ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠱᠢ ᠭᠤᠸᠠᠢ ᠭᠤᠣᠯᠳᠠᠯᠭ᠎ᠠ ᠲᠠᠢ ᠲᠦᠷᠦᠯ ᠵᠦᠢᠯ ᠢ ᠡᠮᠬᠢ ᠵᠢᠷᠤᠮ ᠲᠠᠢ ᠶᠠᠪᠤᠭᠳᠠᠭᠤᠯᠬᠤ ᠶᠢ ᠪᠠᠲᠤᠯᠠᠨ᠎ᠠ
ᠨᠡᠶᠢᠲᠡᠯᠡᠭᠰᠡᠨ ᠴᠠᠭ᠄
2022/4/14
        2022 ᠣᠨ ᠤ 4 ᠰᠠᠷ᠎ᠠ ᠶᠢᠨ 12  ᠤᠨ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠵᠤᠤ ᠮᠠᠨ ᠢ ᠲᠣᠭᠤᠷᠢᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠳᠠᠭᠠᠭᠤᠯᠵᠤ᠂ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠯ᠎ᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠲᠤ ᠲᠤᠬᠠᠢ ᠶᠢᠨ ᠲᠠᠯᠠᠪᠠᠢ ᠶᠢᠨ ᠪᠠᠶᠢᠴᠠᠭᠠᠨ ᠰᠤᠳᠤᠯᠤᠯᠲᠠ ᠪᠠ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠦ᠂ ᠤᠷᠢᠳ ᠬᠤᠵᠢᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠭᠤᠣᠯᠳᠠᠯᠭ᠎ᠠ ᠲᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ‍ᠦᠨ‌‍ᠪᠠᠶᠢᠴᠠᠭᠠᠯᠲᠠ ᠶᠢᠨ ᠶᠠᠪᠤᠴᠠ ᠳᠤ᠂ ᠵᠤᠤ ᠮᠠᠨ ᠢ ᠲᠣᠭᠤᠷᠢᠭ ᠤᠨ ᠳᠠᠷᠤᠭ᠎ᠠ ᠡᠯ᠎ᠡ ᠲᠣᠭᠤᠷᠢᠭ ᠲᠤ ᠬᠠᠷᠢᠶᠠᠯᠠᠭᠳᠠᠬᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ  ᠬᠢᠨ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠪᠣᠯᠣᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ︽ᠬᠤᠶᠠᠷ ᠲᠠᠯ᠎ᠠ ᠶᠢ ᠠᠳᠬᠤᠵᠤ᠂ ᠬᠤᠶᠠᠷ ᠢ ᠰᠠᠭᠠᠲᠠᠭᠠᠬᠤ ᠦᠭᠡᠢ︾ᠪᠠᠶᠢᠬᠤ ᠶᠢ ᠬᠠᠮᠵᠢᠯᠴᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ᠨᠢᠭᠡ ᠳᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠲᠤᠬᠠᠢ ᠶᠢᠨ ᠲᠠᠯᠠᠪᠤᠷ ᠲᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠨᠠᠭᠰᠢᠳᠠ ᠪᠠᠲᠤᠳᠬᠠᠵᠤ᠂ ᠠᠵᠢᠯᠲᠠᠨ ᠠᠵᠢᠯᠴᠢᠨ ᠤ ᠬᠤᠪᠢ ᠬᠥᠮᠥᠨ ᠤ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠱᠠᠲᠤ ᠱᠠᠲᠤ ᠪᠠᠷ ᠪᠣᠳᠠᠲᠠᠶᠢᠵᠢᠭᠤᠯᠵᠤ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ︔ᠬᠤᠶᠠᠷ ᠲᠤ᠂ ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ ᠲᠦᠷᠦᠯ ᠵᠦᠢᠯ ᠤᠨ ᠠᠬᠢᠴᠠ ᠶᠢ ᠰᠠᠶᠢᠲᠤᠷ ᠠᠳᠬᠤᠵᠤ᠂ ᠲᠣᠭᠲᠠᠭᠰᠠᠨ ᠴᠠᠭ ᠲᠠᠭᠠᠨ ᠠᠵᠢᠯ ᠢᠶᠠᠨ ᠳᠠᠭᠤᠰᠬᠠᠬᠤ ᠶᠢ ᠪᠠᠲᠤᠯᠠᠬᠤ ᠬᠡᠷᠡᠭᠲᠡᠢ︔ᠭᠤᠷᠪᠠ ᠳᠤ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠩᠬᠠᠷᠴᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠨᠢ ᠴᠢᠨᠠᠷ ᠰᠠᠶᠢᠲᠠᠢ ᠪᠠᠷᠢᠯᠭ᠎ᠠ ᠶᠢᠨ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠪᠠᠷᠢᠯᠭ᠎ᠠ ᠶᠢ ᠨᠢᠭᠡ ᠵᠦᠢᠯ ᠢᠶᠠᠷ ᠬᠢᠵᠦ᠂ ᠨᠢᠭᠡ ᠵᠦᠢᠯ ᠢ ᠰᠢᠯᠢᠳᠡᠭᠵᠢᠭᠦᠯᠵᠦ᠂ ᠠᠷᠠᠳ ᠤᠯᠠᠨ ᠳᠤ ᠬᠠᠨᠤᠮᠵᠢᠲᠠᠢ ᠪᠣᠯᠭᠠᠬᠤ ᠬᠡᠷᠡᠭᠲᠡᠢ᠃ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠯᠪᠣᠭᠳᠠᠯ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃

 
ᠢᠷᠡᠯᠲᠡ᠄ ᠤᠯᠤᠰ  ᠤᠨ ᠪᠡᠯᠡ ᠬᠦ᠋ᠷᠦᠩᠬ᠋ᠡ ᠶᠢ ᠬᠢᠨᠠᠨ ᠬᠠᠮᠢᠶᠠᠷᠬᠤ ᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号