2022 ᠣᠨ ᠤ 2 ᠰᠠᠷ᠎ᠠ ᠶᠢᠨ 18 ᠤ ᠡᠳᠦᠷ ᠠᠴᠠ ᠨᠠᠰᠢ᠂ ᠰᠢᠨ᠎ᠡ ᠪᠠᠷ ᠳᠡᠯᠭᠡᠷᠡᠭᠰᠡᠨ ᠬᠢᠵᠢᠭ ᠤᠨ | ᠪᠠᠶᠢᠳᠠᠯ ᠪᠤᠭᠤᠲᠤ ᠬᠤᠲᠠ ᠳᠤ ᠠᠭᠠᠵᠢᠮ ᠢᠶᠠᠷ ᠳᠡᠯᠭᠡᠷᠡᠪᠡ᠃ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ | ᠪᠠᠶᠢᠳᠠᠭ᠂ ᠬᠢᠵᠢᠭ ᠤᠨ ᠪᠠᠶᠢᠳᠠᠯ ᠪᠣᠯ ᠳᠠᠷᠤᠢ ᠵᠠᠷᠯᠢᠭ ᠮᠥᠨ᠂ ᠰᠡᠷᠭᠡᠶᠢᠯᠡᠨ ᠡᠵᠡᠮᠳᠡᠬᠦ ᠪᠣᠯ ᠳᠠᠷᠤᠢ ᠡᠭᠦᠷᠭᠡ | ᠬᠠᠷᠢᠭᠤᠴᠠᠯᠭ᠎ᠠ ᠮᠥᠨ︔ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠬᠦᠴᠦᠨ ᠪᠣᠯᠤᠭᠰᠠᠨ ᠤ ᠬᠤᠪᠢ ᠳᠤ᠂ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠨᠠᠮ ᠤᠨ ᠭᠡᠰᠢᠭᠦᠨ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠵᠢᠭᠰᠠᠭᠠᠯ ᠤᠨ ᠭᠠᠵᠠᠷ ᠢᠶᠠᠨ ᠪᠠᠲᠤ ᠰᠠᠬᠢᠵᠤ᠂ ᠴᠢᠩᠭ᠎ᠠ ᠬᠦᠴᠦᠲᠡᠢ ᠤᠯᠤᠰ ᠲᠦᠷᠦ ᠶᠢᠨ ᠬᠠᠷᠢᠭᠤᠴᠠᠯᠭᠠᠲᠤ | ᠰᠡᠳᠬᠢᠯᠭᠡ ᠪᠠ ᠯᠠᠪᠳᠠᠭᠤᠨ ᠪᠠᠲᠤᠲᠠᠢ ᠲᠤᠰᠬᠠᠢ ᠮᠡᠷᠭᠡᠵᠢᠯ ᠤᠨ ᠴᠢᠳᠠᠪᠤᠷᠢ ᠪᠠᠷ ᠠᠷᠠᠳ ᠤᠯᠠᠨ ᠤ ᠡᠷᠡᠭᠦᠯ ᠮᠡᠨᠳᠤ ᠪᠠ | ᠠᠮᠢ ᠨᠠᠰᠤ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠠᠢ᠃ | ᠬᠢᠵᠢᠭ ᠤᠨ ᠪᠠᠶᠢᠳᠠᠯ ᠤᠨ ᠡᠮᠦᠨ᠎ᠡ᠂ ᠱᠢ ᠭᠤᠸᠠᠢ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ ᠠᠴᠠ ︽ᠪᠤᠭᠤᠲᠤ ᠬᠤᠲᠠ ᠶᠢᠨ ᠰᠢᠨ ᠭᠤᠸᠠᠨ ᠠᠭᠤᠰᠬᠢᠨ ᠦᠷᠪᠢᠰᠦᠯ ᠤᠨ | ᠬᠠᠯᠳᠠᠪᠤᠷᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠴᠢᠮ ᠪᠠᠶᠢᠳᠠᠯ ᠢ ᠠᠷᠭᠠᠴᠠᠨ | ᠳᠠᠭᠠᠬᠤ ᠲᠣᠭᠲᠠᠴᠠ︾ ᠪᠣᠯᠣᠨ ᠱᠢ ᠭᠤᠸᠠᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠵᠢᠯᠤᠭᠤᠳᠬᠤ ᠭᠠᠵᠠᠷ ᠤᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠢᠳᠡᠪᠬᠢᠲᠡᠢ ᠳᠠᠭᠠᠵᠤ ᠪᠠᠶᠢᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠤᠮᠳᠠ ᠨᠠᠮ ᠤᠨ ᠭᠡᠰᠢᠭᠦᠨ ᠤ ᠬᠤᠰᠢᠭᠤᠴᠢ | ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ᠨᠠᠮ ᠤᠨ ᠭᠡᠰᠢᠭᠦᠳ ᠨᠡᠩ ᠴᠤ ᠪᠡᠶ᠎ᠡ ᠪᠠᠷ ᠢᠶᠠᠨ ᠬᠡᠪ ᠳᠦᠷᠢᠮ | ᠪᠣᠯᠵᠤ᠂ ᠬᠠᠮᠤᠭ ᠤᠨ ᠡᠮᠦᠨ᠎ᠡ ᠹᠷᠣᠨᠲ ᠲᠤ ᠭᠠᠪᠰᠢᠭᠠᠶᠢᠯᠠᠨ ᠣᠷᠣᠵᠤ᠂ ᠨᠢᠭᠡᠳᠦᠭᠡᠷ ᠹᠷᠣᠨᠲ ᠢ ᠪᠠᠲᠤ ᠰᠠᠬᠢᠪᠠ᠃ᠱᠢ | ᠭᠤᠸᠠᠢ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠨᠠᠮ ᠤᠨ ᠭᠡᠰᠢᠭᠦᠨ ᠡᠪᠡᠳᠴᠢᠨ | ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠶᠢ ᠪᠠᠲᠤ | ᠴᠡᠭᠡᠵᠢᠯᠡᠵᠦ᠂ ︽ᠬᠡᠷᠪᠡ ᠪᠠᠶᠢᠯᠳᠤᠪᠠᠯ᠂ ᠳᠠᠭᠤᠳᠠᠪᠠᠯ ᠵᠠᠪᠠᠯ ᠪᠤᠴᠠᠵᠤ ᠢᠷᠡᠬᠦ︾ ᠶᠢ ᠦᠨᠡᠨᠬᠦ ᠪᠡᠶᠡᠯᠡᠭᠦᠯᠵᠦ᠂ ᠠᠶᠤᠯ | ᠲᠦᠭᠰᠢᠭᠦᠷᠢ ᠲᠠᠢ ᠦᠶ᠎ᠡ ᠳᠤ ᠵᠣᠷᠢᠭᠲᠠᠢ ᠪᠠᠷ ᠴᠡᠭᠡᠵᠢ ᠲᠦᠷᠢᠨ ᠭᠠᠷᠴᠤ᠂ ᠨᠠᠮᠴᠢ ᠴᠢᠨᠠᠷ ᠤᠨ ᠰᠤᠷᠲᠠᠯ ᠢᠶᠠᠨ | ᠢᠯᠡᠷᠡᠭᠦᠯᠵᠦ᠂ ᠤᠯᠤᠰ ᠲᠦᠷᠦ ᠶᠢᠨ ᠬᠡᠪ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠨᠠᠮ ᠳᠤ ᠣᠷᠣᠬᠤ | ᠲᠠᠩᠭᠠᠷᠢᠭ ᠢᠶᠠᠨ ᠦᠢᠯᠡᠳᠦᠯᠭᠡᠵᠢᠭᠦᠯᠵᠡᠢ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠯᠳᠤᠭᠠᠨ ᠤ ᠳᠤᠮᠳᠠ᠂ ᠨᠠᠮ ᠤᠨ ᠭᠡᠰᠢᠭᠦᠨ ᠪᠦᠬᠦ | ᠠᠵᠢᠯᠲᠠᠨ ᠠᠵᠢᠯᠴᠢᠨ ᠲᠠᠢ ᠪᠦᠯᠬᠦᠮᠳᠡᠨ ᠲᠡᠮᠡᠴᠡᠵᠦ᠂ ᠯᠠᠪᠳᠠᠭᠤᠨ ᠪᠠᠲᠤᠲᠠᠢ ᠲᠤᠰᠬᠠᠢ ᠮᠡᠷᠭᠡᠵᠢᠯ ᠤᠨ | ᠠᠵᠢᠯ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ | ᠮᠡᠷᠭᠡᠵᠢᠯ ᠤᠨ ᠳᠡᠮᠵᠢᠯᠭᠡ ᠬᠠᠩᠭᠠᠵᠠᠢ᠃ᠨᠠᠮ ᠤᠨ ᠭᠡᠰᠢᠭᠦᠨ ᠲᠦᠷᠦᠭᠦᠯᠡᠨ ᠲᠠᠶᠢᠨ ᠳᠤ ᠣᠷᠣᠯᠴᠠᠵᠤ᠂ ᠲᠤᠷᠰᠢᠯᠲᠠ ᠶᠢᠨ | ᠲᠠᠰᠤᠭ ᠤᠨ ᠪᠠᠶᠢᠴᠠᠭᠠᠨ ᠬᠡᠮᠵᠢᠯᠲᠡ᠂ ᠬᠠᠯᠳᠠᠪᠤᠷᠢᠲᠤ ᠡᠪᠡᠳᠴᠢᠨ ᠤ ᠪᠠᠶᠢᠴᠠᠭᠠᠯᠲᠠ᠂ ᠠᠮᠢᠳᠤ ᠪᠣᠳᠠᠰ ᠤᠨ ᠠᠮᠤᠷ | ᠲᠦᠪᠰᠢᠨ ᠤ ᠬᠢᠨᠠᠨ ᠵᠢᠯᠣᠭᠤᠳᠤᠯᠭ᠎ᠠ᠂ ᠬᠢᠵᠢᠭ ᠤᠨ ᠪᠠᠶᠢᠳᠠᠯ ᠤᠨ ᠲᠤᠭ᠎ᠠ ᠪᠠᠷᠢᠮᠲᠠ ᠶᠢ ᠪᠦᠷᠢᠳᠬᠡᠬᠦ᠂ ᠬᠢᠵᠢᠭ ᠤᠨ | ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ᠂ ᠡᠷᠡᠭᠦᠯ ᠮᠡᠨᠳᠦ ᠶᠢᠨ ᠬᠥᠮᠦᠵᠢᠯ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠵᠡᠷᠭᠡ ᠡᠯ᠎ᠡ ᠵᠦᠢᠯ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠤᠰᠬᠠᠢ ᠠᠵᠢᠯ ᠤᠨ | ᠹᠷᠣᠨᠲ ᠲᠤ ᠡᠳᠦᠷ ᠰᠥᠨᠢ ᠦᠭᠡᠢ ᠡᠷᠡᠯᠬᠡᠭᠯᠡᠨ ᠠᠵᠢᠯᠯᠠᠵᠤ᠂ ᠮᠠᠨ ᠤ ᠣᠷᠣᠨ ᠤ ᠬᠢᠵᠢᠭ ᠤᠨ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠥᠷᠨᠢᠭᠦᠯᠬᠦ ᠶᠢ ᠵᠢᠯᠤᠭᠤᠳᠴᠤ᠂ ᠰᠡᠷᠭᠡᠶᠢᠯᠡᠨ ᠡᠵᠡᠮᠳᠡᠬᠦ ᠠᠵᠢᠯ ᠢ ᠪᠠᠴᠢᠮ ᠶᠠᠭᠠᠷᠠᠯᠲᠠᠢ ᠡᠮᠬᠢ | ᠳᠢᠭᠯᠢᠮ ᠲᠠᠢ ᠰᠠᠶᠢᠲᠤᠷ ᠬᠢᠪᠡ᠃ | ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠨᠠᠮ ᠤᠨ ᠡᠭᠦᠷ ᠤᠨ ᠪᠦᠷᠢᠯᠳᠦᠭᠦᠨ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠡᠮᠦᠨ᠎ᠡ ᠨᠢ ᠭᠠᠪᠰᠢᠭᠠᠶᠢᠯᠠᠵᠤ᠂ ᠨᠠᠮ ᠤᠨ ᠲᠤᠭ ᠢ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠡᠮᠡᠴᠡᠯ ᠤᠨ ᠡᠮᠦᠨ᠎ᠡ ᠹᠷᠣᠨᠲ ᠲᠤ ᠥᠨᠳᠥᠷ ᠨᠠᠮᠢᠷᠠᠭᠤᠯᠤᠨ᠎ᠠ᠃ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠬᠦᠴᠦᠨ ᠢ ᠡᠷᠡᠰ ᠨᠢᠭᠲᠠᠷᠠᠭᠤᠯᠵᠤ ᠬᠢᠵᠢᠭ ᠤᠨ ᠪᠠᠶᠢᠳᠠᠯ ᠢ | ᠬᠤᠷᠢᠭᠯᠠᠨ ᠴᠣᠬᠢᠬᠤ ᠲᠠᠶᠢᠨ ᠤ ᠢᠯᠠᠯᠲᠠ ᠶᠢ ᠣᠯᠬᠤ ᠬᠡᠷᠡᠭᠲᠡᠢ᠃ᠪᠢᠳᠡ ᠢᠮᠠᠭᠲᠠ ᠤᠭ ᠰᠠᠨᠠᠭ᠎ᠠ ᠪᠠᠨ ᠪᠠᠲᠤ ᠰᠠᠬᠢᠵᠤ | ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ᠠᠶᠤᠯ ᠲᠦᠭᠰᠢᠭᠦᠷᠢ ᠠᠴᠠ ᠠᠶᠤᠬᠤ ᠦᠭᠡᠢ ᠪᠠᠷ ᠵᠣᠷᠢᠭᠲᠠᠢ ᠪᠠᠷ | ᠠᠵᠢᠯᠯᠠᠵᠤ᠂ ᠴᠠᠭ ᠢᠮᠠᠭᠲᠠ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ | ᠡᠷᠡᠭᠦᠯ ᠮᠡᠨᠳᠤ ᠶᠢ ᠬᠠᠮᠠᠭᠠᠯᠠᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠠᠵᠢᠯᠲᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠠᠬᠢ ᠭᠦᠢᠴᠡᠳᠬᠡᠪᠡᠰᠦ ᠵᠣᠬᠢᠬᠤ | ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ | | | | | | | | | |