ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ ᠳᠣᠲᠣᠭᠠᠳᠤ ᠶᠢᠨ ᠬᠥᠳᠡᠯᠭᠡᠭᠦ ᠬᠦᠴᠦᠨ ᠪᠣᠯᠬᠤ ᠱᠢ ᠭᠤᠸᠠᠢ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢ ᠬᠥᠭᠵᠢᠭᠡᠵᠦ ᠶᠠᠷᠢᠶᠠᠨ ᠤ ᠲᠠᠪᠴᠠᠩ ᠳᠤ ᠭᠠᠷᠴᠤ ︽ᠲᠤᠬᠠᠶᠢᠯᠠᠭᠰᠠᠨ ᠠᠵᠢᠯ ᠢ ᠡᠷᠬᠢᠮᠯᠡᠵᠦ᠂ ᠲᠥᠷᠥ ᠶᠢᠨ ᠪᠣᠳᠣᠯᠭ᠎ᠠ ᠶᠢ ᠡᠷᠬᠢᠮᠯᠡᠵᠦ︾ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠤᠨ᠎ᠠ
ᠨᠡᠶᠢᠲᠡᠯᠡᠭᠰᠡᠨ ᠴᠠᠭ᠄
2022/4/25
       ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠵᠢᠯ ᠤᠨ ᠰᠤᠷᠲᠠᠯ ᠢ ᠴᠢᠨᠠᠭᠰᠢᠳᠠ ᠴᠢᠩᠭᠠᠳᠬᠠᠨ ᠰᠠᠶᠢᠵᠢᠷᠠᠭᠤᠯᠬᠤ ᠶᠢᠨ ᠲᠥᠯᠥᠭᠡ᠂ 4 ᠰᠠᠷ᠎ᠠ ᠶᠢᠨ 14  ᠤ ᠦᠳᠡ ᠶᠢᠨ ᠬᠤᠶᠢᠨ᠎ᠠ᠂ ᠱᠢ ᠭᠤᠸᠠᠢ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠠᠴᠠ ᠪᠦᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠲᠤᠰ ᠵᠢᠯ ᠤᠨ ᠨᠢᠭᠡᠳᠦᠭᠡᠷ ᠬᠤᠭᠤᠴᠠᠭᠠᠨ ᠤ ︽ᠺᠠᠳ᠋ᠷ ᠠᠵᠢᠯᠲᠠᠨ ᠠᠵᠢᠯᠴᠢᠨ ᠤ ᠲᠤᠬᠠᠶᠢᠯᠠᠭᠰᠠᠨ ᠠᠵᠢᠯ ᠢ ᠡᠷᠬᠢᠮᠯᠡᠬᠦ᠂ ᠲᠦᠷᠦ ᠶᠢᠨ ᠪᠣᠳᠣᠯᠭ᠎ᠠ ᠶᠢ ᠡᠷᠬᠢᠮᠯᠡᠬᠦ︾ᠠᠵᠢᠯᠯᠠᠭ᠎ᠠ ᠶᠢ ᠡᠷᠬᠢᠯᠡᠪᠡ᠃

     ᠰᠤᠷᠭᠠᠨ ᠬᠥᠮᠦᠵᠢᠯ ᠤᠨ ᠶᠠᠮᠤᠨ ᠤ ᠠᠵᠢᠯᠲᠠᠨ ᠴᠠᠩ ᠪᠢᠨ ︽ᠬᠤᠶᠠᠷ ᠵᠦᠢᠯ ᠤᠨ ᠨᠥᠬᠦᠪᠦᠷᠢ︾ ᠶᠢᠨ

ᠲᠣᠭᠤᠷᠢᠨ ᠳᠤ ᠲᠤᠬᠠᠶᠢᠯᠠᠭᠰᠠᠨ ᠠᠵᠢᠯ ᠤᠨ ᠨᠠᠷᠢᠨ ᠲᠠᠶᠢᠯᠪᠤᠷᠢᠯᠠᠯᠲᠠ ᠬᠢᠵᠦ᠂ ᠨᠥᠬᠦᠪᠦᠷᠢ ᠣᠯᠭᠤᠬᠤ ᠡᠲᠡᠭᠡᠳ᠂

