ᠱᠢ ᠭᠤᠸᠠᠢ ᠲᠣᠭᠤᠷᠢᠭ ᠤᠨ ᠬᠢᠨ 2022 ᠣᠨ ᠤ ᠨᠢᠭᠡᠳᠦᠭᠡᠷ ᠤᠯᠠᠷᠢᠯ ᠤᠨ︽ᠲᠠᠯᠪᠢᠬᠤ ᠬᠠᠮᠢᠶᠠᠷᠬᠤ ᠦᠢᠯᠡᠴᠢᠯᠡᠬᠦ︾ᠥᠭᠡᠷᠡᠴᠢᠯᠡᠯᠲᠡ ᠶᠢ ᠠᠬᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/14
       ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠠᠬᠢᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠵᠣᠬᠢᠴᠠᠭᠤᠯᠬᠤ ᠳᠤᠭᠤᠶᠢᠯᠠᠩ ᠤᠨ ᠨᠢᠭᠡᠳᠦᠯᠲᠡᠢ ᠲᠥᠯᠥᠪᠯᠡᠨ ᠵᠢᠯᠤᠭᠤᠳᠬᠤ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠦᠢᠯᠡᠳᠦᠯ ᠢ ᠦᠨᠡᠨᠬᠦ ᠪᠠᠳᠠᠷᠠᠭᠤᠯᠬᠤ ᠶᠢᠨ ᠲᠤᠰᠠᠳᠠ᠂ 4 ᠳ᠋ᠦᠭᠡᠷ ᠰᠠᠷ᠎ᠠ ᠶᠢᠨ 2 ᠤᠨ ᠡᠳᠦᠷ᠂ ᠮᠠᠨ ᠤ ᠣᠷᠣᠨ 22 ᠵᠢᠯ ᠤᠨ ᠨᠢᠭᠡᠳᠦᠭᠡᠷ ᠤᠯᠠᠷᠢᠯ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠵᠢᠶᠠ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

     ᠬᠤᠷᠠᠯ ᠠᠴᠠ ᠡᠩ ᠲᠡᠷᠢᠭᠦᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ

ᠳ᠋ᠦᠩ ᠱᠣ ᠰᠢᠶᠦᠶᠢᠩ ᠤᠨ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ  ᠲᠠᠢ ᠠᠵᠢᠯ ᠢ ᠳ᠋ᠦᠩ ᠲᠣᠪᠴᠢᠶᠠᠨ

ᠳᠠᠷᠤᠭ᠎ᠠ ᠮᠠᠨ ᠤ ᠣᠷᠣᠨ ᠤ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ

ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ  ᠶᠢ ᠲᠦᠯᠬᠢᠨ ᠠᠬᠢᠭᠤᠯᠬᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ

ᠳᠦᠷᠢᠮ ᠤᠨ ᠥᠭᠡᠷᠡᠴᠢᠯᠡᠯᠲᠡ  ᠶᠢ ᠲᠦᠯᠬᠢᠨ ᠠᠬᠢᠭᠤᠯᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠮᠤᠵᠢ

ᠠᠯᠤᠰᠯᠠᠨ ᠨᠡᠶᠢᠳᠡᠮ ᠭᠦᠢᠴᠡᠳᠬᠡᠬᠦ︾ ᠪᠠ ᠬᠥᠬᠡᠬᠤᠲᠠ ᠪᠤᠭᠤᠲᠤ ᠣᠷᠳᠣᠰ ᠦᠷᠪᠡᠨ ᠭᠠᠵᠠᠷ ᠤᠨ ︽ᠬᠤᠲᠠ

ᠠᠯᠤᠰᠯᠠᠨ ᠬᠠᠷᠢᠯᠴᠠᠨ ᠭᠦᠢᠴᠡᠳᠬᠡᠬᠦ︾ ᠶᠢ ᠲᠦᠯᠬᠢᠨ ᠠᠬᠢᠭᠤᠯᠬᠤ᠂ ᠰᠢᠶᠠᠨ ᠰᠢᠶᠠᠩ ᠲᠣᠰᠬᠤᠨ ᠭᠤᠷᠪᠠᠨ

ᠱᠠᠲᠤᠨ ᠤ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ

ᠥᠭᠡᠷᠡᠴᠢᠯᠡᠯᠲᠡ  ᠶᠢ ᠲᠦᠯᠬᠢᠨ ᠠᠬᠢᠭᠤᠯᠬᠤ ᠵᠢᠴᠢ ᠮᠠᠨ ᠤ ᠣᠷᠣᠨ ᠤ ︽ᠪᠢᠴᠢᠯ ᠥᠭᠡᠷᠡᠴᠢᠯᠡᠯᠲᠡ᠂ ᠪᠢᠴᠢᠯ ᠰᠢᠨ᠎ᠡ

ᠡᠭᠦᠳᠦᠯᠲᠡ︾ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠣᠷᠣᠰᠢᠵᠤ

ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ

ᠪᠠᠶᠢᠷᠢᠯᠠᠭᠤᠯᠵᠤ᠂ ᠴᠧᠨ ᠲᠣᠭᠤᠷᠢᠭ ᠤᠨ ᠳᠠᠷᠤᠭ᠎ᠠ ᠳ᠋ᠦᠩᠨᠡᠯᠲᠡ ᠶᠢᠨ ᠶᠠᠷᠢᠶ᠎ᠠ ᠲᠠᠯᠪᠢᠪᠠ᠃

     ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠤᠯᠠᠮ ᠨᠢᠭᠡ ᠠᠯᠬᠤᠮ

ᠰᠠᠶᠢᠲᠤᠷ ᠬᠢᠬᠦ ᠲᠤᠬᠠᠢ ᠴᠧᠨ ᠲᠣᠭᠤᠷᠢᠭ ᠤᠨ ᠳᠠᠷᠤᠭ᠎ᠠ ᠴᠢᠬᠤᠯᠠᠴᠢᠯᠠᠬᠤ ᠳᠠᠭᠠᠨ᠂ ᠨᠢᠭᠡ ᠳᠤ᠂ ᠤᠯᠤᠰ

ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠥᠷᠢᠶ᠎ᠡ ᠶᠢᠨ ᠬᠦᠷᠦᠯᠴᠡᠬᠦ ᠦᠭᠡᠢ ᠲᠠᠯ᠎ᠠ ᠳᠤ ᠵᠥᠪ ᠢᠶᠠᠷ

ᠬᠠᠨᠳᠤᠵᠤ᠂ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠦᠨ᠂ ᠦᠵᠡᠯ ᠰᠠᠨᠠᠭ᠎ᠠ

ᠲᠠᠨᠢᠯᠲᠠ ᠪᠠᠨ ᠪᠠᠲᠤᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠣᠳᠠᠲᠠᠶᠢᠵᠢᠭᠤᠯᠵᠤ᠂

ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠡᠢ᠃ᠬᠤᠶᠠᠷ ᠲᠤ᠂

ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠷᠭᠦᠯᠵᠢᠯᠡᠨ ᠤᠨᠢᠨ ᠳᠡᠭᠡᠷ᠎ᠡ ᠨᠢ

ᠬᠦᠴᠦᠯᠡᠬᠦ ᠬᠡᠷᠡᠭᠲᠡᠢ᠃︽ᠨᠢᠭᠡ ᠰᠦᠯᠵᠢᠶ᠎ᠡ ᠪᠠᠷ ᠨᠡᠶᠢᠳᠡᠮ ᠡᠷᠭᠢᠯᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠢ

ᠬᠠᠮᠢᠶᠠᠷᠬᠤ︾ ᠪᠠᠷ ᠭᠠᠷᠳᠠᠴᠠ ᠪᠣᠯᠭᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ

ᠦᠷᠭᠦᠯᠵᠢᠯᠡᠨ ᠭᠦᠨᠵᠡᠭᠡᠶᠢᠷᠡᠭᠦᠯᠵᠦ᠂ ︽ᠳᠥᠷᠪᠡ ᠶᠢ ᠡᠷᠭᠢᠯᠡᠬᠦ︾ ᠦᠢᠯᠡᠴᠢᠯᠡᠭᠡ ᠶᠢ ᠭᠦᠨᠵᠡᠭᠡᠢ ᠲᠦᠯᠬᠢᠨ

ᠠᠬᠢᠭᠤᠯᠬᠤ ᠬᠡᠷᠡᠭᠲᠡᠢ᠃ᠬᠡᠷᠡᠭ ᠶᠠᠪᠤᠳᠠᠯ ᠤᠨ ᠲᠠᠪᠴᠠᠩ ᠤᠨ ᠰᠠᠭᠤᠷᠢ ᠶᠢ ᠪᠠᠲᠤᠳᠬᠠᠬᠤ ᠶᠢ ᠪᠠᠷᠢᠮᠲᠠᠯᠠᠵᠤ᠂

ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠭᠦᠨᠵᠡᠭᠡᠢ ᠠᠭᠤᠰᠤᠯᠴᠠᠯ ᠢ ᠲᠦᠷᠭᠡᠳᠬᠡᠨ ᠠᠬᠢᠭᠤᠯᠵᠤ᠂

ᠦᠢᠯᠡᠴᠢᠯᠡᠭᠡᠨ ᠤ ᠴᠢᠳᠠᠪᠤᠷᠢ᠂ ᠦᠢᠯᠡᠴᠢᠯᠡᠭᠡᠨ ᠤ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠦᠨ᠎ᠡ᠃ᠭᠤᠷᠪᠠ ᠳᠤ᠂

ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠬᠤᠯᠠᠴᠢᠯᠠᠵᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ

ᠴᠢᠩᠭᠠᠳᠬᠠᠵᠤ᠂ ︽ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ

ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠥᠯ ᠤᠨ 3.0 ᠳ᠋ᠤᠭᠠᠷ ᠨᠢᠭᠤᠷ︾ ᠪᠠ ᠪᠤᠭᠤᠲᠤ ᠬᠤᠲᠠ ᠶᠢᠨ ︽2022

ᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠣᠯᠳᠠᠯᠭ᠎ᠠ ᠲᠠᠢ ᠡᠭᠦᠷᠭᠡ 100

ᠵᠤᠷᠪᠤᠰ︾ ᠶᠣᠰᠣᠭᠠᠷ᠂ ᠭᠤᠣᠯᠳᠠᠯᠭ᠎ᠠ ᠶᠢ ᠣᠨᠣᠪᠴᠢᠲᠠᠶ ᠡᠷᠢᠵᠦ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ

ᠰᠢᠢᠳᠪᠦᠷᠢᠯᠡᠬᠦ ᠶᠢ ᠵᠣᠬᠢᠴᠠᠭᠤᠯᠤᠨ ᠠᠬᠢᠭᠤᠯᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ

ᠴᠠᠭ ᠲᠤᠬᠠᠢ ᠳᠤᠨᠢ ᠳ᠋ᠦᠩᠨᠡᠵᠦ᠂ ︽ᠴᠢᠯᠦᠭᠡᠲᠡᠢ ᠪᠣᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ

ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠮᠠᠨ ᠤ ᠣᠷᠣᠨ ᠤ ᠬᠤᠳᠠᠯᠳᠤᠭ᠎ᠠ

ᠡᠵᠡᠩᠨᠡᠬᠦ ᠣᠷᠴᠢᠨ ᠲᠣᠭᠤᠷᠢᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃

 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号