ᠱᠢ ᠭᠤᠸᠠᠢ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/14
       ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠬᠤ ᠶᠢᠨ ᠲᠤᠰᠠᠳᠠ᠂ 4 ᠳ᠋ᠦᠭᠡᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠱᠢ ᠭᠤᠸᠠᠢ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ 2022 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠂ ᠨᠢᠭᠡ ᠳᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠨ᠎ᠠ︔ᠬᠤᠶᠠᠷ ᠲᠤ ᠬᠠᠮᠢᠶᠠᠷᠤᠯᠲᠠ ᠪᠠᠨ ᠴᠢᠩᠭᠠᠳᠬᠠᠵᠤ᠂ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠲᠣᠭᠲᠠᠴᠠ ᠶᠢ ᠴᠢᠩᠭᠠᠳᠬᠠᠨ᠎ᠠ;ᠭᠤᠷᠪᠠ ᠳᠤ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠤᠬᠠᠭᠤᠯᠭ᠎ᠠ ᠬᠥᠮᠦᠵᠢᠯ ᠪᠠ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ;ᠳᠥᠷᠪᠡ ᠳᠤ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠪᠡ᠃       ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠷᠬᠢᠯᠡᠭᠴᠢ ᠵᠢᠶᠠ ᠶᠠᠨ ᠳ᠋ᠢ ᠨᠥᠬᠦᠷ ᠪᠥᠬᠦ ᠨᠠᠮ ᠤᠨ ᠭᠡᠰᠢᠭᠦᠨ᠂ ᠺᠠᠳ᠋ᠷᠴᠤᠳ ᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠵᠠᠯᠠᠷᠠᠭᠤᠯᠵᠤ᠂ ᠺᠠᠳ᠋ᠷ ᠠᠵᠢᠯᠲᠠᠨ ᠤ ᠡᠩᠨᠡᠭᠡ ᠶᠢᠨ ᠤᠬᠠᠮᠰᠠᠷ   ᠠᠴᠠ ᠪᠠᠨ ᠶᠣᠰᠣ ᠳᠦᠷᠢᠮ ᠢ ᠰᠠᠬᠢᠵᠤ᠂ ᠴᠤᠭ ᠰᠦᠯᠳᠡ ᠪᠠᠨ ᠪᠠᠳᠠᠷᠠᠭᠤᠯᠤᠨ᠂ ᠨᠢᠭᠡ ᠰᠡᠳᠬᠢᠯ ᠢᠶᠠᠷ ᠠᠵᠢᠯ ᠦᠢᠯᠡᠰ ᠲᠡᠭᠡᠨ ᠵᠢᠳᠬᠦᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

      ᠬᠤᠷᠠᠯ ᠳᠡᠭᠡᠷ᠎ᠡ ᠪᠠᠰᠠ ︽ᠱᠢ ᠭᠤᠸᠠᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ

ᠪᠠᠶᠢᠴᠠᠭᠠᠬᠤ ᠵᠥᠪᠯᠡᠯ ᠠᠴᠠ ᠡᠵᠡᠩᠨᠡᠯᠲᠡ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠨᠢᠭᠡ ᠨᠡᠶᠢᠲᠡᠯᠢᠭ

ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠭᠰᠡᠨ︾ ᠪᠠ ︽ᠱᠢ ᠭᠤᠸᠠᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ

ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠲᠡᠷᠭᠡᠨ ᠵᠣᠭᠰᠣᠭᠠᠯ ᠤᠨ ᠬᠦᠷᠢᠶᠡᠨ ᠳᠠᠬᠢ 3 ᠨᠡᠶᠢᠲᠡᠯᠢᠭ ᠬᠡᠷᠡᠭ ᠤᠨ

ᠵᠢᠱᠢᠶ᠎ᠡ ᠶᠢ ᠵᠠᠷᠯᠠᠨ ᠮᠡᠳᠡᠭᠳᠡᠭᠰᠡᠨ︾ ᠪᠠᠶᠢᠳᠠᠯ ᠢ ᠵᠠᠷᠯᠠᠨ ᠮᠡᠳᠡᠭᠳᠡᠵᠦ᠂ ᠺᠠᠳ᠋ᠷ ᠠᠵᠢᠯᠲᠠᠳ ᠲᠤ ᠰᠡᠷᠡᠮᠵᠢᠯᠡᠭᠦᠯᠬᠦ

ᠬᠥᠮᠦᠵᠢᠯ ᠬᠢᠭᠰᠡᠨ ᠪᠠᠶᠢᠨ᠎ᠠ᠃

 
ᠢᠷᠡᠯᠲᠡ᠄ ᠬᠠᠩᠭᠠᠨ ᠪᠣᠷᠣᠯᠠᠭᠤᠯᠬᠤ ᠬᠤᠷᠰᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号