᠭᠡᠨ ᠲᠠᠯ᠎ᠠ ᠶᠢᠨ ᠢᠨᠵᠧᠨᠧᠷᠢᠩ ᠪᠠᠶᠢᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠲᠠᠪᠤ ᠳᠤ᠂ ᠤᠯᠤᠰ ᠤᠨ ᠵᠢᠭᠡᠯᠡᠯᠭᠡ᠂ ᠣᠷᠣᠨ ᠨᠤᠲᠤᠭ ᠤᠨ ᠵᠢᠭᠡᠯᠡᠯᠭᠡ ᠶᠢᠨ ᠲᠠᠷᠬᠠᠭᠠᠯᠲᠠ ᠶᠢ ᠨᠢᠭᠡᠳᠦᠯᠲᠡᠢ ᠲᠥᠯᠥᠪᠵᠢᠭᠦᠯᠦᠨ ᠡᠵᠡᠮᠳᠡᠵᠦ᠂ ᠤᠯᠤᠰ ᠤᠨ ᠰᠠᠩ ᠤᠨ ᠪᠡᠯᠡ ᠮᠥᠩᠭᠦ ᠶᠢᠨ ᠵᠣᠬᠢᠰᠲᠠᠢ ᠬᠡᠪᠴᠢᠶ᠎ᠡ ᠶᠢ ᠪᠠᠲᠤᠯᠠᠵᠤ᠂ ᠦᠨᠳᠦᠰᠦᠨ ᠱᠠᠲᠤᠨ ᠤ ᠭᠠᠶᠢᠯᠢ ᠶᠢ ᠪᠤᠴᠠᠭᠠᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠪᠣᠯᠣᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠬᠡᠷᠡᠭᠰᠡᠬᠦ ᠡᠳ᠋ ᠤᠨ ᠬᠦᠴᠦᠨ ᠢ ᠪᠠᠲᠤᠯᠠᠵᠤ᠂ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠬᠢᠯᠢ ᠶᠢᠨ ᠭᠠᠳᠠᠨᠠᠬᠢ ᠳᠤᠮᠳᠠ ᠤᠷᠲᠤ ᠬᠤᠭᠤᠴᠠᠭᠠᠨ ᠤ ᠪᠡᠯᠡ ᠮᠥᠩᠭᠦ ᠶᠢᠨ ᠤᠯᠤᠰ ᠤᠨ ᠵᠢᠭᠡᠯᠡᠯᠭᠡ ᠬᠤᠳᠠᠯᠳᠤᠨ ᠠᠪᠬᠤ ᠶᠢ ᠵᠣᠷᠢᠭᠵᠢᠭᠤᠯᠵᠤ᠂ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠬᠠᠮᠵᠢᠯᠴᠠᠭ᠎ᠠ ᠪᠠᠨ ᠴᠢᠩᠭᠠᠳᠬᠠᠵᠤ᠂ ᠤᠯᠤᠰ ᠤᠨ ᠵᠢᠭᠡᠯᠡᠯᠭᠡ ᠶᠢ ᠡᠮᠬᠢ ᠵᠢᠷᠤᠮ ᠲᠠᠢ ᠪᠠᠷ ᠲᠠᠷᠬᠠᠭᠠᠬᠤ ᠶᠢ ᠪᠠᠲᠤᠯᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠲᠣᠬᠢᠷᠠᠭᠤᠯᠤᠯᠲᠠ ᠶᠢ ᠳᠡᠮᠵᠢᠨ᠎ᠡ ᠭᠡᠵᠡᠢ᠃   ᠬᠤᠷᠠᠯ ᠠᠴᠠ ᠵᠢᠭᠠᠬᠤ ᠳᠤ ᠪᠠᠨ᠂ ᠤᠰᠤᠨ ᠠᠰᠢᠭᠯᠠᠯᠲᠠ ᠶᠢᠨ ᠢᠨᠵᠧᠨᠧᠷᠢᠩ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ᠂ ᠬᠥᠭᠵᠢᠯᠲᠡ ᠶᠢᠨ ᠢᠨᠵᠧᠨᠧᠷᠢᠩ᠂ ᠠᠮᠤᠷ ᠲᠦᠪᠰᠢᠨ ᠤ ᠢᠨᠵᠧᠨᠧᠷᠢᠩ ᠪᠣᠯᠣᠨ᠎ᠠ᠃ ᠡᠨᠡ ᠵᠢᠯ ᠪᠠᠰᠠ ᠨᠢᠭᠡ ᠪᠦᠯᠦᠭ ᠲᠥᠯᠥᠪᠵᠢᠭᠦᠯᠭᠡ ᠳᠤ ᠣᠷᠣᠭᠤᠯᠤᠭᠰᠠᠨ᠂ ᠨᠥᠬᠦᠴᠡᠯ ᠪᠦᠷᠢᠳᠦᠭᠰᠡᠨ ᠲᠥᠷᠥᠯ ᠵᠦᠢᠯ ᠤᠨ ᠠᠵᠢᠯ ᠢ ᠡᠬᠢᠯᠡᠭᠦᠯᠦᠨ᠎ᠡ ᠃ ᠡᠭᠦᠨ ᠳᠤ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠠᠯᠭᠠᠮᠵᠢ ᠪᠠᠷᠢᠯᠭ᠎ᠠ ᠵᠡᠷᠭᠡ ᠤᠰᠤ ᠲᠠᠲᠠᠵᠤ ᠲᠣᠬᠢᠷᠠᠭᠤᠯᠬᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠡᠮᠵᠡᠭ ᠠᠶᠤᠯᠲᠠᠢ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ᠂ ᠤᠰᠤᠯᠠᠯᠲᠠ ᠶᠢᠨ ᠣᠷᠣᠨ ᠢ ᠪᠦᠲᠦᠭᠡᠨ ᠪᠠᠶᠢᠭᠤᠯᠬᠤ ᠪᠠ ᠥᠭᠡᠷᠡᠴᠢᠯᠡᠨ ᠵᠠᠰᠠᠬᠤ ᠵᠡᠷᠭᠡ ᠴᠠᠶᠢᠬᠤᠯ᠎ᠠ ᠶᠡᠭᠡ ᠢᠨᠵᠧᠨᠧᠷᠢᠩ ᠢ ᠪᠠᠭᠲᠠᠭᠠᠨ᠎ᠠ᠃ ᠡᠳᠡᠭᠡᠷ ᠪᠠᠷᠢᠯᠭ᠎ᠠ ᠶᠢᠨ ᠳᠡᠭᠡᠷ᠎ᠡ ᠪᠤᠰᠤᠳ ᠤᠰᠤᠨ ᠠᠰᠢᠭᠯᠠᠯᠲᠠ ᠶᠢᠨ ᠲᠥᠷᠥᠯ ᠵᠦᠢᠯ ᠢ ᠨᠡᠮᠡᠪᠡᠯ᠂ ᠪᠦᠬᠦ ᠵᠢᠯ ᠳᠤ ᠪᠠᠷᠤᠭ 8000 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠣᠯᠣᠨ᠎ᠠ ᠭᠡᠵᠡᠢ᠃ ᠬᠤᠷᠠᠯ ᠠᠴᠠ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠵᠤ᠂ ᠲᠦᠷᠦᠯ ᠵᠦᠢᠯ ᠤᠨ ᠠᠵᠢᠯᠯᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号