ᠨᠥᠬᠦᠪᠦᠷᠢ ᠣᠯᠭᠤᠬᠤ ᠪᠠᠷᠢᠮᠵᠢᠶ᠎ᠠ᠂ ᠨᠥᠬᠦᠪᠦᠷᠢ ᠭᠤᠶᠤᠴᠢᠯᠠᠬᠤ ᠶᠠᠪᠤᠴᠠ ᠵᠢᠴᠢ ᠨᠥᠬᠦᠪᠦᠷᠢ ᠣᠯᠭᠤᠬᠤ ᠬᠡᠯᠪᠡᠷᠢ

ᠵᠡᠷᠭᠡ ᠭᠤᠣᠯᠳᠠᠯᠭ᠎ᠠ  ᠲᠠᠢ ᠠᠭᠤᠯᠭ᠎ᠠ  ᠶᠢ ᠳᠥᠭᠦᠮ ᠣᠶᠢᠯᠠᠭᠠᠮᠵᠢᠲᠠᠢ ᠲᠠᠶᠢᠯᠪᠤᠷᠢᠯᠠᠬᠤ ᠪᠠᠷ ᠪᠠᠷᠠᠬᠤ ᠦᠭᠡᠢ᠂ ᠪᠠᠰᠠ

︽ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠬᠦᠨᠳᠦ ᠵᠡᠮᠳᠡᠭᠴᠦᠳ ᠤᠨ ᠰᠤᠪᠢᠯᠠᠯᠲᠠ ᠶᠢᠨ

ᠨᠥᠬᠦᠪᠦᠷᠢ ᠶᠢᠨ ᠳᠦᠷᠢᠮ ᠢ ᠪᠥᠬᠦ ᠲᠠᠯ᠎ᠠ ᠪᠠᠷ ᠪᠠᠶᠢᠭᠤᠯᠬᠤ ᠲᠤᠬᠠᠢ ᠰᠠᠨᠠᠯ︾ ︵ᠲᠥᠷᠥ ᠲᠠᠷᠬᠠᠭᠠᠭᠰᠠᠨ ﹇2015﹈

52 ᠳ᠋ᠤᠭᠠᠷ ᠲᠣᠭᠠᠲᠤ︶᠂ ︽ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠬᠦᠨᠳᠦ

ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠳᠦᠷᠢᠮ ᠢ ᠪᠥᠬᠦ ᠲᠠᠯ᠎ᠠ ᠪᠠᠷ ᠪᠠᠶᠢᠭᠤᠯᠬᠤ ᠲᠤᠬᠠᠢ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵

ᠥᠪᠥᠷ ᠵᠠᠰᠠᠭ ᠲᠠᠷᠬᠠᠭᠠᠭᠰᠠᠨ ﹇2015﹈ 135 ᠳ᠋ᠤᠭᠠᠷ ᠲᠣᠭᠠᠲᠤ︶ ᠵᠡᠷᠭᠡ ᠬᠠᠮᠢᠶ᠎ᠠ ᠪᠦᠬᠦᠢ ᠲᠥᠷᠥ ᠶᠢᠨ

ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠭᠦᠨᠵᠡᠭᠡᠢ ᠲᠠᠶᠢᠯᠪᠤᠷᠢᠯᠠᠪᠠ᠃ ᠪᠥᠬᠦ ᠺᠠᠳ᠋ᠷ ᠠᠵᠢᠯᠲᠠᠨ ᠠᠵᠢᠯᠴᠢᠨ ᠳᠤ

ᠬᠤᠶᠠᠷ ᠵᠦᠢᠯ ᠤᠨ ᠨᠥᠬᠦᠪᠦᠷᠢ ᠶᠢ ᠬᠢᠨᠠᠨ ᠬᠠᠷᠭᠤᠭᠤᠯᠬᠤ ᠠᠵᠢᠯ ᠤᠨ ᠲᠤᠬᠠᠢ ᠨᠠᠩ ᠪᠥᠬᠦ ᠲᠠᠯ᠎ᠠ ᠶᠢᠨ ᠲᠠᠨᠢᠯᠲᠠ ᠪᠠ

ᠣᠶᠢᠯᠠᠭᠠᠯᠲᠠ ᠲᠠᠢ ᠪᠣᠯᠭᠠᠵᠠᠢ᠃ᠬᠠᠷᠢᠯᠴᠠᠨ ᠬᠥᠳᠡᠯᠦᠯᠴᠡᠬᠦ ᠶᠠᠪᠤᠴᠠ ᠳᠤ᠂ ᠺᠠᠳ᠋ᠷ ᠠᠵᠢᠯᠲᠠᠨ ᠪᠠᠰᠠ ᠶᠠᠷᠢᠭᠰᠠᠨ

