ᠣᠶᠢᠷ᠎ᠠ ᠳᠤ᠂ ᠵᠡᠮᠳᠡᠭᠴᠦᠳ ᠤᠨ ᠦᠨᠡᠮᠯᠡᠯ ᠠᠪᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ | ᠱᠢ ᠭᠤᠸᠠᠢ ᠲᠣᠭᠤᠷᠢᠭ ᠤᠨ ᠳ᠋ᠠ ᠹᠠ ᠵᠡᠭᠡᠯᠢ ᠭᠤᠳᠤᠮᠵᠢ ᠳᠤ ᠳᠠᠬᠢᠨᠲᠠ ᠡᠷᠦᠬᠡ ᠳᠤ ᠬᠦᠷᠴᠦ ᠲᠡᠮᠲᠡᠷᠢᠬᠦ ᠠᠵᠢᠯ ᠢ | ᠥᠷᠨᠢᠭᠦᠯᠵᠦ᠂ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠶᠢᠨ ᠲᠤᠰᠬᠠᠢ ᠵᠥᠪᠯᠡᠯ ᠨᠢ ᠡᠷᠦᠬᠡ ᠳᠤ | ᠬᠦᠷᠴᠦ ᠲᠡᠮᠲᠡᠷᠢᠬᠦ ᠠᠵᠢᠯ ᠢᠶᠠᠷ ᠳᠠᠮᠵᠢᠭᠤᠯᠤᠨ ᠵᠡᠮᠳᠡᠭᠴᠦᠳ ᠤᠨ ᠦᠨᠡᠮᠯᠡᠯ ᠠᠪᠤᠭᠰᠠᠨ ᠦᠭᠡᠢ ᠵᠡᠮᠳᠡᠭᠴᠦᠳ ᠲᠤ | ᠵᠢᠭᠠᠨ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠬᠦᠷᠴᠦ ᠬᠠᠷᠠᠭ᠎ᠠ᠂ ᠮᠥᠴᠢ᠂ ᠣᠶᠤᠨ ᠤᠬᠠᠭᠠᠨ᠂ ᠣᠶᠤᠨ | ᠤᠬᠠᠭᠠᠨ᠂ ᠦᠭᠡ ᠬᠡᠯᠡ᠂ ᠰᠣᠨᠣᠷ ᠤᠨ ᠴᠢᠳᠠᠪᠤᠷᠢ ᠵᠡᠷᠭᠡ ᠠᠨᠠᠭᠠᠬᠤ ᠤᠬᠠᠭᠠᠨ ᠤ ᠣᠨᠣᠰᠢᠯᠠᠯᠲᠠ ᠬᠢᠯᠭᠡᠬᠦ ᠶᠢ ᠴᠠᠭ | ᠲᠤᠬᠠᠢ ᠳᠤᠨᠢ ᠮᠡᠳᠡᠭᠳᠡᠵᠦ᠂ ᠳᠠᠷᠠᠭ᠎ᠠ ᠨᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠲᠤ ᠲᠥᠪᠯᠡᠷᠡᠭᠦᠯᠦᠨ ᠵᠡᠮᠳᠡᠭᠴᠦᠳ ᠤᠨ ᠲᠠᠰ ᠤᠨ ᠬᠢᠨᠠᠨ ᠲᠣᠭᠲᠠᠭᠠᠯᠲᠠ ᠬᠢᠯᠭᠡᠪᠡ᠃ᠵᠡᠮᠳᠡᠭᠴᠦᠳ ᠤᠨ | ᠲᠤᠰᠬᠠᠢ ᠵᠥᠪᠯᠡᠯ ᠲᠥᠪᠯᠡᠷᠡᠭᠦᠯᠦᠨ ᠦᠨᠡᠮᠯᠡᠯ ᠭᠦᠢᠴᠡᠳᠬᠡᠬᠦ ᠴᠠᠭ ᠲᠣᠬᠢᠶᠠᠯ ᠢ ᠠᠰᠢᠭᠯᠠᠨ ᠵᠡᠮᠳᠡᠭᠴᠦᠳ ᠤᠨ | ᠦᠨᠡᠮᠯᠡᠯ ᠢ ᠭᠦᠢᠴᠡᠳᠬᠡᠬᠦ ᠪᠠ ᠵᠡᠮᠳᠡᠭᠴᠦᠳ ᠢ ᠲᠤᠰᠠᠯᠠᠵᠤ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠷᠢᠶᠠᠲᠤ ᠣᠷᠣᠨ ᠤ | ᠵᠡᠮᠳᠡᠭᠴᠦᠳ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠬᠦᠴᠦᠲᠡᠢ ᠳᠡᠭᠡᠭᠰᠢᠯᠡᠭᠦᠯᠪᠡ᠃ᠡᠨᠡ | ᠬᠤᠭᠤᠴᠠᠭᠠᠨ ᠳᠤ ᠨᠢᠭᠡᠨᠲᠡ 12 ᠵᠡᠮᠳᠡᠭᠴᠦᠳ ᠲᠤ ᠭᠤᠷᠪᠠᠳᠤᠭᠠᠷ ᠦᠶ᠎ᠡ ᠶᠢᠨ ᠵᠡᠮᠳᠡᠭᠴᠦᠳ ᠤᠨ ᠦᠨᠡᠮᠯᠡᠯ ᠢ | ᠰᠣᠯᠢᠵᠤ ᠥᠭᠴᠦ᠂ ᠦᠨᠡᠮᠯᠡᠯ ᠠᠪᠤᠭᠰᠠᠨ ᠦᠭᠡᠢ 4 ᠵᠡᠮᠳᠡᠭᠴᠦᠳ ᠲᠤ ᠦᠨᠡᠮᠯᠡᠯ ᠠᠪᠬᠤ ᠡᠮᠦᠨᠡᠬᠢ | ᠬᠤᠭᠤᠴᠠᠭᠠᠨ ᠤ ᠠᠵᠢᠯ ᠢ ᠰᠠᠶᠢᠲᠤᠷ ᠬᠢᠵᠦ ᠥᠭᠴᠡᠢ᠃ | | | | | ᠳ᠋ᠠ ᠹᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ | ᠡᠷᠦᠭᠡ ᠳᠤ ᠬᠦᠷᠴᠦ ᠦᠢᠯᠡᠴᠢᠯᠡᠭᠡ ᠬᠠᠩᠭᠠᠬᠤ ᠳᠠᠭᠠᠨ ᠨᠡᠩ ᠤᠯᠠᠨ ᠵᠡᠮᠳᠡᠭᠴᠦᠳ ᠤᠨ ᠰᠡᠵᠢᠭᠯᠡᠯᠲᠡᠢ ᠰᠠᠭᠤᠭᠠᠯᠢ | ᠠᠷᠠᠳ ᠲᠤ ᠵᠡᠮᠳᠡᠭᠴᠦᠳ ᠤᠨ ᠦᠨᠡᠮᠯᠡᠯ ᠠᠪᠬᠤ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠤ᠂ ᠦᠨᠡᠮᠯᠡᠯ | ᠠᠪᠬᠤ ᠶᠠᠪᠤᠴᠠ ᠶᠢ ᠳᠥᠭᠦᠮᠴᠢᠯᠡᠵᠦ᠂ ᠬᠠᠷᠢᠶ᠎ᠠ ᠣᠷᠣᠨ ᠤ ᠵᠡᠮᠳᠡᠭᠴᠦᠳ ᠤᠨ ᠦᠨᠡᠮᠯᠡᠯ ᠢ ᠭᠦᠢᠴᠡᠳᠬᠡᠪᠡᠯ | ᠵᠣᠬᠢᠬᠤ ᠶᠢ ᠨᠢ ᠪᠦᠬᠦᠨ ᠢ ᠭᠦᠢᠴᠡᠳᠬᠡᠵᠦ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠠᠵᠢᠯ ᠤᠨ | ᠬᠠᠷᠠᠯᠲᠠ ᠶᠢ ᠪᠡᠶᠡᠯᠡᠭᠦᠯᠬᠦ ᠳᠤ ᠯᠠᠪᠳᠠᠭᠤᠨ ᠪᠠᠲᠤᠲᠠᠢ ᠠᠯᠬᠤᠮ ᠢ ᠠᠯᠬᠤᠵᠠᠢ᠃ | | | | | | | |