ᠱᠢ ᠭᠤᠸᠠᠢ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠣᠪᠣᠭ᠎ᠠ ᠭᠤᠤ ᠳᠤ ᠬᠦᠷᠴᠦ ᠳᠠᠭᠠᠭᠠᠴᠢᠯᠠᠨ ᠬᠤᠯᠪᠣᠭᠠᠯᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/4/25
       2022 ᠣᠨ ᠤ 4 ᠰᠠᠷ᠎ᠠ ᠶᠢᠨ 15  ᠤ ᠡᠳᠦᠷ ᠱᠢ ᠭᠤᠸᠠᠢ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ ᠪᠦᠦ ᠯᠢᠶᠠᠨ ᠤ ᠨᠤᠪᠤ ᠭᠤᠤ ᠲᠣᠰᠬᠤᠨ ᠳᠤ ᠬᠦᠷᠴᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠣᠨᠴᠠ ᠵᠠᠷᠢᠮ ᠬᠦᠴᠢᠷᠳᠡᠯᠲᠡᠢ ᠤᠯᠠᠨ ᠲᠦᠮᠡᠨ ᠢ ᠡᠷᠦᠭᠡ ᠪᠠᠷ ᠶᠠᠪᠤᠭᠤᠯᠵᠠᠢ᠃      ᠲᠡᠳᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠤᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠳᠠᠷᠠᠭᠠᠴᠢ ᠶᠢᠨ ᠠᠯᠬᠤᠮ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠬᠦ ᠳᠤ ᠪᠡᠯᠡᠳᠬᠡᠯ ᠬᠢᠨ᠎ᠡ᠃      ᠲᠠᠷᠠᠭ᠎ᠠ ᠨᠢ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠨᠠᠮ ᠤᠨ ᠡᠭᠦᠷ ᠤᠨ ᠨᠠᠮ ᠤᠨ ᠭᠡᠰᠢᠭᠦᠨ ᠣᠪᠣᠭ᠎ᠠ ᠲᠣᠰᠬᠤᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠣᠨ ᠬᠠᠤᠯᠢ ᠳᠦᠷᠢᠮ ᠤᠨ ᠵᠠᠬᠢᠳᠠᠯ ᠰᠣᠷᠪᠤᠯᠵᠢᠯᠠᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠤᠯᠠᠨ ᠲᠦᠮᠡᠨ ᠳᠤ ᠡᠯ᠎ᠡ ᠲᠦᠷᠦᠯ ᠤᠨ ᠤᠬᠠᠭᠤᠯᠭ᠎ᠠ ᠶᠢᠨ ᠬᠠᠭᠤᠳᠠᠰᠤ ᠪᠣᠯᠣᠨ ᠤᠬᠠᠭᠤᠯᠭ᠎ᠠ ᠶᠢᠨ ᠮᠠᠲᠧᠷᠢᠶᠠᠯ ᠲᠠᠷᠬᠠᠭᠠᠵᠤ᠂︽ᠵᠠᠬᠢᠳᠠᠯ ᠰᠣᠷᠪᠤᠯᠵᠢᠯᠠᠭ᠎ᠠ ᠬᠢᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠬᠡᠷᠬᠢᠨ ᠬᠠᠮᠠᠭᠠᠯᠠᠬᠤ︾ᠪᠠ︽ᠵᠠᠬᠢᠳᠠᠯ ᠰᠣᠷᠪᠤᠯᠵᠢᠯᠠᠭ᠎ᠠ ᠶᠢᠨ ᠠᠵᠢᠯᠯᠠᠭ᠎ᠠ ᠶᠢ ᠵᠢᠷᠤᠮᠵᠢᠭᠤᠯᠬᠤ︾ᠵᠡᠷᠭᠡ ᠬᠠᠮᠢᠶ᠎ᠠ ᠪᠦᠬᠦᠢ ᠮᠡᠳᠡᠯᠭᠡ ᠶᠢ ᠤᠬᠠᠭᠤᠯᠪᠠ᠃ᠲᠤᠬᠠᠢ ᠶᠢᠨ ᠭᠠᠵᠠᠷ ᠲᠤᠨᠢ ᠣᠯᠠᠨ ᠲᠦᠮᠡᠨ ᠤ ᠤᠬᠠᠭᠤᠯᠭ᠎ᠠ ᠶᠢᠨ ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠭᠠᠴᠠᠭᠠᠨ ᠤ ᠬᠤᠶᠠᠷ ᠵᠥᠪᠯᠡᠯ ᠤᠨ ᠪᠦᠷᠢᠯᠳᠦᠭᠦᠨ ᠲᠠᠢ ᠬᠠᠮᠲᠤ ᠪᠠᠷ ᠣᠪᠣᠭ᠎ᠠ ᠭᠠᠴᠠᠭᠠᠨ ᠤ ᠵᠠᠷᠢᠮ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠠᠬᠢᠴᠠ ᠶᠢ ᠰᠤᠳᠤᠯᠵᠤ᠂ ᠣᠶᠢᠷ᠎ᠠ ᠶᠢᠨ ᠬᠤᠭᠤᠴᠠᠭᠠᠨ ᠳᠤ ᠲᠤᠰᠬᠠᠭᠰᠠᠨ ᠬᠠᠮᠲᠤᠯᠢᠭ ᠤᠨ ᠴᠢᠨᠠᠷᠲᠠᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠵᠦᠢ ᠵᠣᠬᠢᠰᠲᠠᠢ ᠪᠥᠭᠡᠳ ᠬᠠᠤᠯᠢ ᠶᠣᠰᠣᠨ ᠳᠤ ᠨᠡᠶᠢᠴᠡᠭᠦᠯᠦᠨ ᠲᠦᠷᠭᠡᠨ ᠰᠢᠢᠳᠪᠦᠷᠢᠯᠡᠬᠦ ᠶᠢ ᠰᠢᠪᠠᠳᠠᠪᠠ᠃
 
ᠢᠷᠡᠯᠲᠡ᠄ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号