ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠲᠤᠬᠠᠢ ᠪᠤᠭᠤᠲᠤ ᠬᠤᠳᠠ ᠶᠢᠨ ᠪᠠᠳᠺᠠᠷ ᠵᠤᠤ ᠶᠢᠨ ᠦᠵᠡᠮᠵᠢ ᠶᠢᠨ ᠣᠷᠣᠨ‌ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ
ᠨᠡᠶᠢᠲᠡᠯᠡᠭᠰᠡᠨ ᠴᠠᠭ᠄
2022/4/14
         4 ᠳ᠋ᠦᠭᠡᠷ ᠰᠠᠷ᠎ᠠ ᠶᠢᠨ 12 ᠤᠨ ᠡᠳᠦᠷ᠂ ᠪᠠᠳᠺᠠᠷ ᠵᠤᠤ ᠶᠢᠨ ᠦᠵᠡᠮᠵᠢ ᠶᠢᠨ ᠣᠷᠣᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠢ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ᠂ ︽ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠢ ᠱᠢ ᠭᠤᠸᠠᠢ ᠲᠣᠭᠤᠷᠢᠭ ᠤᠨ ᠬᠡᠷᠡᠭᠵᠢᠭᠦᠯᠬᠦ ᠲᠥᠰᠥᠯ︾ ᠢ ᠤᠯᠠᠮᠵᠢᠯᠠᠪᠠ᠃        ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠵᠢᠶᠦ᠋ᠨ ᠨᠥᠬᠦᠷ ᠴᠢᠬᠤᠯᠠᠴᠢᠯᠠᠭᠰᠠᠨ ᠨᠢ᠂ ᠨᠢᠭᠡ ᠳᠤ ᠰᠤᠷᠲᠠᠯ ᠤᠨ ᠪᠠᠶᠢᠭᠤᠯᠤᠯᠲᠠ  ᠶᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠨ ᠪᠦᠬᠦ ᠲᠠᠯ᠎ᠠ  ᠪᠠᠷ ᠳᠡᠭᠡᠭᠰᠢᠯᠡᠭᠦᠯᠵᠦ᠂ ᠬᠠᠮᠢᠶᠠᠷᠤᠯᠲᠠ ᠶᠢᠨ ᠵᠥᠪᠯᠡᠯ ᠤᠨ ᠪᠦᠬᠦ ᠺᠠᠳ᠋ᠷ ᠠᠵᠢᠯᠲᠠᠨ ᠠᠵᠢᠯᠴᠢᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠭᠦᠨᠵᠡᠭᠡᠢ ᠵᠠᠳᠠᠯᠤᠨ ᠰᠢᠨᠵᠢᠯᠡᠵᠦ ᠥᠪᠡᠷ ᠢ ᠪᠠᠨ ᠪᠠᠶᠢᠴᠠᠭᠠᠬᠤ ᠬᠡᠷᠡᠭᠲᠡᠢ᠂ ᠢᠯᠠᠩᠭᠤᠶ᠎ᠠ ᠤᠳᠤᠷᠢᠳᠬᠤ ᠺᠠᠳ᠋ᠷᠴᠤᠳ ᠰᠤᠷᠲᠠᠯ ᠤᠨ ᠪᠠᠶᠢᠭᠤᠯᠤᠯᠲᠠ ᠶᠢᠨ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢ ᠴᠢᠩᠭᠠᠳᠬᠠᠬᠤ ᠪᠠᠷ ᠳᠠᠮᠵᠢᠭᠤᠯᠤᠨ᠂ ᠰᠠᠶᠢᠨ ᠰᠤᠷᠲᠠᠯ ᠢ ᠪᠤᠢ ᠪᠣᠯᠭᠠᠵᠤ᠂ ᠮᠠᠭᠤ ᠬᠡᠪ ᠰᠤᠷᠲᠠᠯ ᠢ ᠡᠪᠳᠡᠵᠦ᠂ ᠤᠬᠠᠮᠰᠠᠷ ᠠᠴᠠ ᠪᠠᠨ ᠠᠰᠠᠭᠤᠳᠠᠯ ᠢ ᠪᠠᠶᠢᠴᠠᠭᠠᠨ ᠳᠡᠯᠭᠡᠵᠦ᠂ ᠠᠰᠠᠭᠤᠳᠠᠯ ᠢ ᠵᠠᠳᠠᠯᠤᠨ ᠰᠢᠨᠵᠢᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠰᠢᠯᠭᠠᠷᠠᠭᠰᠠᠨ ᠬᠡᠪ ᠰᠤᠷᠲᠠᠯ᠂ ᠰᠢᠯᠭᠠᠷᠠᠭᠰᠠᠨ ᠬᠡᠪ ᠴᠢᠨᠠᠷ᠂ ᠰᠢᠯᠭᠠᠷᠠᠭᠰᠠᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠬᠤ ᠪᠠᠷ ᠳᠠᠮᠵᠢᠭᠤᠯᠤᠨ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ᠃

