4 ᠳ᠋ᠦᠭᠡᠷ ᠰᠠᠷ᠎ᠠ ᠶᠢᠨ 12 ᠤᠨ ᠡᠳᠦᠷ᠂ ᠦ᠋ ᠳ᠋ᠠᠩ ᠵᠣᠣ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ | ᠵᠥᠪᠯᠡᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ | ᠥᠷᠨᠢᠭᠦᠯᠬᠦ ᠲᠤᠬᠠᠢ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ | ᠭᠦᠨᠵᠡᠭᠡᠢ ᠲᠤᠤᠱᠯᠠᠭᠤᠯᠤᠨ᠂ ︽ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠤᠷᠤᠯᠴᠠᠨ | ᠦᠢᠯᠡᠳᠦᠯᠭᠡᠵᠢᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠢ ᠱᠢ ᠭᠤᠸᠠᠢ ᠲᠣᠭᠤᠷᠢᠭ ᠤᠨ ᠬᠡᠷᠡᠭᠵᠢᠭᠦᠯᠬᠦ ᠲᠥᠰᠥᠯ︾ ᠢ | ᠤᠯᠠᠮᠵᠢᠯᠠᠪᠠ᠃ | ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ | ᠵᠢᠶᠦ᠋ᠨ ᠨᠥᠬᠦᠷ ᠴᠢᠬᠤᠯᠠᠴᠢᠯᠠᠭᠰᠠᠨ ᠨᠢ᠂ ᠨᠢᠭᠡ ᠳᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ | ᠠᠵᠢᠯ ᠤᠨ ᠦᠷ᠎ᠡ ᠪᠦᠲᠦᠮᠵᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠮᠢᠶᠠᠷᠤᠯᠲᠠ ᠶᠢᠨ ᠵᠥᠪᠯᠡᠯ ᠤᠨ ᠪᠦᠬᠦ | ᠺᠠᠳ᠋ᠷ ᠠᠵᠢᠯᠲᠠᠨ ᠠᠵᠢᠯᠴᠢᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠭᠦᠨᠵᠡᠭᠡᠢ | ᠵᠠᠳᠠᠯᠤᠨ ᠰᠢᠨᠵᠢᠯᠡᠵᠦ ᠥᠪᠡᠷ ᠢ ᠪᠠᠨ ᠪᠠᠶᠢᠴᠠᠭᠠᠬᠤ ᠬᠡᠷᠡᠭᠲᠡᠢ᠂ ᠢᠯᠠᠩᠭᠤᠶ᠎ᠠ ᠤᠳᠤᠷᠢᠳᠬᠤ ᠺᠠᠳ᠋ᠷᠴᠤᠳ ᠰᠤᠷᠲᠠᠯ ᠤᠨ | ᠪᠠᠶᠢᠭᠤᠯᠤᠯᠲᠠ ᠶᠢᠨ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢ ᠴᠢᠩᠭᠠᠳᠬᠠᠬᠤ ᠪᠠᠷ ᠳᠠᠮᠵᠢᠭᠤᠯᠤᠨ᠂ ᠰᠠᠶᠢᠨ | ᠰᠤᠷᠲᠠᠯ ᠢ ᠪᠤᠢ ᠪᠣᠯᠭᠠᠵᠤ᠂ ᠮᠠᠭᠤ ᠬᠡᠪ ᠰᠤᠷᠲᠠᠯ ᠢ ᠡᠪᠳᠡᠵᠦ᠂ ᠤᠬᠠᠮᠰᠠᠷ ᠠᠴᠠ ᠪᠠᠨ ᠠᠰᠠᠭᠤᠳᠠᠯ ᠢ ᠪᠠᠶᠢᠴᠠᠭᠠᠨ | ᠳᠡᠯᠭᠡᠵᠦ᠂ ᠠᠰᠠᠭᠤᠳᠠᠯ ᠢ ᠵᠠᠳᠠᠯᠤᠨ ᠰᠢᠨᠵᠢᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠰᠢᠯᠭᠠᠷᠠᠭᠰᠠᠨ ᠬᠡᠪ | ᠰᠤᠷᠲᠠᠯ᠂ ᠰᠢᠯᠭᠠᠷᠠᠭᠰᠠᠨ ᠬᠡᠪ ᠴᠢᠨᠠᠷ᠂ ᠰᠢᠯᠭᠠᠷᠠᠭᠰᠠᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠬᠤ ᠪᠠᠷ | ᠳᠠᠮᠵᠢᠭᠤᠯᠤᠨ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ᠃ | | | | | ᠬᠤᠶᠠᠷ ᠲᠤ᠂ ᠤᠯᠠᠨ ᠲᠦᠮᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠣᠯ | ᠪᠣᠯᠭᠠᠭᠰᠠᠨ ᠬᠥᠭᠵᠢᠯᠲᠡ ᠶᠢᠨ ᠦᠵᠡᠯᠲᠡ᠂ ᠠᠵᠢᠯ ᠤᠨ ᠠᠮᠵᠢᠯᠲᠠ ᠶᠢᠨ ᠦᠵᠡᠯᠲᠡ ᠶᠢᠨ ᠬᠥᠮᠦᠵᠢᠯ ᠢ ᠭᠦᠨᠵᠡᠭᠡᠢ | ᠥᠷᠨᠢᠭᠦᠯᠬᠦ ᠬᠡᠷᠡᠭᠲᠡᠢ᠃ᠰᠤᠷᠤᠯᠴᠠᠯᠭ᠎ᠠ ᠬᠥᠮᠦᠵᠢᠯ ᠢ ᠤᠯᠠᠮ ᠴᠢᠨᠠᠭᠰᠢᠳᠠ ᠭᠦᠨᠵᠡᠭᠡᠢ ᠥᠷᠨᠢᠭᠦᠯᠵᠦ᠂ ᠤᠯᠠᠨ ᠲᠦᠮᠡᠨ ᠤ | ᠴᠢᠨᠠᠷᠲᠠᠢ ᠬᠡᠷᠡᠭ ᠶᠠᠪᠤᠳᠠᠯ ᠢ ᠰᠢᠢᠳᠪᠦᠷᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠲᠠᠯ᠎ᠠ ᠶᠢᠨ | ᠪᠣᠯᠪᠠᠰᠤᠷᠠᠯ ᠢ ᠥᠷᠨᠢᠭᠦᠯᠵᠦ᠂ ᠤᠯᠠᠨ ᠲᠦᠮᠡᠨ ᠳᠤ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠬᠦ ᠶᠢ ᠴᠥᠬᠦᠷᠡᠰᠢ ᠦᠭᠡᠢ | ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠬᠡᠷᠡᠭᠲᠡᠢ᠃ | ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠢᠮᠠᠭᠲᠠ ᠪᠠᠷᠢᠮᠲᠠᠯᠠᠵᠤ᠂ ᠪᠣᠳᠠᠲᠠᠢ ᠪᠠᠷ ᠠᠵᠢᠯᠯᠠᠬᠤ | ᠤᠳᠤᠷᠢᠳᠤᠮᠵᠢ ᠶᠢ ᠪᠤᠢ ᠪᠣᠯᠭᠠᠵᠤ᠂ ᠰᠡᠳᠬᠢᠯ ᠢᠶᠠᠨ ᠲᠣᠭᠲᠠᠭᠤᠨ ᠪᠠᠶᠢᠯᠭᠠᠵᠤ᠂ ᠨᠠᠶᠢᠳᠠᠪᠤᠷᠢᠵᠢᠭᠤᠯᠤᠯᠲᠠ ᠶᠢ | ᠠᠳᠬᠤᠵᠤ᠂ ᠦᠨᠡᠨ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠯᠢᠳᠡᠭ ᠠᠮᠵᠢᠯᠲᠠ | ᠪᠦᠲᠦᠮᠵᠢ ᠪᠣᠯᠣᠨ ᠴᠣ᠋ ᠰᠢᠨ᠎ᠡ ᠳᠦᠷᠰᠦ ᠪᠠᠶᠢᠳᠠᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | |