ᠱᠢ ᠭᠤᠸᠠᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ 2022 ᠣᠨ ᠤ ︽ᠲᠠᠨ ᠳᠤ ᠬᠠᠪᠰᠤᠷᠤᠨ ᠭᠦᠢᠴᠡᠳᠬᠡᠬᠦ︾ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/14
       ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠭᠤᠣᠯᠳᠠᠯᠭ᠎ᠠ ᠲᠠᠢ ᠵᠦᠢᠯᠡᠰ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠳᠤ ᠨᠡᠩ ᠰᠠᠶᠢᠨ ᠦᠢᠯᠡᠴᠢᠯᠡᠬᠦ ᠶᠢᠨ ᠲᠥᠯᠥᠭᠡ ᠶᠤᠮ᠃4 ᠰᠠᠷ᠎ᠠ ᠶᠢᠨ 6 ᠤ ᠡᠳᠦᠷ᠂ ᠱᠢ ᠭᠤᠸᠠᠢ ᠲᠣᠭᠤᠷᠢᠭ ᠤᠨ ᠵᠠᠰᠠᠭ ‍ᠤᠨ‌ᠦᠢᠯᠡᠴᠢᠯᠡᠭᠡᠨ ᠤ ᠲᠣᠪᠴᠢᠶ᠎ᠠ 2022 ᠣᠨ ᠤ︽ᠲᠠᠨ ᠢ ᠬᠠᠪᠰᠤᠷᠤᠨ ᠭᠦᠢᠴᠡᠳᠬᠡᠬᠦ︾ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃       ᠬᠤᠷᠠᠯ ᠠᠴᠠ︽ᠲᠠᠨ ᠢ ᠬᠠᠪᠰᠤᠷᠤᠨ ᠭᠦᠢᠴᠡᠳᠬᠡᠬᠦ︾ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2022 ᠣᠨ ᠤ︽ᠲᠠᠨ ᠢ ᠬᠠᠪᠰᠤᠷᠤᠨ ᠭᠦᠢᠴᠡᠳᠬᠡᠬᠦ︾ᠠᠵᠢᠯ ᠳᠤ ᠪᠠᠶᠢᠷᠢᠯᠠᠭᠤᠯᠤᠯᠲᠠ ᠬᠢᠵᠦ᠂ ᠮᠠᠨ ᠤ ᠣᠷᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠭᠠᠷᠳᠠᠮ ᠢ ᠭᠦᠢᠴᠡᠳᠬᠡᠵᠦ ᠪᠠᠶᠢᠭ᠎ᠠ ᠪᠠᠶᠢᠳᠠᠯ ᠤᠨ ᠠᠬᠢᠴᠠ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠲᠦᠷᠦᠯ ᠵᠦᠢᠯ ᠢ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠵᠦ ᠪᠠᠶᠢᠭ᠎ᠠ ᠠᠬᠢᠴᠠ ᠶᠢ ᠲᠦᠷᠭᠡᠨ ᠠᠬᠢᠭᠤᠯᠬᠤ ᠶᠢᠨ ᠬᠠᠮᠲᠤ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠵᠦ ᠪᠠᠶᠢᠭ᠎ᠠ ᠬᠥᠮᠥᠰ ᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠭᠡᠵᠡᠢ᠃

     ᠬᠤᠷᠠᠯ   ᠠᠴᠠ ᠱᠠᠭᠠᠷᠳᠠᠭᠰᠠᠨ ᠨᠢ᠂ ᠨᠢᠭᠡ ᠳᠤ ︽ᠲᠠᠨ   ᠢ ᠬᠠᠪᠰᠤᠷᠤᠨ ᠭᠦᠢᠴᠡᠳᠬᠡᠬᠦ︾ ᠠᠵᠢᠯᠲᠠᠳ

ᠰᠠᠨᠠᠭᠠᠴᠢᠯᠠᠭ᠎ᠠ   ᠠᠴᠠ ᠪᠠᠨ ᠣᠷᠣᠯᠴᠠᠵᠤ᠂ ᠲᠥᠷᠥᠯ ᠵᠦᠢᠯ   ᠢ ᠬᠢᠨᠠᠨ ᠵᠥᠪᠰᠢᠶᠡᠷᠡᠭᠰᠡᠨ ᠪᠠᠶᠢᠳᠠᠯ   ᠢ ᠤᠷᠢᠳᠴᠢᠯᠠᠨ

ᠣᠶᠢᠯᠠᠭᠠᠨ᠂ ᠭᠤᠶᠤᠴᠢᠯᠠᠭᠴᠢ   ᠶᠢᠨ ᠦᠢᠯᠡᠴᠢᠯᠡᠭᠡᠨ ᠤ ᠬᠡᠷᠡᠭᠴᠡᠭᠡ   ᠶᠢ ᠡᠵᠡᠮᠰᠢᠵᠦ᠂ ᠨᠢᠭᠡᠨᠲᠡ ᠳᠠᠭᠠᠭᠠᠨ

ᠠᠪᠤᠭᠰᠠᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠵᠦᠢᠯᠡᠰ ᠲᠤ ᠡᠬᠡ ᠲᠠᠩᠰᠠ   ᠶᠢᠨ ᠬᠡᠯᠪᠡᠷᠢ   ᠶᠢᠨ

ᠬᠠᠮᠢᠶᠠᠷᠤᠯᠲᠠ   ᠶᠢ ᠬᠡᠷᠡᠭᠵᠢᠭᠦᠯᠬᠦ ᠬᠡᠷᠡᠭᠲᠡᠢ᠃ᠣᠷᠣᠨ ᠤ ᠱᠠᠲᠤᠨ ᠤ ᠬᠢᠵᠦ ᠳᠡᠶᠢᠯᠬᠦ ᠤᠴᠢᠷ ᠶᠠᠪᠤᠳᠠᠯ ᠢ ᠳᠠᠷᠤᠶᠢᠬᠠᠨ

ᠬᠢᠵᠦ᠂ ᠳᠠᠷᠤᠶᠢᠬᠠᠨ ᠬᠢᠵᠦ᠂ ᠣᠷᠣᠨ ᠤ ᠱᠠᠲᠤᠨ ᠤ ᠡᠷᠬᠡ ᠮᠡᠳᠡᠯ ᠦᠭᠡᠢ ᠪᠣᠯ ᠳᠡᠭᠡᠳᠦ ᠱᠠᠲᠤᠨ ᠤ ᠣᠷᠣᠯᠠᠨ

ᠭᠦᠢᠴᠡᠳᠭᠡᠭᠴᠢ᠂ ᠬᠠᠪᠰᠤᠷᠤᠨ ᠭᠦᠢᠴᠡᠳᠭᠡᠭᠴᠢ ᠶᠢᠨ ᠡᠩᠨᠡᠭᠡ ᠲᠠᠢ ᠢᠳᠡᠪᠬᠢᠲᠡᠢ ᠪᠠᠷ ᠨᠡᠪᠲᠡᠷᠡᠯᠴᠡᠨ ᠵᠣᠬᠢᠴᠠᠭᠤᠯᠵᠤ᠂

ᠬᠠᠮᠤᠭ ᠤᠨ ᠲᠦᠷᠭᠡᠨ ᠬᠤᠷᠳᠤᠴᠠ ᠪᠠᠷ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ᠬᠤᠶᠠᠷ ᠲᠤ᠂ ︽ᠲᠠᠨ ᠢ

ᠬᠠᠪᠰᠤᠷᠤᠨ ᠭᠦᠢᠴᠡᠳᠬᠡᠬᠦ︾ ᠠᠵᠢᠯᠲᠠᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂

ᠰᠠᠨᠠᠭᠠᠴᠢᠯᠠᠭ᠎ᠠ   ᠠᠴᠠ ᠪᠠᠨ ᠠᠵᠢᠯ ᠬᠢᠵᠦ᠂ ᠭᠤᠶᠤᠴᠢᠯᠠᠭᠴᠢ ᠲᠠᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠵᠦ᠂

︽ᠠᠵᠤ ᠠᠬᠤᠶᠢᠯᠠᠯ ᠤᠨ ᠭᠦᠶᠦᠯᠲᠡ︾ ᠶᠢ ︽ᠵᠠᠰᠠᠭ ᠤᠨ ᠣᠷᠳᠣᠨ ᠤ ᠭᠦᠶᠦᠯᠲᠡ︾ ᠪᠣᠯᠭᠠᠨ ᠬᠤᠪᠢᠷᠠᠭᠤᠯᠵᠤ᠂

ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ

ᠠᠬᠢᠭᠤᠯᠵᠤ᠂ ᠪᠥᠬᠦ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠦᠷᠭᠦᠯᠵᠢᠯᠡᠨ ᠰᠢᠯᠢᠳᠡᠭᠵᠢᠬᠦ ᠳᠤ

ᠬᠦᠴᠦᠨ ᠨᠡᠮᠡᠷᠢᠯᠡᠬᠦ ᠬᠡᠷᠡᠭᠲᠡᠢ᠃ᠭᠤᠷᠪᠠ ᠳᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠥᠪᠥᠷ

ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ · ᠲᠠᠨ ᠢ ᠬᠠᠪᠰᠤᠷᠤᠨ ᠠᠯᠪᠠᠨ ᠭᠡᠷ︾ ᠤᠨ

ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ

ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ

ᠪᠣᠯᠭᠠᠬᠤ ᠬᠡᠷᠡᠭᠲᠡᠢ᠃

 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号