ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠬᠤ ᠪᠠᠷ ᠮᠡᠳᠡᠭᠦᠯᠬᠦ ᠵᠢᠴᠢ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠠᠵᠢᠯ ᠢ  ᠠᠬᠢᠭᠤᠯᠪᠠ
ᠨᠡᠶᠢᠲᠡᠯᠡᠭᠰᠡᠨ ᠴᠠᠭ᠄
2022/4/25
       ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠪᠣᠯᠣᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠬᠥᠭᠵᠢᠯᠲᠡ ᠪᠤᠵᠠᠭᠠᠶᠢᠷᠠᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 4 ᠳ᠋ᠦᠭᠡᠷ ᠰᠠᠷ᠎ᠠ ᠶᠢᠨ 14 ᠤ ᠡᠳᠦᠷ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠭᠤᠸᠠᠩ ᠪᠦᠯᠬᠦᠮ ᠳᠠᠭᠠᠭᠤᠯᠤᠨ ᠪᠤᠭᠤᠲᠤ ᠬᠤᠲᠠ ᠶᠢᠨ ᠨᠣᠯᠤᠥᠷ ᠤᠨ ᠮᠡᠳᠡᠭᠡ ᠵᠠᠩᠭᠢ ᠶᠢᠨ ᠨᠣᠯᠤᠥᠷ ᠤᠨ ᠨᠡᠬᠡᠮᠡᠯ ᠤᠨ ᠬᠢᠵᠠᠭᠠᠷᠲᠤ ᠺᠣᠮᠫᠠᠨᠢ᠂ ᠯᠦᠩ ᠹᠧᠩ ᠢᠳᠡᠭᠡᠨ ᠤ ᠰᠤᠳᠤᠯᠤᠨ ᠨᠡᠭᠡᠭᠡᠬᠦ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠬᠥᠮᠥᠷᠭᠡ ᠳᠤ ᠣᠷᠣᠭᠤᠯᠬᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠬᠤ ᠪᠠᠷ ᠭᠤᠶᠤᠴᠢᠯᠠᠬᠤ ᠵᠢᠴᠢ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠬᠥᠭᠵᠢᠭᠦᠯᠬᠦ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠬᠤ ᠬᠤᠷᠠᠯ ᠬᠢᠵᠡᠢ᠃

      ᠶᠠᠷᠢᠯᠴᠠᠬᠤ ᠬᠤᠷᠠᠯ ᠳᠡᠭᠡᠷ᠎ᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠢᠳᠡᠪᠬᠢᠲᠡᠢ ᠪᠠᠷ

ᠰᠣᠯᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠡᠳ᠋ ᠤᠨ ᠶᠠᠪᠤᠳᠠᠯ ᠤᠨ

ᠪᠠᠶᠢᠳᠠᠯ᠂ ᠲᠤᠰᠬᠠᠢ ᠠᠰᠢᠭ ᠤᠨ ᠭᠤᠶᠤᠴᠢᠯᠠᠯ᠂ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠪᠠ ᠰᠢᠨᠵᠢᠯᠡᠬᠦ

ᠤᠬᠠᠭᠠᠨ ᠮᠡᠷᠭᠡᠵᠢᠯ ᠤᠨ ᠠᠵᠢᠯᠲᠠᠨ ᠤ ᠡᠵᠡᠯᠡᠬᠦ ᠬᠠᠷᠢᠴᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠭᠦᠨ ᠤ ᠬᠠᠮᠲᠤ

ᠠᠵᠤ ᠠᠬᠤᠶᠢᠯᠠᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ᠂ ᠳᠡᠭᠡᠳᠦ ᠰᠢᠨ᠎ᠡ

ᠮᠡᠷᠭᠡᠵᠢᠯ ᠤᠨ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠪᠠ ᠰᠤᠳᠤᠯᠤᠨ ᠨᠡᠭᠡᠭᠡᠬᠦ

ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠲᠦᠷᠦ ᠶᠢᠨ ᠪᠣᠳᠣᠯᠭ᠎ᠠ᠂ ᠡᠯᠧᠺᠲᠷᠣᠨ ᠬᠤᠳᠠᠯᠳᠤᠭᠠᠨ ᠤ ᠠᠵᠤ

ᠠᠬᠤᠶᠢᠯᠠᠯ ᠢ ᠪᠣᠶᠢᠵᠢᠭᠤᠯᠤᠨ ᠲᠡᠳᠬᠦᠬᠦ ᠲᠦᠷᠦ ᠶᠢᠨ ᠪᠣᠳᠣᠯᠭ᠎ᠠ ᠵᠡᠷᠭᠡ ᠶᠢ ᠲᠠᠶᠢᠯᠪᠤᠷᠢᠯᠠᠵᠤ᠂ ᠠᠵᠤ ᠠᠬᠤᠶᠢᠯᠠᠯ ᠤᠨ

ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠬᠦ ᠪᠠ ᠳᠡᠭᠡᠳᠦ ᠰᠢᠨ᠎ᠡ ᠮᠡᠷᠭᠡᠵᠢᠯ ᠤᠨ ᠠᠵᠤ

ᠠᠬᠤᠶᠢᠯᠠᠯ ᠳᠤ ᠭᠤᠶᠤᠴᠢᠯᠠᠨ ᠮᠡᠳᠡᠭᠦᠯᠬᠦ ᠢᠳᠡᠪᠬᠢᠵᠢᠯ ᠢ ᠬᠥᠭᠵᠢᠭᠡᠪᠡ᠃ᠬᠤᠷᠠᠯ ᠳᠡᠭᠡᠷ᠎ᠡ ᠯᠦᠩ ᠹᠧᠩ ᠤᠨ

ᠢᠳᠡᠭᠡᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ᠂ ᠡᠵᠡᠩᠨᠡᠯᠲᠡ ᠶᠢᠨ ᠵᠠᠭᠪᠤᠷ ᠵᠡᠷᠭᠡ

ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠤ᠂ ᠠᠵᠤ ᠠᠬᠤᠶᠢᠯᠠᠯ ᠤᠨ ᠡᠯᠧᠺᠲᠷᠣᠨ ᠬᠤᠳᠠᠯᠳᠤᠭ᠎ᠠ ᠶᠢ

ᠬᠥᠭᠵᠢᠭᠦᠯᠬᠦ ᠲᠥᠯᠦᠪᠵᠢᠭᠦᠯᠭᠡ ᠶᠢ ᠨᠠᠷᠢᠨ ᠣᠶᠢᠯᠠᠭᠠᠪᠠ᠂ ᠲᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ

ᠲᠡᠳᠬᠦᠨ ᠳᠡᠮᠵᠢᠬᠦ ᠪᠠ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯᠧᠺᠲᠷᠣᠨ ᠬᠤᠳᠠᠯᠳᠤᠭ᠎ᠠ ᠶᠢᠨ ᠠᠵᠤ

ᠠᠬᠤᠶᠢᠯᠠᠯ ᠤᠨ ᠬᠥᠭᠵᠢᠯᠲᠡ ᠳᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃

     ᠬᠤᠶᠢᠰᠢᠳᠠ ᠮᠠᠨ ᠤ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ

ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ

ᠠᠬᠤᠶᠢᠯᠠᠯ ᠢ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠳᠤᠮᠳᠠ ᠵᠢᠵᠢᠭ ᠠᠵᠤ ᠠᠬᠤᠶᠢᠯᠠᠯ ᠢ

ᠵᠢᠯᠣᠭᠤᠳᠤᠨ ᠲᠠᠨᠢᠯᠴᠠᠭᠤᠯᠵᠤ ᠬᠥᠮᠥᠷᠭᠡ ᠳᠤ ᠣᠷᠣᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ

ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠰᠢᠨᠵᠢᠯᠡᠬᠦ

ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ

ᠠᠬᠤᠶᠢᠯᠠᠯ ᠤᠨ ᠬᠠᠮᠲᠤᠯᠢᠭ ᠢ ᠪᠤᠵᠠᠭᠠᠶᠢᠷᠠᠭᠤᠯᠤᠨ᠎ᠠ᠃ᠡᠭᠦᠨ ᠤ ᠬᠠᠮᠲᠤ ᠱᠢ ᠭᠤᠸᠠᠢ ᠲᠣᠭᠤᠷᠢᠭ ᠤᠨ ᠡᠯᠧᠺᠲᠷᠣᠨ

ᠬᠤᠳᠠᠯᠳᠤᠭᠠᠨ ᠤ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠦᠷᠭᠦᠯᠵᠢᠯᠡᠨ ᠠᠬᠢᠭᠤᠯᠵᠤ᠂ ᠡᠯᠧᠺᠲᠷᠣᠨ

ᠬᠤᠳᠠᠯᠳᠤᠭᠠᠨ ᠤ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠵᠤ᠂ ᠣᠷᠣᠨ ᠪᠦᠰᠡ ᠶᠢᠨ ᠠᠵᠤ

ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠭᠤᠣᠯᠯᠠᠬᠤ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ

ᠳᠡᠭᠡᠭᠰᠢᠯᠡᠭᠦᠯᠦᠨ᠎ᠡ᠃ᠶᠠᠷᠢᠯᠴᠠᠬᠤ ᠬᠤᠷᠠᠯ ᠳᠡᠭᠡᠷ᠎ᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠢᠳᠡᠪᠬᠢᠲᠡᠢ ᠪᠠᠷ

ᠳᠡᠭᠡᠭᠰᠢᠯᠡᠭᠦᠯᠦᠨ᠎ᠡ᠃

ᠢᠷᠡᠯᠲᠡ᠄ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠦᠨ ᠲᠣᠪᠴᠢᠶ᠎ᠠ
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号