       ᠬᠤᠶᠠᠷ ᠲᠤ᠂ ᠤᠯᠠᠨ ᠲᠦᠮᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠲᠦᠮᠡᠨ ᠢᠶᠠᠷ

ᠭᠤᠣᠯ ᠪᠣᠯᠭᠠᠭᠰᠠᠨ ᠬᠥᠭᠵᠢᠯᠲᠡ ᠶᠢᠨ ᠦᠵᠡᠯᠲᠡ᠂ ᠠᠵᠢᠯ ᠤᠨ ᠠᠮᠵᠢᠯᠲᠠ ᠶᠢᠨ ᠦᠵᠡᠯᠲᠡ ᠶᠢᠨ ᠬᠥᠮᠦᠵᠢᠯ ᠢ

ᠭᠦᠨᠵᠡᠭᠡᠢ ᠥᠷᠨᠢᠭᠦᠯᠬᠦ ᠬᠡᠷᠡᠭᠲᠡᠢ᠃ᠰᠤᠷᠤᠯᠴᠠᠯᠭ᠎ᠠ ᠬᠥᠮᠦᠵᠢᠯ ᠢ ᠤᠯᠠᠮ ᠴᠢᠨᠠᠭᠰᠢᠳᠠ ᠭᠦᠨᠵᠡᠭᠡᠢ ᠥᠷᠨᠢᠭᠦᠯᠵᠦ᠂ ᠤᠯᠠᠨ

ᠲᠦᠮᠡᠨ ᠤ ᠴᠢᠨᠠᠷᠲᠠᠢ ᠬᠡᠷᠡᠭ ᠶᠠᠪᠤᠳᠠᠯ ᠢ ᠰᠢᠢᠳᠪᠦᠷᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ

ᠲᠠᠯ᠎ᠠ ᠶᠢᠨ ᠪᠣᠯᠪᠠᠰᠤᠷᠠᠯ ᠢ ᠥᠷᠨᠢᠭᠦᠯᠵᠦ᠂ ᠤᠯᠠᠨ ᠲᠦᠮᠡᠨ ᠳᠤ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠬᠦ ᠶᠢ

ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ

ᠵᠠᠮᠨᠠᠬᠤ ᠬᠡᠷᠡᠭᠲᠡᠢ᠃ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠢᠮᠠᠭᠲᠠ ᠪᠠᠷᠢᠮᠲᠠᠯᠠᠵᠤ᠂ ᠪᠣᠳᠠᠲᠠᠢ ᠪᠠᠷ

ᠠᠵᠢᠯᠯᠠᠬᠤ ᠤᠳᠤᠷᠢᠳᠤᠮᠵᠢ ᠶᠢ ᠪᠤᠢ ᠪᠣᠯᠭᠠᠵᠤ᠂ ᠰᠡᠳᠬᠢᠯ ᠢᠶᠠᠨ ᠲᠣᠭᠲᠠᠭᠤᠨ ᠪᠠᠶᠢᠯᠭᠠᠵᠤ᠂

ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠨᠡᠨ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠤᠭ ᠰᠠᠨᠠᠭ᠎ᠠ ᠡᠭᠦᠷᠭᠡ

ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂

ᠰᠢᠯᠢᠳᠡᠭ ᠠᠮᠵᠢᠯᠲᠠ ᠪᠦᠲᠦᠮᠵᠢ ᠪᠣᠯᠣᠨ ᠴᠣ᠋ ᠰᠢᠨ᠎ᠡ ᠳᠦᠷᠰᠦ ᠪᠠᠶᠢᠳᠠᠯ ᠢᠶᠠᠷ ᠨᠠᠮ ᠤᠨ ᠬᠤᠷᠢᠳᠤᠭᠠᠷ ᠶᠡᠭᠡ

ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃

 
ᠢᠷᠡᠯᠲᠡ᠄ ᠪᠠᠳᠺᠠᠷ ᠵᠤᠤ ᠶᠢᠨ ᠦᠵᠡᠮᠵᠢ ᠶᠢᠨ ᠣᠷᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号