ᠰᠢᠭᠤᠶᠢᠲᠤ ᠵᠡᠭᠡᠯᠢ ᠭᠤᠳᠤᠮᠵᠢ ᠶᠢᠨ ᠬᠢᠨ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠵᠢᠨ‌‍ᠪᠣᠯᠪᠠᠰᠤᠷᠠᠯ ᠤᠨ ᠤᠬᠠᠭᠤᠯᠭ᠎ᠠ  ᠶᠠᠪᠤᠭᠳᠠᠭᠤᠯᠪᠠ
ᠨᠡᠶᠢᠲᠡᠯᠡᠭᠰᠡᠨ ᠴᠠᠭ᠄
2022/4/14
       ᠣᠶᠢᠷ᠎ᠠ ᠳᠤ᠂ ᠵᠡᠮᠳᠡᠭᠴᠦᠳ ᠤᠨ ᠦᠨᠡᠮᠯᠡᠯ ᠠᠪᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠳ᠋ᠠ ᠹᠠ ᠵᠡᠭᠡᠯᠢ ᠭᠤᠳᠤᠮᠵᠢ ᠳᠤ ᠳᠠᠬᠢᠨᠲᠠ ᠡᠷᠦᠬᠡ ᠳᠤ ᠬᠦᠷᠴᠦ ᠲᠡᠮᠲᠡᠷᠢᠬᠦ ᠠᠵᠢᠯ ᠢ ᠥᠷᠨᠢᠭᠦᠯᠵᠦ᠂ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠶᠢᠨ ᠲᠤᠰᠬᠠᠢ ᠵᠥᠪᠯᠡᠯ ᠨᠢ ᠡᠷᠦᠬᠡ ᠳᠤ ᠬᠦᠷᠴᠦ ᠲᠡᠮᠲᠡᠷᠢᠬᠦ ᠠᠵᠢᠯ ᠢᠶᠠᠷ ᠳᠠᠮᠵᠢᠭᠤᠯᠤᠨ ᠵᠡᠮᠳᠡᠭᠴᠦᠳ ᠤᠨ ᠦᠨᠡᠮᠯᠡᠯ ᠠᠪᠤᠭᠰᠠᠨ ᠦᠭᠡᠢ ᠵᠡᠮᠳᠡᠭᠴᠦᠳ ᠲᠤ ᠵᠢᠭᠠᠨ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠬᠦᠷᠴᠦ ᠬᠠᠷᠠᠭ᠎ᠠ᠂ ᠮᠥᠴᠢ᠂ ᠣᠶᠤᠨ ᠤᠬᠠᠭᠠᠨ᠂ ᠣᠶᠤᠨ ᠤᠬᠠᠭᠠᠨ᠂ ᠦᠭᠡ ᠬᠡᠯᠡ᠂ ᠰᠣᠨᠣᠷ ᠤᠨ ᠴᠢᠳᠠᠪᠤᠷᠢ ᠵᠡᠷᠭᠡ ᠠᠨᠠᠭᠠᠬᠤ ᠤᠬᠠᠭᠠᠨ ᠤ ᠣᠨᠣᠰᠢᠯᠠᠯᠲᠠ ᠬᠢᠯᠭᠡᠬᠦ ᠶᠢ ᠴᠠᠭ ᠲᠤᠬᠠᠢ ᠳᠤᠨᠢ ᠮᠡᠳᠡᠭᠳᠡᠵᠦ᠂ ᠳᠠᠷᠠᠭ᠎ᠠ ᠨᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠲᠥᠪᠯᠡᠷᠡᠭᠦᠯᠦᠨ ᠵᠡᠮᠳᠡᠭᠴᠦᠳ ᠤᠨ ᠲᠠᠰ ᠤᠨ ᠬᠢᠨᠠᠨ ᠲᠣᠭᠲᠠᠭᠠᠯᠲᠠ ᠬᠢᠯᠭᠡᠪᠡ᠃ᠵᠡᠮᠳᠡᠭᠴᠦᠳ ᠤᠨ ᠲᠤᠰᠬᠠᠢ ᠵᠥᠪᠯᠡᠯ ᠲᠥᠪᠯᠡᠷᠡᠭᠦᠯᠦᠨ ᠦᠨᠡᠮᠯᠡᠯ ᠭᠦᠢᠴᠡᠳᠬᠡᠬᠦ ᠴᠠᠭ ᠲᠣᠬᠢᠶᠠᠯ ᠢ ᠠᠰᠢᠭᠯᠠᠨ ᠵᠡᠮᠳᠡᠭᠴᠦᠳ ᠤᠨ ᠦᠨᠡᠮᠯᠡᠯ ᠢ ᠭᠦᠢᠴᠡᠳᠬᠡᠬᠦ ᠪᠠ ᠵᠡᠮᠳᠡᠭᠴᠦᠳ ᠢ ᠲᠤᠰᠠᠯᠠᠵᠤ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠷᠢᠶᠠᠲᠤ ᠣᠷᠣᠨ ᠤ ᠵᠡᠮᠳᠡᠭᠴᠦᠳ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠬᠦᠴᠦᠲᠡᠢ ᠳᠡᠭᠡᠭᠰᠢᠯᠡᠭᠦᠯᠪᠡ᠃ᠡᠨᠡ ᠬᠤᠭᠤᠴᠠᠭᠠᠨ ᠳᠤ ᠨᠢᠭᠡᠨᠲᠡ 12 ᠵᠡᠮᠳᠡᠭᠴᠦᠳ ᠲᠤ ᠭᠤᠷᠪᠠᠳᠤᠭᠠᠷ ᠦᠶ᠎ᠡ ᠶᠢᠨ ᠵᠡᠮᠳᠡᠭᠴᠦᠳ ᠤᠨ ᠦᠨᠡᠮᠯᠡᠯ ᠢ ᠰᠣᠯᠢᠵᠤ ᠥᠭᠴᠦ᠂ ᠦᠨᠡᠮᠯᠡᠯ ᠠᠪᠤᠭᠰᠠᠨ ᠦᠭᠡᠢ 4 ᠵᠡᠮᠳᠡᠭᠴᠦᠳ ᠲᠤ ᠦᠨᠡᠮᠯᠡᠯ ᠠᠪᠬᠤ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ ᠥᠭᠴᠡᠢ᠃

      ᠳ᠋ᠠ ᠹᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ

ᠡᠷᠦᠭᠡ ᠳᠤ ᠬᠦᠷᠴᠦ ᠦᠢᠯᠡᠴᠢᠯᠡᠭᠡ ᠬᠠᠩᠭᠠᠬᠤ ᠳᠠᠭᠠᠨ ᠨᠡᠩ ᠤᠯᠠᠨ ᠵᠡᠮᠳᠡᠭᠴᠦᠳ ᠤᠨ ᠰᠡᠵᠢᠭᠯᠡᠯᠲᠡᠢ ᠰᠠᠭᠤᠭᠠᠯᠢ

ᠠᠷᠠᠳ ᠲᠤ ᠵᠡᠮᠳᠡᠭᠴᠦᠳ ᠤᠨ ᠦᠨᠡᠮᠯᠡᠯ ᠠᠪᠬᠤ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠤ᠂ ᠦᠨᠡᠮᠯᠡᠯ

ᠠᠪᠬᠤ ᠶᠠᠪᠤᠴᠠ ᠶᠢ ᠳᠥᠭᠦᠮᠴᠢᠯᠡᠵᠦ᠂ ᠬᠠᠷᠢᠶ᠎ᠠ ᠣᠷᠣᠨ ᠤ ᠵᠡᠮᠳᠡᠭᠴᠦᠳ ᠤᠨ ᠦᠨᠡᠮᠯᠡᠯ ᠢ ᠭᠦᠢᠴᠡᠳᠬᠡᠪᠡᠯ

ᠵᠣᠬᠢᠬᠤ ᠶᠢ ᠨᠢ ᠪᠦᠬᠦᠨ ᠢ ᠭᠦᠢᠴᠡᠳᠬᠡᠵᠦ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠠᠵᠢᠯ ᠤᠨ

ᠬᠠᠷᠠᠯᠲᠠ ᠶᠢ ᠪᠡᠶᠡᠯᠡᠭᠦᠯᠬᠦ ᠳᠤ ᠯᠠᠪᠳᠠᠭᠤᠨ ᠪᠠᠲᠤᠲᠠᠢ ᠠᠯᠬᠤᠮ ᠢ ᠠᠯᠬᠤᠵᠠᠢ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号