ᠱᠢ ᠭᠤᠸᠠᠢ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/25
       ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠤᠯᠠᠨ ᠲᠦᠮᠡᠨ ᠤ ᠬᠠᠤᠯᠢ ᠶᠣᠰᠣᠨ ᠤ ᠵᠠᠬᠢᠳᠠᠯ ᠰᠣᠷᠪᠤᠯᠵᠢᠯᠠᠭ᠎ᠠ ᠶᠢᠨ ᠦᠵᠡᠯᠲᠡ ᠶᠢ ᠦᠨᠡᠨᠬᠦ ᠴᠢᠩᠭᠠᠳᠬᠠᠵᠤ᠂ ᠵᠠᠬᠢᠳᠠᠯ ᠰᠣᠷᠪᠤᠯᠵᠢᠯᠠᠭ᠎ᠠ ᠬᠢᠭᠰᠡᠳ ᠤᠨ ᠬᠡᠪ ᠤᠨ ᠠᠷᠭ᠎ᠠ ᠵᠠᠮ ᠢᠶᠠᠷ ᠳᠠᠮᠵᠢᠭᠤᠯᠤᠨ ᠬᠦᠰᠡᠯ ᠱᠠᠭᠠᠷᠳᠠᠯᠭ᠎ᠠ ᠪᠠᠨ ᠲᠤᠰᠬᠠᠬᠤ᠂ ᠡᠷᠬᠡ ᠪᠠᠨ ᠣᠶᠤᠨᠴᠢ ᠪᠠᠷ ᠬᠠᠮᠠᠭᠠᠯᠠᠬᠤ ᠶᠢ ᠬᠥᠲᠥᠯᠥᠨ ᠵᠢᠯᠤᠭᠤᠳᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠱᠢ ᠭᠤᠤ ᠶᠢᠨ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ ᠣᠪᠣᠭ᠎ᠠ ᠲᠣᠰᠬᠤᠨ ᠳᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠪᠠ ᠬᠠᠤᠯᠢ ᠳᠦᠷᠢᠮ ᠤᠨ ᠵᠠᠬᠢᠳᠠᠯ ᠰᠣᠷᠪᠤᠯᠵᠢᠯᠠᠭ᠎ᠠ ᠵᠢᠨ‌ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠭᠤᠯᠪᠠ  ᠃

      ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠠᠵᠢᠯᠲᠠᠨ

ᠰᠠᠭᠤᠭᠠᠯᠢ ᠠᠷᠠᠳ ᠲᠤ ᠡᠯ᠎ᠡ ᠲᠥᠷᠥᠯ ᠤᠨ ᠤᠬᠠᠭᠤᠯᠭ᠎ᠠ ᠶᠢᠨ ᠬᠠᠭᠤᠳᠠᠰᠤ ᠵᠢᠴᠢ ᠤᠬᠠᠭᠤᠯᠭ᠎ᠠ ᠶᠢᠨ ᠲᠣᠪᠬᠢᠮᠠᠯ ᠢ

ᠨᠡᠶᠢᠲᠡ 100 ᠭᠠᠷᠤᠢ ᠬᠤᠪᠢ ᠲᠠᠷᠬᠠᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠤᠬᠠᠭᠤᠯᠭ᠎ᠠ ᠶᠢᠨ ᠭᠠᠷ ᠠᠪᠤᠯᠭ᠎ᠠ ᠶᠢ

ᠲᠠᠷᠬᠠᠭᠠᠬᠤ ᠵᠢᠴᠢ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠵᠤ ᠲᠥᠭᠡᠷᠢᠭᠳᠡᠯ ᠢ ᠲᠠᠶᠢᠯᠬᠤ ᠵᠡᠷᠭᠡ ᠠᠷᠭ᠎ᠠ ᠮᠠᠶ᠋ᠢᠭ ᠢᠶᠠᠷ

ᠳᠠᠮᠵᠢᠭᠤᠯᠤᠨ᠂ ︽ᠵᠠᠬᠢᠳᠠᠯ ᠰᠣᠷᠪᠤᠯᠵᠢᠯᠠᠭ᠎ᠠ ᠬᠢᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠬᠡᠷᠬᠢᠨ ᠬᠠᠮᠠᠭᠠᠯᠠᠬᠤ︾

ᠪᠠ ︽ᠵᠠᠬᠢᠳᠠᠯ ᠰᠣᠷᠪᠤᠯᠵᠢᠯᠠᠭ᠎ᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ︾ ᠵᠡᠷᠭᠡ ᠲᠠᠯ᠎ᠠ ᠶᠢᠨ ᠬᠤᠯᠪᠣᠭᠳᠠᠯ

ᠪᠦᠬᠦᠢ ᠮᠡᠳᠡᠯᠭᠡ ᠶᠢ ᠤᠬᠠᠭᠤᠯᠬᠤ ᠶᠢᠨ ᠬᠠᠮᠲᠤ ᠤᠯᠠᠨ ᠲᠦᠮᠡᠨ ᠳᠤ ᠵᠠᠬᠢᠳᠠᠯ ᠰᠣᠷᠪᠤᠯᠵᠢᠯᠠᠭ᠎ᠠ ᠶᠢᠨ ᠮᠡᠳᠡᠯᠭᠡ ᠶᠢᠨ

ᠨᠠᠷᠢᠨ ᠬᠢᠨᠠᠮᠠᠭᠠᠢ ᠲᠠᠶᠢᠯᠪᠤᠷᠢᠯᠠᠯᠲᠠ ᠬᠢᠬᠦ ᠶᠢᠨ ᠬᠠᠮᠲᠤ ᠤᠯᠠᠨ ᠲᠦᠮᠡᠨ ᠢ ᠢᠳᠡᠪᠬᠢᠲᠡᠢ ᠪᠠᠷ ᠬᠥᠲᠥᠯᠥᠨ

ᠵᠢᠯᠤᠭᠤᠳᠴᠤ ᠪᠠᠶᠢᠭᠠᠳ ᠣᠶᠤᠨᠴᠢ ᠪᠥᠭᠡᠳ ᠬᠠᠤᠯᠢ ᠶᠣᠰᠣᠨ ᠤ ᠠᠷᠭ᠎ᠠ ᠮᠠᠶ᠋ᠢᠭ ᠢᠶᠠᠷ ᠭᠤᠮᠣᠳᠠᠯ ᠱᠠᠭᠠᠷᠳᠠᠯᠭ᠎ᠠ ᠪᠠᠨ

ᠱᠠᠲᠤ ᠱᠠᠲᠤ ᠪᠠᠷ ᠢᠯᠡᠳᠬᠡᠭᠦᠯᠪᠡ᠃

 
ᠢᠷᠡᠯᠲᠡ᠄ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号