| ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠴᠢᠨᠠᠭᠰᠢᠳᠠ ᠰᠠᠶᠢᠲᠤᠷ | ᠠᠳᠬᠤᠵᠤ ᠠᠮᠤ ᠪᠤᠳᠠᠭᠠᠨ ᠤ ᠡᠯᠪᠡᠭ ᠬᠤᠷᠢᠶᠠᠯᠲᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ | ᠬᠠᠩᠭᠠᠯᠭ᠎ᠠ ᠶᠢ ᠪᠠᠲᠤᠯᠠᠬᠤ ᠲᠤᠬᠠᠢ ᠪᠠᠶᠢᠷᠢᠯᠠᠭᠤᠯᠪᠠ | ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ ᠡᠨᠧᠷᠭᠢ ᠶᠢᠨ ᠠᠵᠤ | ᠠᠬᠤᠶ ᠨᠡᠶᠢᠭᠡᠮ ᠤᠨ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ | ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 20 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 4 ᠰᠠᠷ᠎ᠠ ᠶᠢᠨ 20 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ | ᠠᠷᠭ᠎ᠠ ᠬᠡᠮᠵᠢᠶ᠎ᠡ ᠶᠢ ᠴᠢᠨᠠᠭᠰᠢᠳᠠ ᠰᠠᠶᠢᠲᠤᠷ ᠠᠳᠬᠤᠵᠤ᠂ ᠠᠮᠤ ᠪᠤᠳᠠᠭᠠᠨ ᠤ ᠡᠯᠪᠡᠭ ᠬᠤᠷᠢᠶᠠᠯᠲᠠ ᠪᠠ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠬᠠᠩᠭᠠᠯᠭ᠎ᠠ ᠶᠢ ᠪᠠᠲᠤᠯᠠᠬᠤ ᠲᠤᠬᠠᠢ ᠪᠠᠶᠢᠷᠢᠯᠠᠭᠤᠯᠪᠠ︔ ᠡᠨᠧᠷᠭᠢ ᠶᠢᠨ | ᠬᠠᠩᠭᠠᠯᠭ᠎ᠠ ᠶᠢ ᠪᠠᠲᠤᠯᠠᠵᠤ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠡᠨᠧᠷᠭᠢ ᠶᠢᠨ ᠠᠵᠤ ᠠᠬᠤᠶ ᠨᠡᠶᠢᠭᠡᠮ ᠤᠨ | ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠭᠡᠪᠡ᠃ | ᠬᠤᠷᠠᠯ ᠠᠴᠠ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ | ᠪᠣᠯ ᠴᠦᠮ ᠠᠵᠤ ᠠᠬᠤᠢ ᠶᠢᠨ ᠡᠷᠭᠢᠯᠲᠡ ᠶᠢ ᠵᠣᠬᠢᠰᠲᠠᠢ ᠬᠡᠪᠴᠢᠶᠡᠨ ᠳᠤ ᠪᠠᠶᠢᠯᠭᠠᠬᠤ ᠭᠤᠣᠯ ᠲᠤᠯᠭᠠᠭᠤᠷᠢᠯᠠᠯ ᠪᠣᠯᠤᠨ᠎ᠠ᠃ | ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠬᠠᠩᠭᠠᠯᠭ᠎ᠠ ᠶᠢ | ᠲᠣᠭᠲᠠᠪᠤᠷᠢᠵᠢᠭᠤᠯᠬᠤ ᠨᠢ ᠠᠵᠤ ᠠᠬᠤᠢ ᠨᠡᠶᠢᠭᠡᠮ ᠤᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠢᠯᠠᠩᠭᠤᠶ᠎ᠠ ᠪᠠᠷᠠᠭᠠᠨ ᠤ | ᠦᠨ᠎ᠡ ᠶᠢ ᠲᠣᠭᠲᠠᠭᠤᠨ ᠪᠠᠶᠢᠯᠭᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠳᠤ ᠬᠦᠨᠳᠦ ᠴᠢᠬᠤᠯᠠ ᠦᠢᠯᠡᠳᠦᠯ ᠲᠠᠢ | ᠪᠠᠶᠢᠵᠤ᠂ ᠣᠳᠣᠬᠠᠨ ᠤ ᠤᠯᠠᠨ ᠤᠯᠤᠰ ᠤᠨ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠲᠣᠭᠲᠠᠭᠠᠯᠲᠤ ᠪᠤᠰᠤ ᠴᠢᠨᠠᠷ | ᠨᠡᠮᠡᠭᠳᠡᠵᠦ᠂ ᠵᠠᠷᠢᠮ ᠤᠯᠤᠰ ᠤᠨ ᠵᠣᠭᠤᠰ ᠶᠡᠭᠡ ᠪᠠᠷ ᠮᠠᠭᠤᠳᠠᠬᠤ ᠪᠠᠶᠢᠳᠠᠯ ᠳᠣᠣᠷ᠎ᠠ ᠨᠡᠩ ᠴᠤ ᠴᠢᠬᠤᠯᠠ ᠪᠠᠶᠢᠳᠠᠭ᠃ | ᠮᠠᠨ ᠤ ᠤᠯᠤᠰ ᠤᠨ ᠠᠮᠤ ᠪᠤᠳᠠᠭᠠᠨ ᠤ ᠬᠠᠩᠭᠠᠯᠭ᠎ᠠ ᠪᠠ ᠨᠥᠭᠡᠴᠡ ᠭᠦᠢᠴᠡᠳ ᠪᠠᠶᠢᠵᠤ᠂ ᠡᠨᠡ ᠵᠢᠯ ᠤᠨ ᠬᠠᠪᠤᠷ ᠤᠨ | ᠲᠠᠷᠢᠶᠠᠯᠠᠭ᠎ᠠ ᠯᠠᠪᠳᠠᠭᠤᠨ ᠢᠶᠠᠷ ᠥᠷᠨᠢᠵᠦ᠂ ᠠᠮᠤ ᠪᠤᠳᠠᠭᠠᠨ ᠤ ᠠᠮᠤᠷ ᠲᠦᠪᠰᠢᠨ ᠪᠠᠲᠤᠯᠠᠭ᠎ᠠ ᠲᠠᠢ ᠪᠠᠶᠢᠨ᠎ᠠ᠃ ᠨᠠᠮ ᠤᠨ | ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠠᠪᠤᠷ ᠤᠨ | ᠲᠠᠷᠢᠶᠠᠯᠠᠩ ᠤᠨ ᠦᠢᠯᠡᠳᠪᠦᠷᠢᠯᠡᠯ ᠢ ᠭᠦᠨᠵᠡᠭᠡᠢ ᠰᠠᠶᠢᠲᠤᠷ ᠠᠳᠬᠤᠵᠤ᠂ ᠪᠦᠬᠦ ᠵᠢᠯ ᠤᠨ ᠠᠮᠤ ᠪᠤᠳᠠᠭᠠᠨ ᠤ ᠡᠯᠪᠡᠭ | ᠬᠤᠷᠢᠶᠠᠯᠲᠠ ᠶᠢ ᠪᠠᠲᠤᠯᠠᠬᠤ ᠬᠡᠷᠡᠭᠲᠡᠢ᠃ ᠨᠢᠭᠡ ᠳᠤ ᠪᠦᠬᠦ ᠵᠢᠯ ᠤᠨ ᠠᠮᠤ ᠪᠤᠳᠠᠭ᠎ᠠ ᠲᠠᠷᠢᠬᠤ ᠲᠠᠯᠠᠪᠠᠶ ᠪᠣᠯᠤᠨ ᠤᠨᠠᠯᠲᠠ ᠶᠢ | ᠱᠠᠲᠤ ᠱᠠᠲᠤ ᠪᠠᠷ ᠨᠠᠷᠢᠯᠢᠭ ᠬᠤᠪᠢᠶᠠᠷᠢᠯᠠᠵᠤ᠂ ᠣᠷᠣᠨ ᠨᠤᠲᠤᠭ ᠤᠨ ᠬᠢᠨ ᠢ ᠰᠢᠮᠳᠠᠭᠤᠯᠵᠤ ᠪᠠᠶᠢᠭᠠᠳ ᠭᠦᠢᠴᠡᠳ ᠲᠠᠷᠢᠵᠤ | ᠲᠦᠭᠦᠷᠡᠳᠡᠯ᠎ᠡ ᠲᠠᠷᠢᠵᠤ ᠲᠠᠷᠢᠬᠤ ᠳᠤ ᠲᠣᠬᠢᠷᠠᠮᠵᠢᠲᠠᠶ ᠬᠤᠭᠤᠴᠠᠭᠠᠨ ᠳᠤ ᠲᠠᠷᠢᠵᠤ ᠭᠦᠢᠴᠡᠭᠡᠬᠦ ᠬᠡᠷᠡᠭᠲᠡᠶ᠂ ᠠᠲᠠᠷᠰᠢᠭᠤᠯᠵᠤ | ᠪᠣᠯᠬᠤ ᠦᠭᠡᠶ᠂ ᠡᠭᠦᠷᠭᠡ ᠪᠠᠨ ᠪᠡᠶᠡᠯᠡᠭᠦᠯᠦᠭᠰᠡᠨ ᠦᠭᠡᠢ ᠪᠣᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠡᠯ᠎ᠡ | ᠭᠠᠵᠠᠷ ᠤᠨ ᠬᠢᠨ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠶᠯᠡᠳᠪᠦᠷᠢᠯᠡᠯ ᠢ ᠨᠢᠭᠡᠳᠦᠯᠲᠡᠶ | ᠲᠥᠯᠥᠪᠵᠢᠭᠦᠯᠦᠨ ᠰᠠᠶᠢᠲᠤᠷ ᠬᠢᠬᠦ ᠶᠢ ᠬᠢᠨᠠᠨ ᠰᠢᠯᠭᠠᠵᠤ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠵᠤ᠂ ᠠᠵᠢᠯ ᠤᠨ | ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠶᠯᠡᠳᠪᠦᠷᠢᠯᠡᠯ᠂ | ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠲᠠᠷᠢᠶᠠᠯᠠᠩ ᠤᠨ | ᠪᠦᠲᠦᠭᠡᠭᠳᠡᠬᠦᠨ ᠤ ᠦᠶᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ | ᠵᠣᠬᠢᠴᠠᠭᠤᠯᠵᠤ ᠰᠠᠶᠢᠲᠤᠷ ᠠᠳᠬᠤᠬᠤ ᠬᠡᠷᠡᠭᠲᠡᠶ᠃ ᠵᠣᠨ ᠤ ᠠᠮᠤ ᠪᠤᠳᠠᠭᠠᠨ ᠤ ᠲᠠᠷᠢᠶᠠᠨ ᠭᠠᠵᠠᠷ ᠤᠨ ᠬᠠᠮᠢᠶᠠᠷᠤᠯᠲᠠ | ᠵᠢᠯᠣᠭᠤᠳᠣᠯᠭ᠎ᠠ ᠶᠢ ᠴᠢᠩᠭᠠᠳᠬᠠᠵᠤ᠂ ᠴᠢᠭᠢᠭ ᠴᠢᠬᠢ ᠶᠢᠨ ᠤᠷᠭᠤᠯᠲᠠ ᠶᠢ ᠠᠮᠵᠢᠨ ᠪᠣᠷᠲᠣᠭᠤᠷ ᠣᠷᠣᠭᠤᠯᠤᠨ ᠤᠰᠤᠯᠠᠵᠤ᠂ | ᠲᠠᠷᠢᠶᠠᠯᠠᠩ ᠤᠨ ᠭᠠᠶ ᠭᠠᠮᠰᠢᠭ ᠢ ᠪᠦᠲᠦᠮᠵᠢᠲᠡᠶ ᠰᠡᠷᠭᠡᠶᠢᠯᠡᠬᠦ ᠬᠡᠷᠡᠭᠳᠡᠢ᠃ ᠬᠦᠮᠦᠨ ᠭᠠᠵᠠᠷ ᠢ ᠨᠢᠭᠡ ᠴᠠᠭ ᠰᠠᠭᠠᠳᠠᠭᠠᠪᠠᠯ᠂ | ᠭᠠᠵᠠᠷ ᠬᠦᠮᠦᠨ ᠢ ᠨᠢᠭᠡ ᠵᠢᠯ ᠰᠠᠭᠠᠳᠠᠭᠠᠨᠠ᠃ ᠣᠳᠣᠬᠠᠨ ᠪᠣᠯ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ | ᠬᠤᠭᠤᠴᠠᠭ᠎ᠠ ᠪᠣᠯᠬᠤᠷ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠭᠠᠵᠠᠷ ᠲᠡᠭᠰᠢᠯᠡᠭᠦ ᠪᠠ ᠲᠠᠷᠢᠵᠤ ᠴᠢᠬᠢ | ᠪᠣᠶᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠰᠢᠨ᠎ᠡ ᠬᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ | ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠤᠷᠤᠯᠠᠨ ᠬᠠᠭᠠᠯᠪᠤᠷᠢᠯᠠᠵᠤ ᠣᠷᠣᠯᠠᠨ ᠲᠠᠷᠢᠬᠤ ᠵᠡᠷᠭᠡ ᠦᠢᠯᠡᠴᠢᠯᠡᠭᠡ | ᠬᠠᠩᠭᠠᠵᠤ᠂ ᠵᠢᠵᠢᠭ ᠲᠠᠷᠢᠶᠠᠴᠢᠨ ᠡᠷᠦᠬᠡ ᠪᠣᠯᠤᠨ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠲᠠᠷᠢᠶᠠᠴᠢᠨ ᠡᠷᠦᠬᠡ ᠶᠢ | ᠬᠠᠪᠰᠤᠷᠤᠨ ᠲᠠᠷᠢᠶ᠎ᠠ ᠶᠢ ᠨᠢ ᠲᠠᠷᠢᠬᠤ ᠬᠡᠷᠡᠭᠳᠡᠢ᠃ ᠬᠤᠶᠠᠷ ᠲᠤ᠂ ᠬᠠᠪᠤᠷ ᠤᠨ ᠲᠠᠷᠢᠶᠠᠯᠠᠭ᠎ᠠ ᠶᠢᠨ ᠶᠠᠪᠤᠳᠠᠯ ᠤᠨ | ᠠᠵᠢᠯᠯᠠᠭ᠎ᠠ ᠶᠢᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠵᠣᠬᠢᠶᠠᠨ ᠪᠠᠶᠢᠭᠤᠯᠬᠤ ᠪᠠ ᠬᠥᠲᠥᠯᠥᠨ | ᠵᠢᠯᠣᠭᠤᠳᠬᠤ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠲᠠᠷᠢᠶᠠᠯᠠᠬᠤ ᠴᠠᠭ ᠢ ᠰᠠᠭᠠᠲᠠᠭᠠᠬᠤ ᠦᠭᠡᠶ ᠪᠠᠷ ᠭᠠᠳᠠᠭᠰᠢ | ᠭᠠᠷᠤᠭᠰᠠᠨ ᠲᠠᠷᠢᠶᠠᠴᠢᠳ ᠤᠨ ᠨᠤᠲᠤᠭ ᠲᠠᠭᠠᠨ ᠪᠤᠴᠠᠵᠤ ᠲᠠᠷᠢᠶᠠᠨ ᠠᠵᠢᠯ ᠬᠢᠬᠦ᠂ ᠲᠠᠷᠢᠶᠠᠯᠠᠩ ᠤᠨ ᠬᠡᠷᠡᠭᠰᠡᠯ ᠤᠨ | ᠳᠡᠯᠭᠡᠭᠦᠷ ᠲᠤ ᠣᠷᠣᠵᠤ ᠲᠣᠰᠬᠤᠨ ᠳᠤ ᠣᠷᠣᠬᠤ᠂ ᠲᠠᠷᠢᠶᠠᠯᠠᠩ ᠤᠨ ᠮᠠᠰᠢᠨ ᠨᠡᠪᠲᠡᠷᠡᠬᠦ᠂ ᠲᠠᠷᠢᠶᠠᠯᠠᠩ ᠤᠨ ᠮᠡᠷᠭᠡᠵᠢᠯᠳᠡᠨ ᠢ | ᠦᠨᠳᠦᠰᠦᠨ ᠱᠠᠲᠤᠨ ᠳᠤ ᠪᠠᠭᠤᠯᠭᠠᠨ ᠦᠢᠯᠡᠴᠢᠯᠡᠭᠦᠯᠬᠦ ᠶᠢ ᠪᠠᠲᠤᠯᠠᠬᠤ ᠬᠡᠷᠡᠭᠲᠡᠶ᠃ ᠲᠠᠷᠢᠶᠠᠯᠠᠩ ᠤᠨ ᠬᠡᠷᠡᠭᠰᠡᠯ ᠤᠨ ᠠᠵᠤ | ᠠᠬᠤᠶᠢᠯᠠᠯ ᠤᠨ ᠦᠢᠯᠡᠳᠪᠦᠷᠢᠯᠡᠯ ᠪᠠ ᠲᠦᠭᠦᠬᠡᠢ ᠮᠠᠲ᠋ᠧᠷᠢᠶᠠᠯ᠂ ᠡᠨᠧᠷᠭᠢ ᠵᠡᠷᠭᠡ ᠶᠢᠨ ᠬᠠᠩᠭᠠᠯᠭ᠎ᠠ ᠶᠢ ᠪᠠᠲᠤᠯᠠᠬᠤ ᠬᠡᠷᠡᠭᠳᠡᠢ᠃ | ᠭᠤᠷᠪᠠ ᠳᠤ᠂ ︽ᠨᠤᠭᠤᠭ᠎ᠠ ᠶᠢᠨ ᠰᠠᠬᠰᠤ︾ ᠶᠢ ᠰᠠᠶᠢᠲᠤᠷ ᠠᠳᠬᠤᠬᠤ ᠬᠡᠷᠡᠭᠲᠡᠢ᠃ ᠠᠮᠢᠳᠤ ᠰᠣᠷᠭᠤᠭ ᠲᠠᠷᠢᠶᠠᠯᠠᠩ ᠤᠨ | ᠪᠦᠲᠦᠭᠡᠭᠳᠡᠬᠦᠨ ᠢ ᠲᠡᠭᠡᠭᠡᠪᠦᠷᠢᠯᠡᠬᠦ ᠰᠠᠭᠠᠳ ᠦᠭᠡᠶ ᠨᠡᠪᠲᠡᠷᠡᠬᠦ ᠵᠠᠮ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠰᠠᠭᠠᠳ ᠦᠭᠡᠶ ᠭᠦᠢᠯᠭᠡᠭᠡ ᠶᠢ ᠠᠬᠢᠭᠤᠯᠬᠤ ᠬᠡᠷᠡᠭᠲᠡᠶ᠃ | ᠳᠥᠷᠪᠡ ᠳᠤ᠂ ᠲᠠᠷᠢᠶᠠᠯᠠᠩ ᠢ ᠳᠡᠮᠵᠢᠵᠦ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠦᠶᠯᠡᠳᠪᠦᠷᠢᠯᠡᠯ ᠢ ᠲᠡᠳᠬᠦᠬᠦ ᠪᠡᠯᠡ ᠮᠥᠩᠭᠦ ᠶᠢ ᠲᠠᠷᠢᠶᠠᠴᠢᠳ ᠲᠤ ᠲᠦᠷᠭᠡᠬᠡᠨ | ᠣᠯᠭᠤᠵᠤ᠂ ᠪᠤᠭᠤᠳᠠᠶ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠰᠢᠨ᠎ᠡ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠶ᠃ ᠲᠠᠪᠤ ᠳᠤ᠂ ᠲᠠᠷᠢᠶᠠᠯᠠᠩ ᠤᠨ ᠬᠡᠷᠡᠭᠰᠡᠯ ᠤᠨ ᠨᠥᠬᠦᠪᠥᠷᠢ ᠶᠢ ᠨᠡᠮᠡᠭᠳᠡᠭᠦᠯᠬᠦ ᠠᠷᠭ᠎ᠠ | ᠬᠡᠮᠵᠢᠶ᠎ᠡ ᠶᠢ ᠰᠤᠳᠤᠯᠵᠤ᠂ ᠠᠮᠤ ᠪᠤᠳᠠᠭ᠎ᠠ ᠶᠢ ᠪᠠᠳᠤᠯᠠᠭ᠎ᠠ ᠲᠠᠢ ᠬᠤᠳᠠᠯᠳᠤᠨ ᠠᠪᠬᠤ ᠠᠵᠢᠯ ᠢ ᠴᠠᠭ ᠲᠤᠬᠠᠢ ᠳᠤᠨᠢ ᠰᠠᠶᠢᠲᠤᠷ | ᠬᠢᠵᠦ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠬᠠᠮᠠᠭᠠᠯᠠᠨ ᠳᠠᠶᠢᠴᠢᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠡᠨᠧᠷᠭᠢ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠭᠤᠷᠢ ᠲᠤᠯᠭᠠᠭᠤᠷᠢᠯᠠᠯ ᠮᠥᠨ᠃ | ᠮᠠᠨ ᠤ ᠤᠯᠤᠰ ᠤᠨ ᠤᠯᠤᠰ ᠤᠨ ᠪᠠᠶᠢᠳᠠᠯ ᠳᠤ ᠰᠠᠭᠤᠷᠢᠯᠠᠨ᠂ ᠭᠠᠳᠠᠭᠠᠳᠤ ᠣᠷᠴᠢᠨ ᠨᠥᠬᠦᠴᠡᠯ ᠤᠨ ᠰᠢᠨ᠎ᠡ | ᠦᠷᠢᠰᠦᠯᠳᠥᠭᠡᠨ ᠢ ᠠᠷᠭᠠᠴᠡᠭᠠᠵᠤ᠂ ᠭᠤᠣᠯᠳᠠᠯᠭ᠎ᠠ ᠶᠢ ᠠᠳᠬᠤᠨ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠶᠢ | ᠴᠢᠩᠭᠠᠳᠬᠠᠵᠤ᠂ ᠤᠷᠢᠳᠴᠢᠯᠠᠨ ᠰᠡᠷᠭᠡᠶᠢᠯᠡᠵᠤ᠂ ᠨᠥᠬᠦᠴᠡᠯ ᠨᠢ ᠪᠣᠯᠪᠠᠰᠤᠷᠠᠩᠭᠤᠢ ᠪᠣᠯᠤᠬᠰᠠᠨ᠂ ᠬᠥᠭᠵᠢᠯᠲᠡ ᠳᠤ | ᠬᠡᠷᠡᠭᠴᠡᠭᠡ ᠲᠠᠢ ᠡᠨᠧᠷᠭᠢ ᠶᠢᠨ ᠲᠦᠷᠦᠯ ᠵᠦᠢᠯ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠠᠬᠢᠭᠤᠯᠵᠤ᠂ | ᠡᠨᠧᠷᠭᠢ ᠶᠢᠨ ᠪᠦᠲᠦᠴᠡ ᠶᠢᠨ ᠦᠷᠭᠦᠯᠵᠢᠯᠡᠨ ᠰᠢᠯᠢᠳᠡᠭᠵᠢᠬᠦ ᠶᠢ ᠠᠬᠢᠭᠤᠯᠬᠤ ᠬᠡᠷᠡᠭᠲᠡᠢ᠃ ᠡᠨᠡ ᠨᠢ ᠪᠠᠰᠠ ᠪᠦᠲᠦᠮᠵᠢᠲᠡᠶ | ᠪᠠᠯᠠ ᠣᠷᠣᠭᠤᠯᠤᠯᠲᠠ ᠶᠢ ᠥᠷᠭᠡᠳᠭᠡᠬᠦ ᠪᠠ ᠠᠵᠢᠯ ᠣᠯᠭᠤᠯᠲᠠ ᠶᠢ ᠳᠠᠶᠢᠴᠢᠯᠠᠵᠤ᠂ ᠣᠳᠣᠬᠠᠨ ᠳᠤ ᠠᠰᠢᠭᠲᠠᠶ ᠮᠥᠷᠲᠡᠭᠡᠨ | ᠠᠯᠤᠰ ᠬᠡᠲᠦ ᠳᠤ ᠠᠰᠢᠭᠲᠠᠶ ᠶᠤᠮ᠃ ᠨᠢᠭᠡ ᠳᠤ᠂ ᠨᠡᠭᠦᠷᠡᠰᠦᠨ ᠤ ᠭᠤᠣᠯ ᠴᠣᠭᠴᠠ ᠶᠢᠨ ᠡᠨᠧᠷᠭᠢ ᠶᠢᠨ ᠦᠢᠯᠡᠳᠦᠯ ᠢ | ᠪᠠᠳᠠᠷᠠᠭᠤᠯᠬᠤ ᠬᠡᠷᠡᠭᠲᠡᠢ᠃ ᠨᠡᠭᠦᠷᠡᠰᠦᠨ ᠤ ᠠᠵᠤ ᠠᠬᠤᠶᠢᠯᠠᠯ ᠤᠨ ᠦᠶᠯᠡᠳᠪᠦᠷᠢᠯᠡᠯ᠂ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠵᠡᠷᠭᠡ ᠶᠢᠨ ᠬᠠᠷᠭᠤᠭᠤᠯᠤᠨ ᠵᠥᠪᠰᠢᠶᠡᠷᠡᠬᠦ ᠲᠥᠷᠥ ᠶᠢᠨ ᠪᠣᠳᠣᠯᠭ᠎ᠠ ᠶᠢ ᠬᠦᠴᠦᠯᠡᠨ ᠬᠠᠮᠲᠤᠳᠬᠠᠨ | ᠰᠢᠯᠢᠳᠡᠭᠵᠢᠭᠦᠯᠵᠤ᠂ ᠣᠷᠣᠨ ᠨᠤᠲᠤᠭ ᠤᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠡᠷᠢᠭᠦᠨ ᠤ ᠦᠶᠯᠡᠳᠪᠦᠷᠢᠯᠡᠬᠦ ᠴᠢᠳᠠᠪᠬᠢ ᠶᠢ ᠭᠦᠶᠴᠡᠳ ᠪᠠᠳᠠᠷᠠᠭᠤᠯᠬᠤ | ᠬᠡᠷᠡᠭᠳᠡᠢ᠃ ᠦᠢᠯᠡᠳᠪᠦᠷᠢᠯᠡᠯ ᠤᠨ ᠴᠢᠳᠠᠪᠤᠷᠢ ᠶᠢ ᠵᠦᠪᠰᠢᠶᠡᠷᠡᠨ ᠨᠡᠮᠡᠭᠳᠡᠭᠦᠯᠬᠦ᠂ ᠭᠠᠷᠤᠯᠲᠠ ᠶᠢ ᠥᠷᠭᠡᠳᠭᠡᠬᠦ᠂ ᠰᠢᠨ᠎ᠡ ᠪᠠᠷ | ᠠᠰᠢᠭᠯᠠᠯᠲᠠ ᠳᠤ ᠣᠷᠣᠭᠤᠯᠬᠤ ᠵᠡᠷᠭᠡ ᠪᠠᠷ ᠳᠠᠮᠵᠢᠭᠤᠯᠤᠨ᠂ ᠡᠨᠡ ᠵᠢᠯ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ 3 | ᠳ᠋ᠦᠩᠰᠢᠭᠤᠷ ᠲᠣᠨ ᠰᠢᠨ᠎ᠡ ᠪᠠᠷ ᠨᠡᠮᠡᠭᠳᠡᠭᠦᠯᠦᠨ᠎ᠡ᠃ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ | ᠠᠰᠢᠭᠯᠠᠬᠤ ᠶᠢ ᠠᠬᠢᠭᠤᠯᠵᠤ᠂ ᠨᠥᠭᠡᠴᠡᠯᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠬ᠎ᠠ | ᠳᠡᠯᠭᠡᠭᠦᠷᠴᠢᠯᠡᠬᠦ ᠪᠠ ᠬᠠᠤᠯᠢᠵᠢᠬᠰᠠᠨ ᠠᠷᠭ᠎ᠠ ᠬᠡᠮᠵᠢᠶ᠎ᠡ ᠶᠢ ᠬᠡᠷᠡᠭᠯᠡᠨ᠂ ᠨᠡᠭᠦᠷᠡᠰᠦᠨ ᠤ ᠦᠨ᠎ᠡ ᠶᠢᠨ ᠠᠵᠢᠯᠯᠠᠭᠠᠨ ᠢ ᠵᠦᠢ | ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠬᠥᠳᠤᠯᠤᠨ ᠵᠢᠯᠣᠭᠤᠳᠤᠨ᠎ᠠ᠃ ᠬᠤᠶᠠᠷ ᠲᠤ᠂ ᠨᠡᠭᠦᠷᠡᠰᠦ ᠴᠠᠬᠢᠯᠭᠠᠨ ᠤ ᠮᠠᠰᠢᠨ | ᠴᠣᠭᠴᠠᠯᠠᠪᠤᠷᠢ ᠶᠢᠨ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ ᠥᠭᠡᠷᠡᠴᠢᠯᠡᠯᠲᠡ᠂ ᠠᠮᠢᠳᠤᠯᠢᠭ ᠴᠢᠨᠠᠷᠳᠠᠢ | ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ ᠶᠢ ᠠᠬᠢᠭᠤᠯᠵᠤ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ᠂ | ᠪᠦᠬᠦ ᠵᠢᠯ ᠤᠨ ᠥᠭᠡᠷᠡᠴᠢᠯᠡᠯᠲᠡ ᠶᠢᠨ ᠬᠡᠪᠴᠢᠶ᠎ᠡ ᠶᠢ 2.2 ᠳ᠋ᠦᠩᠰᠢᠭᠤᠷ ᠺᠢᠯᠦᠸᠠᠲ ᠠᠴᠠ ᠳᠠᠪᠠᠭᠤᠯᠬᠤ ᠬᠡᠷᠡᠭᠲᠡᠢ᠃ | ᠥᠭᠡᠷᠡᠴᠢᠯᠡᠬᠦ ᠳᠡᠭᠡᠨ ᠮᠠᠰᠢᠨ ᠴᠣᠭᠴᠠᠯᠠᠪᠤᠷᠢ ᠶᠢᠨ ᠬᠡᠪ ᠤᠨ ᠶᠡᠭᠡ ᠵᠠᠰᠠᠯᠲᠠ ᠵᠡᠷᠭᠡ ᠴᠠᠭ ᠬᠤᠭᠤᠴᠠᠭ᠎ᠠ ᠶᠢ ᠰᠣᠩᠭᠤᠵᠤ᠂ | ᠴᠠᠬᠢᠯᠭᠠᠨ ᠬᠦᠴᠦᠨ ᠤ ᠲᠣᠭᠲᠠᠭᠤᠨ ᠬᠠᠩᠭᠠᠯᠭ᠎ᠠ ᠶᠢ ᠨᠥᠯᠥᠭᠡᠯᠡᠬᠦ ᠠᠴᠠ ᠰᠡᠷᠭᠡᠶᠢᠯᠡᠬᠦ ᠬᠡᠷᠡᠭᠲᠡᠶ᠃ ᠨᠡᠭᠦᠷᠡᠰᠦ ᠴᠠᠬᠢᠯᠭᠠᠨ ᠤ | ᠮᠠᠰᠢᠨ ᠴᠣᠭᠴᠠᠯᠠᠪᠤᠷᠢ ᠶᠢᠨ ᠥᠭᠡᠷᠡᠴᠢᠯᠡᠯᠲᠡ ᠶᠢ ᠳᠡᠮᠵᠢᠬᠦ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠬᠡᠷᠡᠭᠳᠡᠢ᠃ ᠭᠤᠷᠪᠠ ᠳᠤ᠂ ᠴᠢᠩᠭ᠎ᠠ ᠬᠢᠨᠠᠨ ᠬᠠᠮᠢᠶᠠᠷᠴᠤ᠂ ᠯᠠᠪᠲᠠᠶ ᠠᠶᠤᠯᠭᠦᠶ ᠪᠠᠶᠢᠬᠤ ᠶᠢ | ᠪᠠᠲᠤᠯᠠᠭᠰᠠᠨ ᠤᠷᠢᠲᠠᠯ ᠳᠤᠤᠷ᠎ᠠ ᠴᠥᠮ᠎ᠡ ᠶᠢᠨ ᠴᠠᠬᠢᠯᠭᠠᠨ ᠢ ᠡᠮᠬᠢ ᠵᠢᠷᠤᠮ ᠲᠠᠢ ᠪᠠᠷ ᠬᠥᠭᠵᠢᠭᠦᠯᠬᠦ ᠬᠡᠷᠡᠭᠲᠡᠶ᠃ ᠣᠯᠠᠨ | ᠵᠢᠯ ᠤᠨ ᠪᠡᠯᠡᠳᠭᠡᠯ ᠪᠠ ᠪᠥᠬᠦ ᠲᠠᠯ᠎ᠠ ᠶᠢᠨ ᠦᠨᠡᠯᠡᠨ ᠵᠢᠱᠢᠯᠲᠡ ᠬᠢᠨᠠᠨ ᠪᠠᠶᠢᠴᠠᠭᠠᠯᠲᠠ ᠶᠢ ᠥᠩᠭᠡᠷᠡᠭᠡᠭᠡᠳ᠂ ᠨᠢᠭᠡᠨᠲᠡ | ᠤᠯᠤᠰ ᠤᠨ ᠲᠥᠯᠥᠪᠵᠢᠭᠦᠯᠭᠡ ᠳᠤ ᠣᠷᠣᠭᠤᠯᠤᠭᠰᠠᠨ ᠵᠧᠵᠢᠶᠠᠩ ᠤᠨ ᠰᠠᠨ ᠮᠧᠨ᠂ ᠱᠠᠨᠳᠦ᠋ᠩ ᠤᠨ ᠬᠠᠶ ᠶᠠᠩ᠂ | ᠭᠤᠸᠠᠩᠳᠦ᠋ᠩ ᠤᠨ ᠯᠦ ᠹᠧᠩ ᠵᠡᠷᠭᠡ ᠭᠤᠷᠪᠠᠨ ᠴᠥᠮ᠎ᠡ ᠶᠢᠨ ᠴᠠᠬᠢᠯᠭᠠᠨ ᠤ ᠰᠢᠨ᠎ᠡ ᠪᠠᠷ ᠪᠠᠶᠢᠭᠤᠯᠬᠤ ᠮᠠᠰᠢᠨ | ᠴᠣᠭᠴᠠᠯᠠᠪᠤᠷᠢ ᠶᠢᠨ ᠲᠦᠷᠦᠯ ᠵᠦᠢᠯ ᠢ ᠬᠢᠨᠠᠨ ᠵᠥᠪᠰᠢᠶᠡᠷᠡᠪᠡ᠃ | ᠬᠤᠷᠠᠯ ᠠᠴᠠ ᠪᠤᠰᠤᠳ ᠵᠦᠢᠯ ᠢ ᠰᠤᠳᠤᠯᠪᠠ᠃ |