ᠠᠭᠤᠯᠭ᠎ᠠ ᠪᠠᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠲᠤᠷᠰᠢᠯᠭ᠎ᠠ ᠠᠷᠭ᠎ᠠ ᠪᠠᠨ ᠰᠣᠯᠢᠯᠴᠠᠵᠤ᠂ ᠣᠯᠣᠯᠲᠠ

ᠲᠥᠷᠥᠭᠳᠡᠯ ᠢᠶᠠᠨ ᠬᠤᠪᠢᠶᠠᠯᠴᠠᠵᠤ᠂ ᠬᠠᠷᠢᠯᠴᠠᠨ ᠰᠤᠷᠤᠯᠴᠠᠵᠦ ᠬᠠᠷᠢᠯᠴᠠᠨ ᠲᠣᠯᠢ ᠪᠣᠯᠭᠠᠬᠤ ᠳᠤᠮᠳᠠ ᠶᠠᠷᠢᠬᠤ ᠪᠠᠷ

ᠰᠤᠷᠤᠯᠴᠠᠬᠤ ᠶᠢ ᠠᠬᠢᠭᠤᠯᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠦᠷ᠎ᠡ ᠪᠦᠲᠦᠮᠵᠢ ᠣᠯᠪᠠ᠃

    ᠳᠠᠷᠠᠭᠠᠴᠢ ᠶᠢᠨ ᠠᠯᠬᠤᠮ ᠳᠤ᠂ ᠱᠢ ᠭᠤᠸᠠᠢ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ

ᠦᠷᠭᠦᠯᠵᠢᠯᠡᠨ ᠰᠤᠷᠲᠠᠯ ᠤᠨ ᠪᠠᠶᠢᠭᠤᠯᠤᠯᠲᠠ ᠶᠢᠨ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ

ᠴᠢᠩᠭᠠᠳᠬᠠᠬᠤ ᠪᠠᠷ ᠠᠵᠠ ᠲᠣᠬᠢᠶᠠᠯ ᠪᠣᠯᠭᠠᠵᠤ᠂ ︽ᠺᠠᠳ᠋ᠷ ᠠᠵᠢᠯᠲᠠᠨ ᠠᠵᠢᠯᠴᠢᠨ ᠤ ᠲᠤᠬᠠᠶᠢᠯᠠᠭᠰᠠᠨ ᠠᠵᠢᠯ ᠢ

ᠡᠷᠬᠢᠮᠯᠡᠬᠦ᠂ ᠲᠦᠷᠦ ᠶᠢᠨ ᠪᠣᠳᠣᠯᠭ᠎ᠠ ᠶᠢ ᠡᠷᠬᠢᠮᠯᠡᠬᠦ︾ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠡᠪ

ᠴᠢᠨᠠᠷ ᠢᠶᠠᠷ ᠥᠨᠳᠥᠷ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠢᠶᠠᠷ ᠴᠢᠩᠭ᠎ᠠ ᠪᠠᠶᠢᠬᠤ

ᠪᠦᠯᠬᠦᠮ ᠨᠡᠶᠢᠲᠡ ᠶᠢᠨ ᠵᠣᠷᠢᠭ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠶᠢᠨ ᠠᠵᠤ ᠠᠬᠤᠢ

ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠠᠴᠠ ᠵᠡᠮᠳᠡᠭᠴᠦᠳ ᠤᠨ ᠠᠵᠢᠯ ᠳᠤ ᠲᠠᠯᠪᠢᠭᠰᠠᠨ ᠰᠢᠨ᠎ᠡ

ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠪᠦᠬᠦ ᠣᠷᠣᠨ ᠤ ᠵᠡᠮᠳᠡᠭᠴᠦᠳ ᠤᠨ ᠦᠢᠯᠡᠰ ᠤᠨ ᠴᠢᠨᠠᠷ

ᠰᠠᠶᠢᠲᠠᠢ ᠬᠥᠭᠵᠢᠯᠲᠡ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠪᠠᠷ ᠵᠣᠷᠢᠭ ᠰᠢᠭᠤᠳᠴᠠᠢ᠃

 
ᠢᠷᠡᠯᠲᠡ᠄ ᠵᠡᠮᠳᠡᠭᠴᠦᠳ ᠤᠨ ᠬᠤᠯᠪᠣᠭ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号