ᠱᠢ ᠭᠤᠸᠠᠢ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ2021 ᠣᠨ ᠤ ᠦᠵᠡᠯ ᠤᠬᠠᠮᠰᠠᠷ ᠤᠨ ᠬᠡᠯᠪᠡᠷᠢ ᠶᠢ ᠮᠡᠳᠡᠭᠳᠡᠬᠦ ᠬᠤᠷᠠᠯ ᠢ ᠬᠤᠷᠠᠯᠳᠤᠭᠤᠯᠬᠤ ᠲ᠊
ᠨᠡᠶᠢᠲᠡᠯᠡᠭᠰᠡᠨ ᠴᠠᠭ᠄
2022/4/14
       2022 ᠣᠨ ᠤ 4 ᠰᠠᠷ᠎ᠠ ᠶᠢᠨ 1  ᠤ ᠡᠳᠦᠷ᠂ ᠱᠢ ᠭᠤᠸᠠᠢ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ︽2022 ᠣᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ︾︾ ᠢ ᠬᠤᠷᠠᠯᠳᠤᠭᠤᠯᠵᠤ᠂ ᠬᠤᠷᠠᠯ ᠳᠡᠭᠡᠷ᠎ᠡ 2021 ᠣᠨ ᠤ ᠦᠵᠡᠯ ᠤᠬᠠᠮᠰᠠᠷ ᠤᠨ ᠬᠡᠯᠪᠡᠷᠢ ᠶᠢ ᠱᠠᠯᠠᠪᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠲᠣᠭᠲᠠᠭᠠᠵᠤ᠂ ᠬᠠᠷᠢᠭᠤᠴᠠᠯᠭᠠᠲᠠᠨ ᠢ ᠲᠣᠳᠣᠷᠬᠠᠶᠢᠯᠠᠪᠠ᠃︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ︽ᠳᠥᠷᠪᠡᠨ ᠤᠬᠠᠮᠰᠠᠷ︾ ᠢ ᠴᠢᠩᠭᠠᠳᠬᠠᠬᠤ᠂ ︽ᠳᠥᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠪᠣᠳᠠᠲᠤ ᠠᠵᠢᠯᠯᠠᠭ᠎ᠠ ᠪᠣᠯᠭᠠᠵᠤ᠂ ᠤᠳᠤᠷᠢᠳᠬᠤ ᠪᠠᠭ ᠤᠨ ᠤᠯᠤᠰ ᠲᠥᠷᠥ ᠶᠢᠨ ᠡᠭᠦᠷᠭᠡᠯᠡᠯ ᠢ ᠴᠢᠩᠭᠠᠳᠬᠠᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠡᠩᠨᠡᠭᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠱᠢ ᠭᠤᠸᠠᠢ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号