ᠱᠢ ᠭᠤᠸᠠᠢ ᠲᠣᠭᠤᠷᠢᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠢᠰᠲ᠋ᠧᠮ ᠤᠨ ︽ᠰᠤᠷᠲᠠᠯ ᠤᠨ ᠪᠠᠶᠢᠭᠤᠯᠤᠯᠲᠠ  ᠶᠢ ᠴᠢᠩᠭᠠᠳᠬᠠᠬᠤ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ︾ ᠶᠢᠨ ᠳᠠᠶᠢᠴᠢᠯᠠᠯᠲᠠ ᠪᠠᠶᠢᠷᠢᠯᠠᠭᠤᠯᠤᠯᠲᠠ  ᠶᠢᠨ ᠬᠤᠷᠠᠯ
ᠨᠡᠶᠢᠲᠡᠯᠡᠭᠰᠡᠨ ᠴᠠᠭ᠄
2022/4/25
        4 ᠰᠠᠷ᠎ᠠ ᠶᠢᠨ 15 ᠤ ᠡᠳᠦᠷ᠂ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠢᠰᠲ᠋ᠧᠮ ᠤᠨ ︽ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ︾ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠪᠠᠶᠢᠭᠤᠯᠤᠯᠭ᠎ᠠ ᠶᠢᠨ ᠺᠠᠳ᠋ᠷ᠂ ᠣᠷᠣᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠪᠠᠭ ᠵᠢᠴᠢ ᠳᠤᠮᠳᠠ ᠳᠠᠪᠬᠤᠷᠭ᠎ᠠ ᠶᠢᠨ ᠬᠠᠮᠢᠶᠠᠷᠤᠯᠲᠠ ᠶᠢᠨ ᠠᠵᠢᠯᠲᠠᠨ ᠬᠤᠷᠠᠯ ᠳᠤ ᠣᠷᠣᠯᠴᠠᠵᠤ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠤᠷᠢᠯᠭ᠎ᠠ ᠪᠠᠷ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ︽ᠰᠤᠷᠲᠠᠯ ᠤᠨ ᠪᠠᠶᠢᠭᠤᠯᠤᠯᠲᠠ   ᠶᠢ ᠴᠢᠩᠭᠠᠳᠬᠠᠬᠤ ᠲᠤᠬᠠᠢ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ   ᠶᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠦᠢᠯᠡᠳᠦᠯᠭᠡ   ᠶᠢᠨ ᠠᠵᠢᠯᠯᠠᠭ᠎ᠠ   ᠶᠢ ᠥᠷᠨᠢᠭᠦᠯᠬᠦ ᠲᠤᠬᠠᠢ ᠨᠠᠷᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ   ᠶᠢᠨ ᠬᠢᠨᠠᠯᠲᠠ ᠬᠠᠮᠢᠶᠠᠷᠤᠯᠲᠠ   ᠶᠢᠨ ᠵᠥᠪᠯᠡᠯ ᠤᠨ ᠭᠤᠣᠯ ᠤᠳᠤᠷᠢᠳᠤᠯᠭ᠎ᠠ ᠢᠳᠡᠪᠬᠢᠲᠡᠢ ᠳᠠᠶᠢᠴᠢᠯᠠᠯᠲᠠ   ᠶᠢᠨ ᠶᠠᠷᠢᠶ᠎ᠠ ᠲᠠᠯᠪᠢᠬᠤ   ᠶᠢᠨ ᠬᠠᠮᠲᠤ ᠪᠣᠳᠠᠲᠠᠢ ᠱᠠᠭᠠᠷᠳᠠᠯᠭ᠎ᠠ ᠳᠤᠷᠠᠳᠴᠠᠢ᠃

ᠬᠤᠷᠠᠯ ᠠᠴᠠ ᠱᠠᠭᠠᠷᠳᠠᠭᠰᠠᠨ ᠨᠢ᠄ ᠨᠢᠭᠡ ᠳᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ

᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃︽ᠰᠤᠷᠲᠠᠯ ᠤᠨ ᠪᠠᠶᠢᠭᠤᠯᠤᠯᠲᠠ ᠶᠢᠨ ᠰᠤᠷᠤᠯᠴᠠᠯᠭ᠎ᠠ

