ᠪᠤᠭᠤᠲᠤ ᠬᠤᠲᠠ ᠶᠢᠨ ᠪᠠᠳᠺᠠᠷ ᠵᠤᠤ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ  ᠰᠡᠳᠦᠪᠲᠦ ᠬᠤᠷᠠᠯ
ᠨᠡᠶᠢᠲᠡᠯᠡᠭᠰᠡᠨ ᠴᠠᠭ᠄
2022/4/25
     4 ᠰᠠᠷ᠎ᠠ ᠶᠢᠨ 12  ᠤᠨ ᠡᠳᠦᠷ᠂ ᠪᠤᠭᠤᠲᠤ ᠬᠤᠳᠠ ᠶᠢᠨ ᠤᠳᠠᠮᠵᠤᠤ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠵᠢᠶᠦ᠋ᠨ ᠵᠢᠷᠭᠤᠳᠤᠭᠠᠷ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠮᠢᠶᠠᠷᠤᠯᠲᠠ ᠶᠢᠨ ᠵᠥᠪᠯᠡᠯ ᠤᠨ ᠪᠦᠬᠦ ᠠᠵᠢᠯᠲᠠᠳ ᠲᠤᠰ ᠤᠳᠠᠭ᠎ᠠ ᠶᠢᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠵᠠᠩ ᠵᠢᠶᠦ᠋ᠨ ︽ᠠᠮᠢ ᠠᠬᠤᠢ   ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᡺ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ ᠮᠥᠨ ᠭᠡᠰᠡᠨ ᠰᠢ ᠶᠢᠨ ᠫᠢᠩ ᠮᠤᠵᠢ   ᠶᠢᠨ ᠶᠡᠷᠦᠩᠬᠡᠢ ᠱᠦᠵᠢ   ᠶᠢᠨ ᠴᠢᠬᠤᠯᠠ ᠶᠠᠷᠢᠶᠠᠨ ᠤ ᠠᠭᠤᠯᠭ᠎ᠠ︾ ᠶᠢ ᠤᠯᠠᠮᠵᠢᠯᠠᠨ ᠰᠤᠷᠤᠯᠴᠠᠵᠤ᠂ ︽ᠠᠶᠤᠯᠭᠦᠢ ᠦᠢᠯᠡᠳᠪᠦᠷᠢᠯᠡᠯ ᠤᠨ ᠲᠤᠬᠠᠢ ᠰᠢ ᠶᠢᠨ ᠫᠢᠩ ᠮᠤᠵᠢ   ᠶᠢᠨ ᠶᠡᠷᠦᠩᠬᠡᠢ ᠱᠦᠵᠢ   ᠶᠢᠨ ᠴᠢᠬᠤᠯᠠ ᠥᠭᠦᠯᠡᠯᠲᠡ   ᠶᠢ ᠬᠠᠮᠲᠤ ᠪᠠᠷ ᠳᠠᠪᠲᠠᠶ᠎ᠠ︾᠂ ︽ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ   ᠶᠢᠨ ᠨᠠᠮ ᠤᠨ ᠬᠤᠷᠢᠶᠠᠨ ᠤ ᠪᠠᠶᠢᠩᠭᠤ   ᠶᠢᠨ ᠭᠡᠰᠢᠭᠦᠳ ᠤᠨ 35 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ︾ ᠤᠨ ᠲᠤᠬᠠᠢ ᠮᠧᠩ ᠹᠠᠨ ᠯᠢ   ᠶᠢᠨ ᠶᠠᠷᠢᠶᠠᠨ ᠤ ᠵᠣᠷᠢᠭ ᠰᠠᠨᠠᠭ᠎ᠠ   ᠶᠢ ᠤᠯᠠᠮᠵᠢᠯᠠᠨ ᠰᠤᠷᠤᠯᠴᠠᠵᠠᠶ ᡽︽ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠥᠪᠥᠷ ᠮᠣᠩᠭᠤᠯ ᠤᠨ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠪᠣᠯᠣᠳ ᠲᠡᠮᠦᠷ ᠤᠨ ᠬᠤᠯᠪᠣᠭᠠᠲᠤ ᠺᠣᠮᠫᠠᠨᠢ ᠶᠢᠨ ᠬᠦᠬᠦᠷ ᠦᠭᠡᠶᠢᠳᠡᠭᠦᠯᠬᠦ ᠱᠡᠦ ᠦᠭᠡᠶᠢᠳᠡᠭᠦᠯᠬᠦ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠦᠯ ᠵᠦᠢᠯ︾314︽ᠦᠢᠯᠡᠳᠪᠦᠷᠢᠯᠡᠯ ᠤᠨ ᠴᠢᠨᠠᠷᠲᠠᠢ ᠭᠠᠯ ᠤᠨ ᠭᠠᠮᠰᠢᠭ ᠤᠨ ᠨᠡᠯᠢᠶᠡᠳ ᠶᠡᠭᠡ ᠠᠳᠡᠯ ᠤᠨ ᠪᠠᠶᠢᠳᠠᠯ ᠤᠨ ᠲᠤᠬᠠᠢ ᠮᠡᠳᠡᠭᠳᠡᠯ︾᠂︽ᠱᠢ ᠭᠤᠸᠠᠢ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ︾ᠵᠡᠷᠭᠡ ᠠᠶᠤᠯᠭᠦᠢ ᠦᠢᠯᠡᠳᠪᠦᠷᠢᠯᠡᠯ ᠤᠨ ᠠᠵᠢᠯ ᠤᠨ ᠠᠭᠤᠯᠭ᠎ᠠ ᠪᠣᠯᠣᠨ᠎ᠠ᠃     ᠵᠠᠩ ᠵᠢᠶᠦ᠋ᠨ ᠬᠤᠷᠠᠯ ᠳᠡᠭᠡᠷ᠎ᠡ᠂ ᠠᠶᠤᠯᠭᠦᠢ ᠦᠢᠯᠡᠳᠪᠦᠷᠢᠯᠡᠯ ᠤᠨ ᠠᠵᠢᠯ ᠲᠤᠶᠢᠯ ᠤᠨ ᠴᠢᠬᠤᠯᠠ ᠶᠤᠮ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ᠨᠢᠭᠡ ᠳᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠦᠵᠡᠮᠵᠢ ᠶᠢᠨ ᠣᠷᠣᠨ ᠤ ᠬᠢᠨ ᠵᠤᠭᠠᠴᠠᠭᠰᠠᠳ ᠤᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ᠂ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠠᠮᠤᠷ ᠲᠦᠪᠰᠢᠨ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠮᠤᠷ ᠲᠦᠪᠰᠢᠨ ᠢ ᠰᠠᠶᠢᠲᠤᠷ ᠬᠢᠬᠦ ᠬᠡᠷᠡᠭᠲᠡᠢ᠃ᠬᠤᠶᠠᠷ ᠲᠤ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠨᠢ ᠬᠢᠨᠠᠨ ᠬᠠᠮᠢᠶᠠᠷᠬᠤ ᠨᠢᠭᠡᠴᠡ ᠪᠣᠯᠤᠭᠰᠠᠨ ᠤ ᠬᠤᠪᠢ ᠳᠤ ᠬᠢᠨᠠᠨ ᠬᠠᠮᠢᠶᠠᠷᠬᠤ ᠵᠢᠭᠤᠯᠴᠢᠯᠠᠯ ᠤᠨ ᠺᠣᠮᠫᠠᠨᠢ ᠶᠢᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠬᠢᠨᠠᠨ ᠬᠠᠮᠢᠶᠠᠷᠬᠤ ᠵᠢᠭᠤᠯᠴᠢᠯᠠᠯ ᠤᠨ ᠺᠣᠮᠫᠠᠨᠢ ᠶᠢᠨ ᠰᠢᠯᠭᠠᠨ ᠬᠢᠨᠠᠬᠤ ᠳᠦᠷᠢᠮ ᠢ ᠲᠦᠷᠭᠡᠳᠬᠡᠨ ᠭᠠᠷᠭᠠᠵᠤ᠂ ᠦᠵᠡᠮᠵᠢ ᠶᠢᠨ ᠣᠷᠣᠨ ᠤ ᠵᠢᠭᠤᠯᠴᠢᠯᠠᠯ ᠤᠨ ᠺᠣᠮᠫᠠᠨᠢ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠢᠯᠭᠠᠨ ᠦᠨᠡᠯᠡᠬᠦ ᠠᠭᠤᠯᠭ᠎ᠠ ᠳᠤ ᠣᠷᠣᠭᠤᠯᠬᠤ ᠬᠡᠷᠡᠭᠲᠡᠢ᠃ᠭᠤᠷᠪᠠ ᠳᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠤᠳᠠᠭ᠎ᠠ ᠪᠦᠷᠢ ᠶᠢᠨ ᠠᠶᠤᠯᠭᠦᠢ ᠦᠢᠯᠡᠳᠪᠦᠷᠢᠯᠡᠯ ᠤᠨ ᠲᠣᠭᠲᠠᠮᠠᠯ ᠬᠤᠷᠠᠯ ᠳᠤ︽ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢ ᠰᠤᠷᠤᠯᠴᠠᠬᠤ ᠠᠭᠤᠯᠭ᠎ᠠ ᠳᠤ ᠣᠷᠣᠭᠤᠯᠬᠤ ᠬᠡᠷᠡᠭᠲᠡᠢ᠃ᠬᠤᠷᠠᠯ ᠳᠡᠭᠡᠷ᠎ᠡ ᠪᠠᠰᠠ ︽ᠱᠢ ᠭᠤᠸᠠᠢ ᠲᠣᠭᠤᠷᠢᠭ ᠤᠨ ᠰᠢᠨ ᠭᠤᠸᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ︾ ᠶᠢ ᠤᠯᠠᠮᠵᠢᠯᠠᠪᠠ᠃ᠵᠠᠩ ᠵᠢᠶᠦ᠋ᠨ ᠵᠢᠭᠠᠵᠤ ᠭᠠᠷᠭᠠᠭᠰᠠᠨ ᠨᠢ᠂ ᠣᠳᠣᠬᠢ ᠱᠠᠲᠤᠨ ᠤ ᠬᠢᠵᠢᠭ ᠤᠨ ᠪᠠᠶᠢᠳᠠᠯ ᠪᠠᠰᠠ ᠨᠡᠯᠢᠶᠡᠳ ᠬᠦᠨᠳᠦ ᠨᠣᠴᠢᠲᠠᠢ ᠪᠠᠶᠢᠵᠤ᠂ ᠬᠢᠵᠢᠭ ᠤᠨ ᠪᠠᠶᠢᠳᠠᠯ ᠨᠢ ᠦᠵᠡᠮᠵᠢ ᠶᠢᠨ ᠣᠷᠣᠨ ᠤ ᠡᠯ᠎ᠡ ᠲᠠᠯ᠎ᠠ᠂ ᠡᠯ᠎ᠡ ᠭᠤᠭᠴᠤᠭ᠎ᠠ᠂ ᠡᠯ᠎ᠡ ᠰᠠᠯᠠᠭ᠎ᠠ ᠮᠥᠴᠢᠷ ᠲᠤ ᠴᠥᠮ ᠬᠦᠨᠳᠦ ᠨᠣᠴᠢᠲᠠᠢ ᠨᠥᠯᠥᠭᠡ ᠦᠵᠡᠭᠦᠯᠵᠦ ᠪᠠᠶᠢᠭ᠎ᠠ ᠪᠣᠯᠬᠤᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠣᠨᠴᠠᠭᠠᠶᠢᠯᠠᠨ ᠴᠢᠬᠤᠯᠠᠴᠢᠯᠠᠬᠤ ᠬᠡᠷᠡᠭᠲᠡᠢ᠃ᠦᠵᠡᠮᠵᠢ ᠶᠢᠨ ᠣᠷᠣᠨ ᠤ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢᠨ ᠬᠥᠭᠵᠢᠯᠲᠡ ᠶᠢᠨ ᠠᠵᠢᠯ ᠢ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠨᠠᠶᠢᠳᠠᠪᠤᠷᠢᠵᠢᠭᠤᠯᠵᠤ᠂︽ᠬᠤᠶᠠᠷ ᠲᠠᠯ᠎ᠠ ᠪᠠᠷ ᠠᠳᠬᠤᠵᠤ᠂ ᠬᠤᠶᠠᠷ ᠢ ᠰᠠᠭᠠᠲᠠᠭᠠᠬᠤ ᠦᠭᠡᠢ︾᠂ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠪᠣᠳᠠᠲᠠᠢ ᠪᠥᠭᠡᠳ ᠨᠠᠷᠢᠯᠢᠭ ᠠᠳᠬᠤᠵᠤ᠂ ᠪᠦᠬᠦ ᠣᠷᠣᠨ ᠤ ᠴᠢᠨᠠᠷ ᠰᠠᠶᠢᠲᠠᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠳᠤ ᠠᠮᠤᠷ ᠲᠦᠪᠰᠢᠨ ᠲᠣᠭᠲᠠᠭᠤᠨ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ᠃

 
ᠢᠷᠡᠯᠲᠡ᠄ ᠪᠠᠳᠺᠠᠷ ᠵᠤᠤ ᠶᠢᠨ ᠦᠵᠡᠮᠵᠢ ᠶᠢᠨ ᠣᠷᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号