ᠦᠢᠯᠡᠳᠦᠯᠭᠡ ᠶᠢ ᠴᠢᠩᠭᠠᠳᠬᠠᠬᠤ︾ ᠠᠵᠢᠯᠯᠠᠭ᠎ᠠ ᠶᠢ ᠣᠳᠣᠬᠠᠨ ᠤ ᠨᠢᠭᠡᠨ ᠴᠢᠬᠤᠯᠠ ᠡᠭᠦᠷᠭᠡ ᠪᠣᠯᠭᠠᠵᠤ᠂ ᠰᠤᠷᠲᠠᠯ ᠤᠨ

ᠪᠠᠶᠢᠭᠤᠯᠤᠯᠲᠠ ᠶᠢ ᠴᠢᠩᠭᠠᠳᠬᠠᠬᠤ ᠶᠢᠨ ᠲᠤᠯᠭᠠᠮ᠎ᠠ ᠱᠠᠭᠠᠷᠳᠠᠯᠭ᠎ᠠ ᠶᠢ ᠭᠦᠨᠵᠡᠭᠡᠢ ᠲᠠᠨᠢᠬᠤ ᠬᠡᠷᠡᠭᠲᠡᠢ᠃ᠭᠤᠣᠯ

ᠤᠳᠤᠷᠢᠳᠤᠯᠭ᠎ᠠ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ᠂ ᠭᠤᠣᠯᠳᠠᠯᠭ᠎ᠠ ᠶᠢ ᠡᠵᠡᠮᠳᠡᠨ ᠡᠭᠦᠷᠭᠡ

ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠠᠬᠢᠭᠤᠯᠵᠤ᠂

ᠠᠵᠢᠯᠯᠠᠭ᠎ᠠ ᠶᠢᠨ ᠠᠴᠢᠶᠠᠯᠠᠪᠤᠷᠢ ᠶᠢ ᠰᠢᠨ᠎ᠡ ᠪᠠᠷ ᠡᠭᠦᠳᠴᠦ᠂ ᠬᠡᠯᠪᠡᠷᠢ ᠬᠡᠯᠪᠡᠷᠢ ᠶᠢ ᠠᠮᠢᠳᠤᠯᠢᠭ ᠪᠣᠯᠭᠠᠵᠤ᠂ ᠠᠵᠢᠯ ᠢ

ᠠᠳᠬᠤᠬᠤ᠂ ᠰᠤᠷᠲᠠᠯ ᠢ ᠠᠳᠬᠤᠬᠤ︽ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ︾ ᠶᠢ ᠪᠡᠶᠡᠯᠡᠭᠦᠯᠵᠦ᠂

ᠰᠤᠷᠲᠠᠯ ᠢ ᠰᠠᠶᠢᠵᠢᠷᠠᠭᠤᠯᠤᠨ ᠰᠤᠷᠲᠠᠯ ᠢ ᠬᠤᠪᠢᠷᠠᠭᠤᠯᠬᠤ ᠶᠢ ᠤᠭ ᠰᠠᠨᠠᠭ᠎ᠠ ᠪᠠᠨ ᠦᠢᠯᠡᠳᠦᠯᠭᠡᠵᠢᠭᠦᠯᠵᠦ ᠡᠭᠦᠷᠭᠡ

ᠬᠠᠷᠢᠭᠤᠴᠠᠯᠭ᠎ᠠ ᠪᠠᠨ ᠡᠭᠦᠷᠭᠡᠯᠡᠬᠦ ᠶᠢᠨ ᠬᠦᠴᠦᠲᠡᠢ ᠭᠠᠷᠳᠠᠴᠠ ᠪᠣᠯᠭᠠᠵᠤ᠂ ᠠᠵᠢᠯᠯᠠᠭ᠎ᠠ ᠶᠢᠨ ᠦᠷ᠎ᠡ ᠪᠦᠲᠦᠭᠡᠯ ᠢ ᠡᠯ᠎ᠡ

ᠵᠦᠢᠯ ᠤᠨ ᠠᠵᠢᠯ ᠤᠨ ᠦᠷ᠎ᠡ ᠪᠦᠲᠦᠮᠵᠢ ᠶᠢ ᠠᠬᠢᠭᠤᠯᠬᠤ ᠳᠡᠭᠡᠷ᠎ᠡ ᠦᠨᠡᠨ ᠬᠦ ᠢᠯᠡᠷᠡᠭᠦᠯᠬᠦ ᠬᠡᠷᠡᠭᠲᠡᠢ᠃ᠬᠤᠶᠠᠷ ᠲᠤ

ᠬᠢᠨᠠᠯᠲᠠ ᠲᠠᠯᠪᠢᠵᠤ ᠵᠢᠯᠤᠭᠤᠳᠬᠤ ᠪᠠᠨ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃

ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢᠨ ᠵᠢᠯᠤᠭᠤᠳᠬᠤ ᠳᠤᠭᠤᠶᠢᠯᠠᠩ ᠢ ᠪᠠᠶᠢᠭᠤᠯᠤᠨ ᠪᠦᠬᠦ ᠶᠠᠪᠤᠴᠠ ᠶᠢᠨ

ᠬᠢᠨᠠᠨ ᠵᠢᠯᠣᠭᠤᠳᠤᠯᠭ᠎ᠠ ᠶᠢ ᠰᠠᠶᠢᠲᠤᠷ ᠬᠢᠵᠦ᠂ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠨ᠂ ᠬᠡᠯᠪᠡᠷᠢᠯ ᠢ

ᠵᠠᠯᠠᠷᠠᠭᠤᠯᠤᠨ ᠴᠢᠭᠯᠡᠯ ᠢ ᠨᠢ ᠵᠥᠪ ᠪᠣᠯᠭᠠᠵᠤ᠂ ᠬᠡᠯᠪᠡᠷᠢ ᠶᠢᠨ ᠲᠡᠳᠦᠢ ᠶᠠᠪᠤᠬᠤ᠂ ᠶᠣᠰᠣᠨ ᠲᠡᠳᠦᠢ ᠥᠩᠭᠡᠷᠡᠭᠦᠯᠬᠦ ᠶᠢ

ᠴᠠᠭᠠᠵᠠᠯᠠᠨ᠎ᠠ᠃ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠵᠠᠭᠤᠴᠢᠯᠠᠭᠤᠷ ᠪᠠ ᠰᠦᠯᠵᠢᠶ᠎ᠡ᠂

ᠣᠬᠤᠷ ᠸᠢᠳᠢᠤ᠋ ᠵᠡᠷᠭᠡ ᠰᠢᠨ᠎ᠡ ᠵᠠᠭᠤᠴᠢᠯᠠᠭᠤᠷ ᠤᠨ ᠦᠢᠯᠡᠳᠦᠯ ᠢ ᠪᠠᠳᠠᠷᠠᠭᠤᠯᠵᠤ᠂ ᠨᠡᠶᠢᠲᠡᠯᠢᠭ ᠠᠷᠭ᠎ᠠ ᠬᠢᠳᠡᠯ ᠪᠠ

ᠠᠵᠢᠯ ᠤᠨ ᠦᠷ᠎ᠡ ᠪᠦᠲᠦᠮᠵᠢ ᠶᠢ ᠴᠠᠭ ᠲᠤᠬᠠᠢ ᠳᠤᠨᠢ ᠤᠬᠠᠭᠤᠯᠵᠤ᠂ ᠳᠡᠷᠭᠡᠳᠡᠬᠢ ᠲᠡᠷᠢᠭᠦᠨ ᠤ ᠨᠡᠶᠢᠲᠡᠯᠢᠭ ᠵᠢᠱᠢᠶ᠎ᠡ᠂

ᠲᠡᠷᠢᠭᠦᠨ ᠤ ᠦᠢᠯᠡ ᠠᠵᠢᠯᠯᠠᠭ᠎ᠠ ᠶᠢ ᠢᠯᠡᠷᠡᠭᠦᠯᠬᠦ ᠪᠠ ᠠᠭᠤᠳᠠᠯᠬᠤ ᠶᠢ ᠴᠢᠬᠤᠯᠠᠴᠢᠯᠠᠵᠤ᠂ ᠵᠥᠪ ᠴᠢᠭᠯᠡᠯ ᠢᠶᠠᠷ

ᠤᠷᠮᠠᠰᠢᠭᠤᠯᠬᠤ ᠪᠠᠷ ᠳᠠᠮᠵᠢᠭᠤᠯᠤᠨ᠂ ᠬᠦᠴᠦᠷᠬᠡᠭ ᠶᠡᠭᠡ ᠢᠳᠡᠪᠬᠢ ᠬᠦᠴᠦᠨ ᠢ ᠨᠢᠭᠲᠠᠷᠠᠭᠤᠯᠵᠤ᠂ ᠪᠦᠬᠦ ᠨᠠᠮ ᠤᠨ

ᠭᠡᠰᠢᠭᠦᠨ ᠺᠠᠳ᠋ᠷᠴᠤᠳ ᠤᠨ ᠴᠢᠳᠠᠪᠤᠷᠢ ᠪᠠᠨ ᠴᠢᠩᠭᠠᠳᠬᠠᠬᠤ᠂ ᠰᠤᠷᠲᠠᠯ ᠢᠶᠠᠨ ᠬᠤᠪᠢᠷᠠᠭᠤᠯᠬᠤ᠂ ᠪᠣᠳᠠᠲᠠᠢ

ᠠᠵᠢᠯᠯᠠᠬᠤ ᠶᠢ ᠴᠢᠬᠤᠯᠠᠴᠢᠯᠠᠬᠤ᠂ ᠬᠥᠭᠵᠢᠯᠲᠡ ᠶᠢ ᠠᠬᠢᠭᠤᠯᠬᠤ ᠶᠢ ᠬᠥᠲᠥᠯᠥᠨ ᠳᠠᠭᠠᠭᠤᠯᠵᠤ᠂ ᠰᠤᠷᠲᠠᠯ ᠴᠢᠬᠡᠴᠢ

ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠭᠠᠬᠤ ᠬᠡᠷᠡᠭᠲᠡᠢ᠃

ᠭᠤᠷᠪᠠ ᠳᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠦᠢᠯᠡᠳᠦᠯᠭᠡ ᠶᠢᠨ

ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ᠰᠤᠷᠤᠯᠴᠠᠬᠤ ᠶᠢᠨ ᠳᠠᠭᠠᠤ ᠳᠡᠭᠡᠭᠰᠢᠯᠡᠭᠦᠯᠬᠦ᠂

ᠦᠢᠯᠡᠳᠦᠯᠭᠡᠵᠢᠭᠦᠯᠬᠦ ᠶᠢᠨ ᠳᠠᠭᠠᠤ ᠳ᠋ᠦᠩᠨᠡᠬᠦ ᠶᠢ ᠪᠠᠷᠢᠮᠲᠠᠯᠠᠵᠤ᠂ ᠳᠦᠷᠢᠮ ᠲᠣᠭᠲᠠᠴᠠ ᠶᠢᠨ ᠰᠢᠨ᠎ᠡ ᠶᠢ ᠡᠭᠦᠳᠬᠦ ᠶᠢ

ᠢᠮᠠᠭᠲᠠ ᠲᠤᠤᠱᠯᠠᠭᠤᠯᠵᠤ᠂ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ ᠪᠥᠭᠡᠳ ᠬᠡᠷᠡᠭᠵᠢᠭᠦᠯᠬᠦ ᠴᠢᠨᠠᠷ ᠢᠶᠠᠷ ᠴᠢᠩᠭ᠎ᠠ

ᠳᠦᠷᠢᠮ ᠤᠨ ᠰᠢᠰᠲ᠋ᠧᠮ ᠢ ᠪᠦᠷᠢᠯᠳᠦᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠰᠤᠷᠤᠯᠴᠠᠨ ᠦᠢᠯᠡᠳᠦᠯᠭᠡᠵᠢᠭᠦᠯᠬᠦ

ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃

 
ᠢᠷᠡᠯᠲᠡ᠄ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号